6 ᠳ᠋ᠤᠭᠠᠷ ᠰᠠᠷ᠎ᠠ ᠶᠢᠨ 14 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠳᠤ ᠲᠤᠬᠠᠢ ᠶᠢᠨ | ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 14 ᠨᠡᠮᠡᠭᠳᠡᠪᠡ᠂ ᠡᠭᠦᠨ ᠳᠤ ᠤᠯᠠᠭᠠᠨᠬᠠᠳᠠ ᠬᠤᠲᠠ ᠳᠤ 3᠂ ᠰᠢᠯᠢ ᠶᠢᠨ ᠭᠤᠣᠯ ᠠᠶᠢᠮᠠᠭ ᠲᠤ 11 | ︵ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ ᠲᠣᠳᠤᠯᠠᠭᠰᠠᠨ ᠡᠪᠡᠳᠴᠢᠨ ᠤ ᠵᠢᠱᠢᠶ᠎ᠡ ᠪᠣᠯᠤᠭᠰᠠᠨ 8 ᠵᠢᠱᠢᠶ᠎ᠡ ᠪᠠᠭᠲᠠᠨ᠎ᠠ︶ ᠪᠣᠢ᠃ ᠲᠤᠬᠠᠢ ᠶᠢᠨ | ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 10 ᠨᠡᠮᠡᠭᠳᠡᠪᠡ᠂ ᠡᠭᠦᠨ ᠳᠤ ᠤᠯᠠᠭᠠᠨᠬᠠᠳᠠ ᠬᠤᠲᠠ ᠳᠤ 3᠂ ᠰᠢᠯᠢ ᠶᠢᠨ ᠭᠤᠣᠯ ᠠᠶᠢᠮᠠᠭ ᠲᠤ 7 | ᠪᠤᠢ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 3 ᠨᠡᠮᠡᠭᠳᠡᠪᠡ ︵ᠴᠦᠮ ᠨᠡᠶᠢᠰᠯᠡᠯ ᠤᠨ ᠣᠯᠠᠨ | ᠤᠯᠤᠰ ᠤᠨ ᠨᠢᠰᠭᠡᠯ ᠤᠨ ᠪᠠᠭᠤᠳᠠᠯ ᠤᠨ ᠬᠤᠪᠢᠶᠠᠷᠢᠯᠠᠯ ᠢᠶᠠᠷ ᠬᠦᠬᠡᠬᠤᠳᠠ ᠶᠢᠨ ᠴᠠᠭᠠᠨ ᠰᠤᠪᠤᠷᠭ᠎ᠠ ᠨᠢᠰᠭᠡᠯ ᠤᠨ ᠪᠠᠭᠤᠳᠠᠯ ᠳᠤ ᠪᠠᠭᠤᠪᠠ︶᠃ | 6 ᠳ᠋ᠤᠭᠠᠷ ᠰᠠᠷ᠎ᠠ ᠶᠢᠨ 14 ᠤ ᠡᠳᠦᠷ ᠤᠨ 24 ᠴᠠᠭ ᠪᠣᠯᠲᠠᠯ᠎ᠠ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠳᠤ ᠣᠳᠤ ᠲᠤᠬᠠᠢ ᠶᠢᠨ ᠭᠠᠵᠠᠷ ᠤᠨ | ᠲᠣᠳᠤᠯᠠᠭᠰᠠᠨ ᠡᠪᠡᠳᠴᠢᠨ ᠤ ᠵᠢᠱᠢᠶ᠎ᠡ 301 ᠪᠠᠶᠢᠵᠤ᠂ ᠡᠭᠦᠨ ᠳᠤ ᠲᠦᠩᠯᠢᠶᠣᠣ ᠬᠤᠲᠠ ᠳᠤ 2᠂ ᠤᠯᠠᠭᠠᠨᠬᠠᠳᠠ ᠬᠤᠲᠠ ᠳᠤ 63᠂ ᠰᠢᠯᠢ ᠶᠢᠨ ᠭᠤᠣᠯ | ᠠᠶᠢᠮᠠᠭ ᠲᠤ 236 ᠪᠤᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 257 ᠪᠠᠶᠢᠵᠤ᠂ ᠡᠭᠦᠨ ᠳᠤ ᠬᠦᠬᠡᠬᠤᠳᠠ ᠳᠤ 4᠂ | ᠲᠦᠩᠯᠢᠶᠣᠣ ᠬᠤᠲᠠ ᠳᠤ 2᠂ ᠤᠯᠠᠭᠠᠨᠬᠠᠳᠠ ᠬᠤᠲᠠ ᠳᠤ 6᠂ ᠰᠢᠯᠢ ᠶᠢᠨ ᠭᠤᠣᠯ ᠠᠶᠢᠮᠠᠭ ᠲᠤ 244᠂ ᠤᠯᠠᠭᠠᠨᠴᠠᠪ ᠬᠤᠲᠠ ᠳᠤ 1 ᠪᠤᠢ᠃ ᠬᠢᠯᠢ ᠶᠢᠨ | ᠭᠠᠳᠠᠨ᠎ᠠ ᠠᠴᠠ ᠣᠷᠤᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 3 ︵ᠴᠦᠮ ᠬᠦᠬᠡᠬᠤᠳᠠ ᠳᠤ︶ ᠪᠤᠢ᠃ ᠪᠦᠬᠦᠨ ᠢ ᠴᠡᠭ ᠲᠣᠭᠲᠠᠭᠠᠭᠰᠠᠨ | ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠦᠮ ᠲᠣᠭᠲᠠᠭᠰᠠᠨ ᠲᠠᠯᠠᠪᠤᠷ ᠲᠤ ᠲᠦᠪᠯᠡᠷᠡᠭᠦᠯᠦᠨ ᠲᠤᠰᠠᠭᠠᠷᠯᠠᠵᠤ | ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃ |