2022 ᠣᠨ ᠤ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠪᠠᠭᠤᠯᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2022/6/15
                 ᠦᠪᠣᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ                               ᠦᠪᠦᠷ ᠵᠠᠰᠠᠭ ᠲᠠᠷᠬᠠᠭᠠᠭᠰᠠᠨ ﹇2022﹈ 1 ᠳ᠋ᠦ᠋ᠭᠡᠷ ᠲᠣᠭᠠᠲᠤ        2022 ᠣᠨ ᠤ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ     ᠲᠥᠯᠥᠪᠯᠡᠭᠡ ᠶᠢ ᠪᠠᠭᠤᠯᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ      ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠤᠷᠤᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ︽2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ︾ ᠶᠢ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯᠳᠤᠭᠠᠨ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠪᠠᠭᠤᠯᠭᠠᠨ ᠶᠠᠪᠤᠭᠤᠯᠪᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠲᠦᠭᠡᠶ᠃                                                         2022 ᠣᠨ ᠤ 1 ᠳ᠋ᠦ᠋ᠭᠡᠷ ᠰᠠᠷ᠎ᠠ ᠶᠢᠨ 29 ᠤ ᠡᠳᠦᠷ                                                          ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ           2022 ᠣᠨ ᠳᠤ ᠨᠠᠮ ᠤᠨ ᠬᠤᠷᠢᠳᠤᠭᠠᠷ ᠶᠡᠭᠡ ᠬᠤᠷᠠᠯ ᠢ ᠬᠤᠷᠠᠯᠳᠣᠬᠤ ᠪᠣᠯᠣᠨ᠎ᠠ᠂ ᠡᠨᠡ ᠪᠣᠯ ᠨᠠᠮ ᠪᠠ ᠤᠯᠤᠰ ᠤᠨ ᠤᠯᠤᠰ ᠲᠦᠷᠦ ᠶᠢᠨ ᠠᠮᠢᠳᠤᠷᠠᠯ ᠳᠠᠬᠢ ᠶᠡᠭᠡ ᠶᠠᠪᠤᠳᠠᠯ ᠪᠣᠯᠬᠤᠷ᠂ ᠲᠣᠭᠲᠠᠭᠤᠨ ᠮᠥᠷᠲᠡᠭᠡᠨ ᠡᠷᠡᠭᠦᠯ ᠠᠵᠤ ᠠᠬᠤᠢ ᠶᠢᠨ ᠣᠷᠴᠢᠨ ᠲᠣᠭᠤᠷᠢᠨ᠂ ᠲᠦᠷᠦ ᠲᠦᠪᠰᠢᠨ ᠠᠷᠠᠳ ᠠᠮᠤᠭᠤᠯᠠᠩ ᠨᠡᠶᠢᠭᠡᠮ ᠤᠨ ᠣᠷᠴᠢᠨ ᠲᠣᠭᠤᠷᠢᠨ᠂ ᠣᠪᠣᠷ ᠰᠤᠷᠲᠠᠯ ᠲᠥᠪ ᠴᠢᠬᠡᠴᠢ ᠤᠯᠤᠰ ᠲᠦᠷᠦ ᠶᠢᠨ ᠣᠷᠴᠢᠨ ᠲᠣᠭᠤᠷᠢᠨ ᠢ ᠪᠠᠲᠤᠯᠠᠬᠤ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ 2022 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠬᠤᠷᠢᠶᠠᠨ ᠤ ᠤᠳᠠᠭ᠎ᠠ ᠪᠦᠷᠢ ᠶᠢᠨ ᠪᠦᠬᠦᠳᠡ ᠬᠤᠷᠠᠯ ᠤᠨ ᠵᠣᠷᠢᠭ ᠰᠠᠨᠠᠭ᠎ᠠ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠤᠨ᠂ ᠲᠣᠭᠲᠠᠭᠤᠨ ᠤ ᠳᠠᠭᠠᠤ ᠤᠷᠤᠭᠰᠢᠯᠠᠬᠤ ᠠᠵᠢᠯ ᠤᠨ ᠶᠡᠷᠦᠩᠬᠡᠢ ᠦᠨᠳᠦᠰᠦᠨ ᠰᠠᠨᠠᠭ᠎ᠠ ᠶᠢ ᠪᠠᠷᠢᠮᠲᠠᠯᠠᠵᠤ ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠲᠡᠭᠦᠯᠳᠡᠷ᠂ ᠵᠥᠪ ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠶ ᠦᠢᠯᠡᠴᠢᠯᠡᠬᠦ ᠪᠠ ᠠᠭᠤᠰᠤᠯᠴᠠᠵᠤ᠂ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢ ᠪᠠᠷᠢᠮᠲᠠᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠵᠦ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠴᠥᠬᠦᠷᠡᠰᠢ ᠦᠭᠡᠢ ᠪᠠᠲᠤ ᠪᠠᠬᠢᠵᠢᠭᠦᠯᠵᠦ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠨ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ ᠭᠠᠵᠠᠷ︾᠂ ︽ᠨᠢᠭᠡ ᠬᠥᠭᠦᠷᠭᠡᠨ ᠪᠠᠬᠢᠯᠡᠯᠲᠡ︾ ᠶᠢ ᠲᠦᠷᠭᠡᠳᠬᠡᠨ ᠪᠠᠶᠢᠭᠤᠯᠵᠤ᠂︽ᠵᠢᠷᠭᠤᠭ᠎ᠠ ᠶᠢ ᠲᠣᠭᠲᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠵᠤ ᠰᠠᠶᠢᠵᠢᠷᠠᠭᠤᠯᠤᠨ᠂ ᠠᠵᠤ ᠠᠬᠤᠢ ᠶᠢᠨ ᠠᠵᠢᠯᠯᠠᠭᠠᠨ ᠢ ᠢᠮᠠᠭᠲᠠ ᠵᠦᠢ ᠵᠣᠬᠢᠰᠲᠠᠢ ᠣᠷᠣᠨ ᠵᠠᠢ ᠳᠤ ᠪᠠᠶᠢᠯᠭᠠᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠨ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠨ᠎ᠠ᠃      ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠭᠤᠣᠯ ᠪᠣᠯᠬᠤ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 6% ᠣᠷᠴᠢᠮ ᠨᠡᠮᠡᠭᠳᠡᠭᠦᠯᠦᠨ᠎ᠡ︔ ᠬᠤᠲᠠ ᠪᠠᠯᠭᠠᠰᠤᠨ ᠤ 20 ᠲᠦᠮᠡ ᠭᠠᠷᠤᠢ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠪᠠᠶᠢᠴᠠᠭᠠᠯᠲᠠ ᠳᠠᠬᠢ ᠠᠵᠢᠯ ᠠᠯᠳᠠᠭᠰᠠᠳ ᠤᠨ ᠨᠣᠷᠮ᠎ᠠ ᠶᠢ 6% ᠣᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ ᠬᠠᠩᠰᠢ ᠶᠢᠨ ᠥᠰᠥᠯᠲᠡ ᠶᠢ 3% ᠣᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠯᠦᠭᠡ ᠦᠨᠳᠦᠰᠦᠨ ᠳᠤ ᠪᠠᠨ ᠠᠳᠠᠯᠢ ᠠᠯᠬᠤᠮ ᠲᠠᠢ ᠪᠠᠶᠢᠯᠭᠠᠨ᠎ᠠ︔ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠤᠯᠤᠰ ᠠᠴᠠ ᠪᠠᠭᠤᠯᠭᠠᠭᠰᠠᠨ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠡᠭᠦᠷᠭᠡ ᠶᠢ ᠪᠡᠶᠡᠯᠡᠭᠦᠯᠦᠨ᠎ᠡ᠃ ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ ᠡᠷᠬᠡᠪᠰᠢ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠎ᠠ᠃ ᠡᠷᠬᠡᠪᠰᠢ ᠴᠢᠨᠠᠷ ᠰᠠᠶᠢᠲᠠᠶ ᠬᠥᠭᠵᠢᠯᠲᠡ ᠶᠢ ᠪᠠᠷᠢᠮᠲᠠᠯᠠᠵᠤ᠂ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠪᠠᠷ ᠭᠤᠤᠯ ᠪᠣᠯᠭᠠᠬᠤ ᠶᠢ ᠪᠠᠷᠢᠮᠲᠠᠯᠠᠨ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠯᠠᠪᠳᠠᠭᠤᠨ ᠪᠠᠲᠤᠲᠠᠶ ᠰᠠᠶᠢᠲᠤᠷ ᠵᠠᠮᠨᠠᠨ᠎ᠠ᠃ ᠡᠷᠬᠡᠪᠰᠢ ᠲᠣᠭᠲᠠᠭᠤᠨ ᠤ ᠳᠠᠭᠠᠤ ᠤᠷᠤᠭᠰᠢᠯᠠᠬᠤ ᠶᠢ ᠪᠠᠷᠢᠮᠲᠠᠯᠠᠵᠤ᠂ ᠤᠷᠢᠳ ᠢᠶᠠᠷ ᠰᠢᠨ᠎ᠡ ᠶᠢ ᠪᠠᠶᠢᠭᠤᠯᠵᠤ ᠳᠠᠷᠠᠭ᠎ᠠ ᠨᠢ ᠬᠠᠭᠤᠴᠢᠨ ᠢᠶᠠᠨ ᠲᠠᠶᠠᠭᠳᠠᠬᠤ᠂ ᠯᠠᠪᠳᠠᠭᠤᠨ ᠪᠠᠲᠤᠲᠠᠢ ᠬᠢᠬᠦ ᠶᠢ ᠪᠠᠷᠢᠮᠲᠠᠯᠠᠨ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ ᠭᠠᠵᠠᠷ︾᠂ ︽ᠨᠢᠭᠡ ᠬᠥᠭᠦᠷᠭᠡᠨ ᠪᠠᠬᠢᠯᠡᠯᠲᠡ︾ ᠶᠢ ᠲᠦᠷᠭᠡᠳᠬᠡᠨ ᠪᠠᠶᠢᠭᠤᠯᠤᠨ᠎ᠠ᠃ ᠡᠷᠬᠡᠪᠰᠢ ᠨᠢᠭᠡᠳᠦᠯᠲᠡᠶ ᠲᠥᠯᠥᠪᠯᠡᠵᠦ ᠵᠣᠬᠢᠴᠠᠭᠤᠯᠬᠤ ᠶᠢ ᠴᠢᠩᠭᠠᠳᠬᠠᠵᠤ᠂ ᠰᠢᠰᠲ᠋ᠧᠮ ᠤᠨ ᠦᠵᠡᠯᠲᠡ ᠶᠢ ᠪᠠᠷᠢᠮᠲᠠᠯᠠᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠪᠠ ᠣᠨ ᠤ ᠲᠥᠯᠥᠪᠯᠡᠭᠡ ᠬᠡᠷᠡᠭᠵᠢᠭᠦᠯᠬᠦ ᠶᠢ ᠨᠢᠭᠡᠳᠦᠯᠲᠡᠶ ᠲᠥᠯᠥᠪᠯᠡᠵᠦ᠂ ᠠᠵᠤ ᠠᠬᠤᠶ ᠶᠢᠨ ᠶᠠᠰᠤ ᠴᠢᠨᠠᠷ ᠤᠨ ᠲᠣᠭᠲᠠᠭᠤᠨ ᠢᠶᠠᠷ ᠳᠡᠭᠡᠭᠰᠢᠯᠡᠬᠦ ᠪᠠ ᠲᠤᠭ᠎ᠠ ᠬᠡᠮᠵᠢᠶᠡᠨ ᠤ ᠵᠣᠬᠢᠰᠲᠠᠶ ᠪᠠᠷ ᠨᠡᠮᠡᠭᠳᠡᠬᠦ ᠶᠢ ᠠᠬᠢᠭᠤᠯᠤᠨ᠎ᠠ᠃      ᠨᠢᠭᠡ᠂ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠠᠭᠠᠤ ᠤᠷᠤᠭᠰᠢᠯᠠᠬᠤ ᠶᠢ ᠪᠠᠷᠢᠮᠲᠠᠯᠠᠨ᠂ ᠠᠵᠤ ᠠᠬᠤᠢ ᠶᠢᠨ ᠲᠣᠭᠲᠠᠭᠤᠨ ᠠᠵᠢᠯᠯᠠᠭᠠᠨ ᠢ ᠢᠮᠠᠭᠲᠠ ᠵᠦᠢ ᠵᠣᠬᠢᠰᠲᠠᠢ ᠣᠷᠣᠨ ᠵᠠᠢ ᠳᠤ ᠪᠠᠶᠢᠯᠭᠠᠨ᠎ᠠ      ᠤᠯᠤᠰ ᠤᠨ ᠲᠥᠷᠥ ᠶᠢᠨ ᠪᠣᠳᠣᠯᠭ᠎ᠠ ᠪᠠᠷ ᠬᠦᠴᠦᠯᠡᠨ ᠡᠷᠴᠢᠯᠡᠵᠦ ᠲᠣᠬᠢᠷᠠᠮᠵᠢᠲᠠᠢ ᠤᠷᠤᠭᠰᠢ ᠠᠬᠢᠭᠤᠯᠬᠤ ᠱᠠᠭᠠᠷᠳᠠᠯᠭ᠎ᠠ ᠶᠣᠰᠣᠭᠠᠷ᠂ ᠡᠳ᠋ ᠤᠨ ᠵᠠᠰᠠᠭ ᠤᠨ ᠢᠳᠡᠪᠬᠢᠲᠡᠶ ᠲᠥᠷᠥ ᠶᠢᠨ ᠪᠣᠳᠣᠯᠭ᠎ᠠ ᠪᠠ ᠵᠣᠭᠤᠰᠣᠨ ᠤ ᠯᠠᠪᠳᠠᠭᠤᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠬᠠᠪᠰᠤᠷᠴᠤ ᠪᠠᠶᠢᠭᠠᠳ ᠳᠠᠷᠤᠭᠠᠰᠤ ᠶᠢ ᠨᠢ ᠬᠥᠩᠭᠡᠷᠡᠭᠦᠯᠵᠦ ᠬᠦᠴᠢᠷᠳᠡᠯ ᠢ ᠨᠢ ᠲᠠᠶᠢᠯᠵᠤ᠂︽ᠵᠢᠷᠭᠤᠭ᠎ᠠ ᠶᠢ ᠲᠣᠭᠲᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾ ᠢᠯᠠᠩᠭᠤᠶ᠎ᠠ ᠠᠵᠢᠯ ᠣᠯᠭᠤᠯᠲᠠ ᠶᠢ ᠪᠠᠲᠤᠯᠠᠬᠤ ᠠᠷᠠᠳ ᠤᠨ ᠠᠮᠢᠳᠤᠷᠠᠯ ᠢ ᠪᠠᠲᠤᠯᠠᠬᠤ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠠᠲᠤᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠨ᠎ᠡ᠃      ︵ᠨᠢᠭᠡ︶ ᠡᠳ᠋ ᠤᠨ ᠵᠠᠰᠠᠭ ᠮᠥᠩᠭᠦᠨ ᠭᠦᠢᠯᠭᠡᠭᠡᠨ ᠤ ᠳᠡᠮᠵᠢᠬᠦ ᠡᠷᠴᠢᠮ ᠢ ᠴᠢᠩᠭᠠᠷᠠᠭᠤᠯᠤᠨ᠎ᠠ᠃ ᠡᠳ᠋ ᠤᠨ ᠵᠠᠰᠠᠭ ᠤᠨ ᠢᠳᠡᠪᠬᠢᠲᠡᠶ ᠲᠥᠷᠥ ᠶᠢᠨ ᠪᠣᠳᠣᠯᠭ᠎ᠠ ᠶᠢ ᠣᠨᠣᠴᠠᠲᠠᠢ ᠪᠥᠭᠡᠳ ᠪᠦᠲᠦᠮᠵᠢᠲᠡᠶ ᠬᠡᠷᠡᠭᠵᠢᠭᠦᠯᠵᠦ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠂ ᠭᠠᠶᠢᠯᠢ ᠶᠢ ᠬᠥᠩᠭᠡᠯᠡᠵᠦ ᠰᠦᠢᠳᠬᠡᠯ ᠢ ᠨᠢ ᠪᠠᠭᠤᠷᠠᠭᠤᠯᠬᠤ ᠨᠡᠶᠢᠯᠡᠯ ᠮᠠᠶ᠋ᠢᠭ ᠤᠨ ᠰᠢᠨ᠎ᠡ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠭᠠᠶᠢᠯᠢ ᠰᠦᠢᠳᠬᠡᠯ ᠤᠨ ᠦᠢᠯᠡᠴᠢᠯᠡᠭᠡ ᠶᠢ ᠰᠢᠯᠢᠳᠡᠭᠵᠢᠭᠦᠯᠦᠨ᠂ ᠪᠠᠯᠠ ᠮᠥᠩᠭᠦ ᠶᠢ ᠰᠢᠭᠤᠳ ᠪᠠᠭᠤᠯᠭᠠᠬᠤ ᠪᠠᠶᠢᠩᠭᠤᠵᠢᠭᠰᠠᠨ ᠲᠣᠭᠲᠠᠴᠠ ᠶᠢ ᠲᠡᠭᠦᠯᠳᠡᠷᠵᠢᠭᠦᠯᠵᠦ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠰᠢᠯᠵᠢᠭᠦᠯᠦᠨ ᠲᠥᠯᠥᠬᠦ ᠢᠯᠠᠩᠭᠤᠶ᠎ᠠ ᠡᠩ ᠤᠨ ᠰᠢᠯᠵᠢᠭᠦᠯᠦᠨ ᠲᠥᠯᠥᠬᠦ ᠬᠡᠪᠴᠢᠶ᠎ᠡ ᠶᠢ ᠨᠡᠮᠡᠭᠳᠡᠭᠦᠯᠦᠨ᠂ ᠡᠳ᠋ ᠤᠨ ᠬᠦᠴᠦᠨ ᠢᠶᠠᠨ ᠳᠣᠷᠣᠭᠰᠢ ᠪᠠᠭᠤᠯᠭᠠᠬᠤ ᠶᠢ ᠠᠬᠢᠭᠤᠯᠤᠨ᠎ᠠ᠃ ᠵᠣᠭᠤᠰᠣᠨ ᠤ ᠲᠠᠯ᠎ᠠ ᠶᠢᠨ ᠠᠮᠢᠳᠤᠯᠢᠭ ᠪᠥᠭᠡᠳ ᠲᠣᠬᠢᠷᠠᠮᠵᠢᠲᠠᠢ᠂ ᠵᠦᠢ ᠵᠣᠬᠢᠰᠲᠠᠢ ᠪᠥᠭᠡᠳ ᠪᠦᠷᠢᠨ ᠭᠦᠢᠴᠡᠳ ᠪᠠᠶᠢᠬᠤ ᠯᠠᠪᠳᠠᠭᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠲᠦᠭᠡᠮᠡᠯ ᠬᠠᠷᠠᠭᠠᠯᠵᠠᠯ ᠲᠠᠢ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠦᠷᠭᠦᠯᠵᠢᠯᠡᠨ ᠴᠢᠩᠭᠠᠳᠬᠠᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠦᠲᠦᠯᠦᠨ ᠵᠢᠯᠣᠭᠤᠳᠴᠤ ᠪᠠᠶᠢᠭᠠᠳ ᠪᠣᠳᠠᠲᠤ ᠴᠣᠭᠴᠠ ᠶᠢᠨ ᠠᠵᠤ ᠠᠬᠤᠢ ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ᠂ ᠪᠣᠬᠢᠷᠲᠤᠯ ᠦᠭᠡᠢ ᠬᠥᠭᠵᠢᠯᠲᠡ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠂ ᠮᠥᠩᠭᠦᠨ ᠭᠦᠢᠯᠭᠡᠭᠡᠨ ᠤ ︽ᠲᠥᠷᠥᠯ ᠵᠦᠢᠯ ᠢ ᠨᠢ ᠪᠠᠲᠤᠯᠠᠬᠤ᠂ ᠬᠦᠷᠢᠶᠡᠯᠡᠩ ᠲᠣᠭᠤᠷᠢᠭ ᠲᠤ ᠣᠷᠣᠭᠤᠯᠬᠤ᠂ ᠠᠵᠤ ᠠᠬᠤᠶᠢᠯᠠᠯ ᠳᠤ ᠬᠦᠷᠭᠡᠬᠦ᠂ ᠬᠥᠳᠡᠭᠡ ᠲᠣᠰᠬᠤᠨ ᠳᠤ ᠪᠠᠭᠤᠯᠭᠠᠬᠤ︾ ᠠᠵᠢᠯᠯᠠᠭᠠᠨ ᠢ ᠭᠦᠨᠵᠡᠭᠡᠶᠢᠷᠡᠭᠦᠯᠵᠦ᠂ ᠲᠦᠭᠡᠮᠡᠯ ᠬᠠᠷᠠᠭᠠᠯᠵᠠᠯ ᠲᠠᠢ ᠵᠢᠵᠢᠭ ᠪᠢᠴᠢᠯ ᠵᠢᠭᠡᠯᠡᠯᠭᠡ ᠪᠠᠷ ᠳᠡᠮᠵᠢᠬᠦ ᠪᠠᠭᠠᠵᠢ ᠪᠠ ᠲᠠᠷᠢᠶᠠᠯᠠᠩ ᠢ ᠳᠡᠮᠵᠢᠬᠦ ᠵᠢᠵᠢᠭ ᠪᠢᠴᠢᠯ ᠠᠵᠤ ᠠᠬᠤᠶᠢᠯᠠᠯ ᠢ ᠳᠡᠮᠵᠢᠬᠦ ᠳᠠᠬᠢᠨᠲᠠ ᠵᠢᠭᠡᠯᠡᠯᠭᠡ ᠪᠠᠷ ᠳᠡᠮᠵᠢᠬᠦ ᠲᠥᠯᠥᠪᠯᠡᠭᠡ ᠶᠢ ᠰᠠᠶᠢᠲᠤᠷ ᠨᠠᠶᠢᠳᠠᠪᠤᠷᠢᠵᠢᠭᠤᠯᠤᠨ᠂ ᠵᠢᠵᠢᠭ ᠪᠢᠴᠢᠯ ᠠᠵᠤ ᠠᠬᠤᠶᠢᠯᠠᠯ ᠳᠤ ᠬᠠᠨᠳᠤᠭᠤᠯᠤᠭᠰᠠᠨ ᠵᠠᠰᠠᠭ ᠤᠨ ᠣᠷᠳᠣᠨ ᠤ ᠴᠢᠨᠠᠷᠲᠠᠢ ᠪᠡᠯᠡ ᠲᠤᠬᠢᠷᠠᠭᠤᠯᠭ᠎ᠠ ᠳᠠᠭᠠᠭᠠᠯᠲᠠ ᠬᠢᠬᠦ ᠲᠤᠬᠠᠶᠢᠯᠠᠭᠰᠠᠨ ᠠᠵᠢᠯ ᠤᠨ ᠬᠡᠪᠴᠢᠶ᠎ᠡ ᠶᠢ ᠥᠷᠭᠡᠳᠬᠡᠵᠦ᠂ ᠳᠠᠭᠠᠭᠠᠯᠲᠠ ᠬᠢᠬᠦ ᠥᠪᠡᠷ ᠤᠨ ᠦᠷᠲᠡᠭ ᠢ ᠨᠢ ᠪᠠᠭᠤᠷᠠᠭᠤᠯᠤᠨ᠎ᠠ᠃      ︵ᠬᠤᠶᠠᠷ︶ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠨ᠎ᠡ᠃ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ 3.0 ᠪᠠᠷᠯᠠᠯ ᠤᠨ ᠲᠥᠰᠦᠯ ᠢ ᠬᠡᠷᠡᠭᠵᠢᠭᠦᠯᠦᠨ᠎ᠡ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ︽ᠨᠢᠭᠡ ᠰᠦᠯᠵᠢᠶ᠎ᠡ ᠪᠠᠷ ᠨᠢᠭᠡᠳᠦᠯᠲᠡᠶ ᠬᠠᠮᠢᠶᠠᠷᠬᠤ︾ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ︽ᠨᠢᠭᠡ ᠯᠡ ᠤᠳᠠᠭ᠎ᠠ ᠳᠤ ᠭᠦᠢᠴᠡᠳᠬᠡᠬᠦ︾᠂ ︽ᠲᠠᠨ ᠳᠤ ᠬᠠᠪᠰᠤᠷᠤᠨ ᠭᠦᠢᠴᠡᠳᠬᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠶᠡᠷᠦᠩᠬᠡᠶᠢᠯᠡᠭᠰᠡᠨ ᠴᠣᠩᠬᠤᠪᠴᠢ ᠶᠢᠨ ᠦᠢᠯᠡᠴᠢᠯᠡᠬᠦ ᠬᠢᠷᠢ ᠲᠦᠪᠰᠢᠨ ᠪᠠ ︽ᠮᠥᠩᠬᠡ ᠰᠤᠪᠠᠭ︾ ᠤᠨ ᠰᠢᠯᠵᠢᠮᠡᠯ ᠦᠵᠦᠭᠦᠷ ᠤᠨ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠭᠡᠷᠡᠴᠢ ᠪᠠ ᠦᠨᠡᠮᠯᠡᠯ ᠢ ᠰᠠᠯᠭᠠᠬᠤ︾ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠠᠵᠤ ᠠᠬᠤᠢᠯᠠᠯ ᠳᠤ ᠬᠤᠯᠪᠣᠭᠳᠠᠬᠤ ᠭᠡᠷᠡᠴᠢ ᠪᠠ ᠦᠨᠡᠮᠯᠡᠯ ᠢ ᠡᠯᠧᠺᠲᠷᠣᠨᠴᠢᠯᠡᠬᠦ ᠪᠠᠨ ᠪᠥᠬᠦ ᠲᠠᠯ᠎ᠠ ᠪᠠᠷ ᠪᠡᠶᠡᠯᠡᠭᠦᠯᠦᠨ᠎ᠡ᠃ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠥᠮᠴᠢᠯᠡᠬᠦ ᠡᠷᠬᠡ ᠪᠠ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠪᠠᠨ ᠠᠬᠢᠭᠤᠯᠤᠨ᠂ ᠠᠵᠤ ᠠᠬᠤᠶᠢᠯᠠᠯ ᠳᠤ ᠬᠤᠯᠪᠣᠭᠳᠠᠭᠰᠠᠨ ᠬᠤᠷᠢᠶᠠᠬᠤ ᠰᠦᠢᠳᠬᠡᠯ ᠢ ᠴᠢᠩᠭ᠎ᠠ ᠬᠢᠵᠠᠭᠠᠷᠯᠠᠵᠤ᠂ ᠳᠤᠷ᠎ᠠ ᠪᠠᠷ ᠢᠶᠠᠨ ᠵᠣᠭᠤᠰ ᠢᠶᠠᠷ ᠲᠣᠷᠭᠠᠵᠤ ᠪᠠᠶᠢᠭ᠎ᠠ ᠠᠰᠠᠭᠤᠳᠠᠯ ᠢ ᠴᠢᠩᠭ᠎ᠠ ᠴᠡᠭᠴᠡᠯᠡᠨ ᠵᠠᠰᠠᠨ᠎ᠠ᠃ ᠠᠵᠤ ᠠᠬᠤᠶᠢᠯᠠᠯ ᠤᠨ ᠥᠷᠢᠲᠦᠭᠰᠡᠨ ᠵᠣᠭᠤᠰ ᠢᠶᠠᠨ ᠲᠦᠯᠦᠵᠦ ᠳᠠᠭᠤᠰᠬᠠᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠨᠠᠶᠢᠳᠠᠪᠤᠷᠢᠵᠢᠭᠤᠯᠵᠤ᠂ ᠮᠠᠭᠤ ᠰᠠᠨᠠᠭ᠎ᠠ ᠲᠠᠢ ᠪᠠᠷ ᠵᠣᠭᠤᠰ ᠥᠷᠢᠲᠦᠬᠦ ᠪᠠ ᠥᠷᠢ ᠠᠴᠠ ᠵᠠᠶᠢᠯᠠᠬᠤ ᠦᠢᠯᠡ ᠠᠵᠢᠯᠯᠠᠭ᠎ᠠ ᠶᠢ ᠪᠦᠲᠦᠮᠵᠢᠲᠡᠢ ᠵᠠᠰᠠᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠨᠢᠭᠲᠠ ᠮᠥᠷᠳᠡᠨ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤ ᠨᠢ ᠮᠡᠳᠡᠵᠦ ᠢᠯᠡᠷᠡᠭᠦᠯᠬᠦ ᠪᠠ ᠵᠣᠬᠢᠴᠠᠭᠤᠯᠵᠤ ᠰᠢᠢᠳᠪᠦᠷᠢᠯᠡᠨ᠎ᠡ᠃      ︵ᠭᠤᠷᠪᠠ︶ ᠠᠵᠢᠯ ᠣᠯᠭᠤᠯᠲᠠ ᠣᠷᠣᠯᠭ᠎ᠠ ᠶᠢᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠤᠨ᠎ᠠ᠃ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤᠮᠳᠠ ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ ᠤᠳᠤᠷᠢᠳᠤᠮᠵᠢ ᠶᠢ ᠴᠢᠩᠭᠠᠷᠠᠭᠤᠯᠵᠤ᠂ ᠠᠵᠢᠯ ᠣᠯᠭᠤᠬᠤ ᠶᠢ ᠲᠣᠭᠲᠠᠪᠤᠷᠢᠵᠢᠭᠤᠯᠬᠤ ᠠᠷᠭ᠎ᠠ ᠬᠡᠮᠵᠢᠶ᠎ᠡ ᠶᠢ ᠪᠣᠳᠠᠲᠠᠶ ᠨᠠᠶᠢᠳᠠᠪᠤᠷᠢᠵᠢᠭᠤᠯᠵᠤ ᠨᠠᠷᠢᠯᠢᠭᠵᠢᠭᠤᠯᠤᠨ᠎ᠠ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠤᠨ ᠠᠯᠪᠠ ᠠᠴᠠ ᠬᠠᠯᠠᠭᠳᠠᠭᠰᠠᠳ᠂ ᠲᠠᠷᠢᠶᠠᠯᠠᠬᠤ ᠮᠠᠯᠵᠢᠬᠤ ᠣᠷᠣᠨ ᠤ ᠬᠥᠳᠡᠯᠮᠦᠷᠢ ᠬᠦᠴᠦᠨ᠂ ᠠᠵᠢᠯ ᠤᠯᠬᠤ ᠳᠤ ᠬᠦᠴᠢᠷᠲᠡᠶ ᠬᠥᠮᠦᠰ᠂ ᠬᠤᠲᠠ ᠪᠠᠯᠭᠠᠰᠤᠨ ᠤ ᠠᠵᠢᠯ ᠠᠯᠳᠠᠭᠰᠠᠳ ᠵᠡᠷᠭᠡ ᠭᠤᠤᠯᠳᠠᠯᠭ᠎ᠠ ᠪᠣᠯᠬᠤ ᠬᠥᠮᠦᠰ ᠲᠤ ᠠᠵᠢᠯ ᠣᠯᠭᠤᠬᠤ ᠶᠢ ᠲᠥᠷᠥᠯ ᠬᠤᠪᠢᠶᠠᠵᠤ ᠪᠠᠲᠤᠯᠠᠨ᠎ᠠ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠵᠤ᠂ ︽ᠠᠳᠠᠯ ᠪᠣᠰᠬᠠᠬᠤ ᠥᠪᠥᠷ ᠮᠣᠩᠭᠤᠯ︾ ᠠᠵᠢᠯᠯᠠᠭᠠᠨ ᠢ ᠭᠦᠨᠵᠡᠭᠡᠶᠢᠷᠡᠭᠦᠯᠦᠨ᠂ ᠠᠮᠢᠳᠤᠯᠢᠭ ᠢᠶᠠᠷ ᠠᠵᠢᠯ ᠣᠯᠭᠤᠬᠤ ᠶᠢ ᠵᠣᠷᠢᠭᠵᠢᠭᠤᠯᠤᠨ ᠳᠡᠮᠵᠢᠵᠦ᠂ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠪᠠᠷᠢᠮᠵᠢᠶᠠᠵᠢᠯ ᠢ ᠠᠬᠢᠭᠤᠯᠤᠨ᠂ ᠠᠵᠢᠯ ᠣᠯᠭᠤᠯᠲᠠ ᠶᠢ ᠬᠢᠨᠠᠨ ᠰᠢᠨᠵᠢᠬᠦ ᠪᠠ ᠠᠵᠢᠯ ᠠᠯᠳᠠᠯᠲᠠ ᠶᠢ ᠰᠡᠷᠡᠮᠵᠢᠯᠡᠭᠦᠯᠬᠦ ᠶᠢ ᠴᠢᠩᠭᠠᠳᠬᠠᠵᠤ᠂ ᠨᠠᠩ ᠴᠢᠨᠠᠷ ᠰᠠᠶᠢᠲᠠᠶ ᠨᠠᠩ ᠭᠦᠢᠴᠡᠳ ᠠᠵᠢᠯ ᠣᠯᠭᠤᠬᠤ ᠶᠢ ᠠᠬᠢᠭᠤᠯᠤᠨ᠎ᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠲᠣᠭᠲᠠᠭᠤᠨ ᠢᠶᠠᠷ ᠳᠡᠭᠡᠭᠰᠢᠯᠡᠬᠦ ᠶᠢ ᠠᠬᠢᠭᠤᠯᠤᠨ᠂ ᠣᠷᠣᠯᠭ᠎ᠠ ᠶᠢᠨ ᠬᠤᠪᠢᠶᠠᠷᠢᠯᠠᠯᠲᠠ ᠶᠢᠨ ᠭᠤᠤᠯᠳᠠᠯᠭ᠎ᠠ ᠪᠣᠯᠬᠤ ᠬᠦᠷᠢᠶᠡᠨ ᠳᠠᠬᠢ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠠᠮᠲᠤ ᠪᠠᠷ ᠪᠠᠶᠠᠵᠢᠨ ᠴᠢᠨᠡᠭᠡᠯᠢᠭᠵᠢᠬᠦ ᠶᠢ ᠯᠠᠪᠳᠠᠭᠤᠨ ᠢᠶᠠᠷ ᠠᠬᠢᠭᠤᠯᠤᠨ᠎ᠠ᠃      ᠬᠤᠶᠠᠷ᠂ ᠪᠣᠳᠠᠲᠤ ᠴᠣᠭᠴᠠ ᠶᠢᠨ ᠠᠵᠤ ᠠᠬᠤᠢ ᠶᠢᠨ ᠰᠠᠭᠤᠷᠢ ᠶᠢ ᠪᠠᠬᠢᠵᠢᠭᠦᠯᠦᠨ ᠪᠤᠵᠠᠭᠠᠶᠢᠷᠠᠭᠤᠯᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠣᠳᠣᠬᠢᠴᠢᠯᠠᠬᠤ ᠲᠦᠪᠰᠢᠨ ᠢ ᠳᠡᠭᠡᠭᠰᠢᠯᠡᠭᠦᠯᠦᠨ᠎ᠡ      ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ︽ᠬᠤᠶᠠᠷ ᠰᠠᠭᠤᠷᠢᠨ ᠭᠠᠵᠠᠷ︾ ᠤᠨ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠵᠤ᠂ ᠨᠠᠩ ᠴᠢᠩᠭ᠎ᠠ ᠰᠢᠨ᠎ᠡ ᠶᠢ ᠡᠭᠦᠳᠬᠦ ᠬᠦᠴᠦᠨ ᠲᠠᠢ᠂ ᠨᠠᠩ ᠥᠨᠳᠥᠷ ᠨᠡᠮᠡᠯᠲᠡ ᠥᠷᠲᠡᠭ ᠲᠠᠢ᠂ ᠨᠠᠩ ᠠᠮᠤᠷ ᠲᠦᠪᠰᠢᠨ ᠨᠠᠶᠢᠳᠠᠪᠤᠷᠢᠲᠠᠶ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠪᠦᠷᠢᠯᠳᠦᠭᠦᠯᠦᠨ᠎ᠡ᠃      ︵ᠨᠢᠭᠡ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠴᠦ ᠲᠤᠯᠭᠠᠭᠤᠷᠢᠯᠠᠬᠤ ᠦᠢᠯᠡᠳᠦᠯ ᠢ ᠨᠢ ᠴᠢᠩᠭᠠᠷᠠᠭᠤᠯᠤᠨ᠎ᠠ᠃ ᠰᠢᠨ᠎ᠡ ᠶᠢ ᠡᠭᠦᠳᠬᠦ ᠬᠡᠯᠪᠡᠷᠢ ᠪᠦᠬᠦᠢ ᠥᠪᠥᠷ ᠮᠣᠩᠭᠤᠯ ᠢ ᠲᠦᠷᠭᠡᠳᠬᠡᠨ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠤᠨ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠬᠥᠭᠵᠢᠭᠦᠯᠦᠨ ᠮᠠᠨᠳᠤᠭᠤᠯᠬᠤ︾ ᠠᠵᠢᠯᠯᠠᠭᠠᠨ ᠬᠡᠷᠡᠭᠵᠢᠭᠦᠯᠬᠦ ᠶᠢ ᠠᠬᠢᠭᠤᠯᠤᠨ᠎ᠠ᠃ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠡᠷᠴᠢᠮ ᠢ ᠴᠢᠩᠭᠠᠷᠠᠭᠤᠯᠤᠨ᠂ ᠰᠦ ᠶᠢᠨ ᠦᠢᠯᠡᠰ᠂ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ᠂ ᠦᠷ᠎ᠡ ᠶᠢᠨ ᠦᠢᠯᠡᠰ ᠵᠡᠷᠭᠡ ᠬᠦᠷᠢᠶᠡᠨ ᠳᠤ ᠨᠢᠭᠡ ᠪᠦᠯᠦᠭ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠢᠯ ᠢ ᠬᠡᠷᠡᠭᠵᠢᠭᠦᠯᠦᠨ᠎ᠡ᠃ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠰᠦ ᠶᠢᠨ ᠦᠢᠯᠡᠰ᠂ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠤᠨ ᠤᠯᠤᠰ ᠤᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠥᠪ ᠢ ᠥᠨᠳᠥᠷ ᠪᠠᠷᠢᠮᠵᠢᠶ᠎ᠠ ᠪᠠᠷ ᠪᠠᠶᠢᠭᠤᠯᠤᠨ᠂ ᠬᠥᠬᠡᠬᠤᠲᠠ ᠪᠤᠭᠤᠲᠤ ᠣᠷᠳᠣᠰ ᠤᠨ ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠦᠭᠰᠡᠨ ᠵᠢᠱᠢᠶ᠎ᠡ ᠦᠵᠡᠭᠦᠯᠬᠦ ᠲᠣᠭᠤᠷᠢᠭ᠂ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ ᠵᠡᠷᠭᠡ ᠤᠯᠤᠰ ᠤᠨ ᠲᠠᠰ ᠤᠨ ᠵᠢᠱᠢᠶ᠎ᠡ ᠦᠵᠡᠭᠦᠯᠬᠦ ᠲᠣᠭᠤᠷᠢᠭ ᠢ ᠴᠢᠨᠠᠷ ᠰᠠᠶᠢᠲᠠᠶ ᠪᠥᠲᠥᠭᠡᠨ ᠪᠠᠶᠢᠭᠤᠯᠤᠨ᠎ᠠ᠃ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠨ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ︽ᠬᠤᠣᠰ ᠳᠠᠬᠢᠨ ᠢᠶᠠᠷ ᠨᠡᠮᠡᠭᠳᠡᠭᠦᠯᠬᠦ︾ ᠠᠵᠢᠯᠯᠠᠭᠠᠨ ᠢ ᠲᠦᠷᠭᠡᠳᠬᠡᠨ ᠬᠡᠷᠡᠭᠵᠢᠭᠦᠯᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 200 ᠰᠢᠨ᠎ᠡ ᠪᠠᠷ ᠨᠡᠮᠡᠭᠳᠡᠭᠦᠯᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ 1000 ᠭᠠᠷᠤᠢ ᠪᠣᠯᠭᠠᠨ᠎ᠠ᠃ ︽ᠰᠢᠨ᠎ᠡ ᠶᠢ ᠡᠭᠦᠳᠴᠦ ᠦᠢᠯᠡᠰ ᠪᠣᠰᠬᠠᠬᠤ︾ ᠲᠠᠯ᠎ᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ᠂ ᠣᠯᠠᠨ ᠢᠶᠠᠷ ᠢᠶᠠᠨ ᠰᠢᠨ᠎ᠡ ᠶᠢ ᠡᠭᠦᠳᠴᠦ ᠦᠢᠯᠡᠰ ᠪᠣᠰᠬᠠᠬᠤ ᠣᠷᠣᠨ ᠵᠠᠶ ᠵᠡᠷᠭᠡ ᠰᠢᠨ᠎ᠡ ᠶᠢ ᠡᠭᠦᠳᠴᠦ ᠦᠢᠯᠡᠰ ᠪᠣᠰᠬᠠᠬᠤ ᠠᠴᠢᠶᠠᠯᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠰᠢᠷᠢᠰ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠴᠢᠳᠠᠪᠤᠷᠢᠲᠠᠨ ᠢ ᠬᠥᠮᠦᠵᠢᠭᠦᠯᠬᠦ᠂ ᠦᠨᠡᠯᠡᠬᠦ᠂ ᠬᠡᠷᠡᠭᠯᠡᠬᠦ᠂ ᠣᠷᠣᠭᠤᠯᠤᠨ ᠠᠪᠴᠢᠷᠠᠬᠤ ᠵᠡᠷᠭᠡ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃      ︵ᠬᠤᠶᠠᠷ︶ ᠪᠣᠬᠢᠷᠲᠤᠯ ᠦᠭᠡᠢ ᠳᠠᠪᠠᠭᠤᠯᠢᠭ ᠣᠨᠴᠠᠯᠢᠭ ᠲᠠᠢ ᠠᠵᠤ ᠦᠢᠯᠡᠰ ᠤᠨ ᠲᠣᠭᠲᠠᠯᠴᠠᠭ᠎ᠠ ᠶᠢ ᠪᠠᠶᠢᠭᠤᠯᠤᠨ᠎ᠠ᠃ ᠲᠦᠷᠦᠭᠦᠦ ᠪᠦᠯᠦᠭ ᠤᠨ ᠭᠤᠤᠯᠳᠠᠯᠭ᠎ᠠ ᠪᠣᠯᠬᠤ ᠠᠵᠤ ᠦᠢᠯᠡᠰ ᠤᠨ ᠬᠡᠯᠬᠢᠶ᠎ᠡ ᠶᠢᠨ ᠠᠵᠢᠯ ᠢ ᠲᠦᠷᠭᠡᠳᠬᠡᠨ ᠠᠬᠢᠭᠤᠯᠵᠤ᠂ ᠭᠤᠤᠯᠳᠠᠯᠭ᠎ᠠ ᠪᠣᠯᠬᠤ ᠠᠵᠤ ᠦᠢᠯᠡᠰ ᠤᠨ ᠬᠡᠯᠬᠢᠶ᠎ᠡ ᠶᠢᠨ︽ᠬᠡᠯᠬᠢᠶ᠎ᠡ ᠶᠢᠨ ᠳᠠᠷᠤᠭ᠎ᠠ ᠶᠢᠨ ᠲᠦᠷᠢᠮ︾ ᠢ ᠨᠠᠶᠢᠳᠠᠪᠤᠷᠢᠵᠢᠭᠤᠯᠤᠨ᠂ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ᠂ ᠣᠲᠣ ᠦᠶ᠎ᠡ ᠶᠢᠨ ᠲᠣᠨᠤᠭ ᠲᠥᠬᠦᠭᠡᠷᠦᠮᠵᠢ ᠦᠢᠯᠡᠳᠬᠦ᠂ ᠠᠮᠢᠳᠤ ᠪᠣᠳᠠᠰ ᠤᠨ ᠡᠮ ᠡᠮᠨᠡᠯᠭᠡ᠂ ᠲᠣᠭᠠᠵᠢᠯᠲᠤ ᠠᠵᠤ ᠠᠬᠤᠶ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠵᠡᠷᠭᠡ ᠠᠵᠤ ᠦᠢᠯᠡᠰ ᠤᠨ ᠪᠦᠯᠦᠭᠵᠢᠯ ᠢ ᠶᠡᠭᠡ ᠪᠠᠷ ᠬᠥᠭᠵᠢᠭᠦᠯᠦᠨ᠎ᠡ᠃ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠤᠨ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠤᠨ᠂ ᠤᠷᠢᠳ ᠢᠶᠠᠷ ᠰᠢᠨ᠎ᠡ ᠶᠢ ᠪᠠᠶᠢᠭᠤᠯᠵᠤ ᠳᠠᠷᠠᠭ᠎ᠠ ᠨᠢ ᠬᠠᠭᠤᠴᠢᠨ ᠢᠶᠠᠨ ᠲᠠᠶᠠᠭᠳᠠᠬᠤ ᠶᠢ ᠪᠠᠷᠢᠮᠲᠠᠯᠠᠨ᠂ ᠨᠡᠭᠦᠷᠡᠰᠦ ᠶᠢ ᠴᠡᠪᠡᠷᠰᠢᠭᠦᠯᠦᠨ ᠥᠨᠳᠥᠷ ᠪᠦᠲᠦᠮᠵᠢᠲᠡᠶ ᠠᠰᠢᠭᠯᠠᠬᠤ ᠪᠠᠨ ᠬᠦᠴᠦᠯᠡᠨ ᠠᠬᠢᠭᠤᠯᠵᠤ᠂ ᠰᠢᠨ᠎ᠡ ᠡᠨᠧᠷᠭᠢ ᠪᠠ ᠨᠡᠭᠦᠷᠡᠰᠦ ᠶᠢ ᠰᠢᠯᠢᠳᠡᠭᠵᠢᠭᠦᠯᠦᠨ ᠨᠢᠭᠡᠳᠬᠡᠬᠦ ᠶᠢ ᠨᠢ ᠠᠬᠢᠭᠤᠯᠤᠨ᠂ ︽ᠬᠤᠶᠠᠷ ᠢ ᠤᠷᠢᠳ ᠢᠶᠠᠷ ᠬᠢᠬᠦ︾ ︽ᠬᠤᠶᠠᠷ ᠢ ᠳᠠᠪᠠᠭᠤᠯᠬᠤ︾ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠡᠨᠧᠷᠭᠢ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠰᠢᠨ᠎ᠡ ᠡᠨᠧᠷᠭᠢ ᠶᠢ ᠰᠢᠩᠭᠡᠭᠡᠨ ᠠᠪᠬᠤ ᠴᠢᠳᠠᠪᠤᠷᠢ ᠪᠠᠨ ᠴᠢᠩᠭᠠᠷᠠᠭᠤᠯᠵᠤ᠂ ᠰᠢᠨ᠎ᠡ ᠡᠨᠧᠷᠭᠢ ᠶᠢᠨ ᠲᠤᠤᠷ ᠲᠤ ᠨᠡᠶᠢᠯᠡᠭᠦᠯᠬᠦ ᠬᠡᠪᠴᠢᠶ᠎ᠡ ᠶᠢ ᠨᠢ 2000 ᠲᠦᠮᠡᠨ ᠺᠢᠯᠤᠸᠠᠲ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠂ ᠳᠠᠬᠢᠨ ᠡᠭᠦᠰᠴᠦ ᠪᠣᠯᠬᠤ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠤᠪᠢ ᠶᠢᠨ ᠵᠢᠩ ᠢ 40% ᠠᠴᠠ ᠳᠡᠭᠡᠭᠰᠢ ᠳᠤ ᠬᠦᠷᠦᠭᠦᠯᠦᠨ᠎ᠡ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠣᠬᠢᠷᠲᠤᠯ ᠥᠬᠡᠶ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠶᠠᠰᠤ ᠴᠢᠨᠠᠷ ᠢᠶᠠᠷ ᠲᠠᠷᠢᠶᠠᠯᠠᠩ ᠢ ᠬᠥᠭᠵᠢᠭᠦᠯᠬᠦ᠂ ᠪᠣᠬᠢᠷᠲᠤᠯ ᠥᠬᠡᠶ ᠪᠠᠷ ᠲᠠᠷᠢᠶᠠᠯᠠᠩ ᠢ ᠬᠥᠭᠵᠢᠭᠦᠯᠬᠦ᠂ ᠨᠠᠷᠠᠲᠤ ᠲᠡᠮᠳᠡᠭ ᠢᠶᠠᠷ ᠲᠠᠷᠢᠶᠠᠯᠠᠩ ᠢᠶᠠᠨ ᠬᠦᠴᠦᠷᠬᠡᠭᠵᠢᠭᠦᠯᠬᠦ ᠶᠢ ᠪᠠᠷᠢᠮᠲᠠᠯᠠᠨ᠂ ︽ᠭᠤᠷᠪᠠᠨ ᠵᠦᠢᠯ ᠤᠨ ᠪᠦᠲᠦᠭᠡᠭᠳᠡᠬᠦᠨ ᠬᠢᠭᠡᠳ ᠨᠢᠭᠡ ᠲᠡᠮᠳᠡᠭ︾ ᠢᠶᠠᠨ ᠳᠡᠭᠡᠭᠰᠢᠯᠡᠭᠦᠯᠬᠦ ᠠᠵᠢᠯᠯᠠᠭᠠᠨ ᠢ ᠭᠦᠨᠵᠡᠭᠡᠶ ᠠᠬᠢᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠨᠥᠯᠥᠭᠡᠯᠡᠬᠦ ᠬᠦᠴᠦᠨ ᠢ ᠥᠷᠭᠡᠳᠬᠡᠨ᠂ ᠪᠣᠬᠢᠷᠲᠤᠯ ᠥᠬᠡᠶ ᠴᠢᠨᠠᠷ ᠰᠠᠶᠢᠲᠠᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠠᠩᠭᠠᠬᠤ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠲᠣᠭᠠᠵᠢᠯᠲᠤ ᠠᠵᠤ ᠠᠬᠤᠶ ᠶᠢ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠶᠢᠷᠠᠭᠤᠯᠤᠨ᠂ ᠲᠣᠭᠠᠵᠢᠭᠤᠯᠤᠭᠰᠠᠨ ᠬᠡᠯᠪᠡᠷᠢ ᠲᠡᠶᠢᠰᠢ ᠬᠤᠪᠢᠷᠠᠭᠤᠯᠬᠤ ᠠᠵᠢᠯ ᠤᠨ ᠱᠤᠭᠤᠮ ᠤᠨ ᠵᠢᠷᠤᠭ ᠢ ᠠᠵᠢᠯ ᠲᠥᠷᠥᠯ ᠢᠶᠠᠷ ᠨᠢ ᠬᠤᠪᠢᠶᠠᠵᠤ ᠲᠣᠭᠲᠠᠭᠠᠨ᠂ ᠪᠣᠬᠢᠷᠲᠤᠯ ᠥᠬᠡᠶ ᠣᠷᠴᠢᠨ ᠲᠣᠭᠤᠷᠢᠨ ᠤ ᠬᠠᠮᠠᠭᠠᠯᠠᠯᠲᠠ᠂ ᠠᠮᠢᠳᠤ ᠪᠣᠳᠠᠰ ᠤᠨ ᠡᠮ ᠡᠮᠨᠡᠯᠭᠡ᠂ ᠳᠡᠭᠡᠳᠦ ᠲᠠᠰ ᠤᠨ ᠲᠣᠨᠤᠭ ᠲᠥᠬᠦᠭᠡᠷᠦᠮᠵᠢ ᠵᠡᠷᠭᠡ ᠠᠵᠤ ᠦᠢᠯᠡᠰ ᠢ ᠪᠤᠵᠠᠭᠠᠶᠢᠷᠠᠭᠤᠯᠤᠨ᠂ ᠴᠡᠷᠢᠭ ᠠᠷᠠᠳ ᠤᠨ ᠬᠡᠷᠡᠭᠴᠡᠭᠡᠨ ᠤ ᠠᠭᠤᠰᠤᠯᠴᠠᠭᠰᠠᠨ ᠠᠵᠤ ᠦᠢᠯᠡᠰ ᠢ ᠬᠥᠭᠵᠢᠭᠦᠯᠦᠨ᠎ᠡ᠃ ᠦᠢᠯᠡᠴᠢᠯᠡᠭᠡᠨ ᠤ ᠦᠢᠯᠡᠰ ᠤᠨ ᠳᠤᠲᠠᠭᠤᠳᠠᠯ ᠢᠶᠠᠨ ᠨᠥᠬᠦᠪᠥᠷᠢᠯᠡᠬᠦ ᠶᠢ ᠲᠦᠷᠭᠡᠳᠬᠡᠨ ᠠᠬᠢᠭᠤᠯᠵᠤ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠢᠶᠠᠨ ᠲᠡᠷᠢᠭᠦᠨ ᠤ ᠦᠢᠯᠡᠳᠬᠦ ᠦᠢᠯᠡᠰ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠯᠤᠭ᠎ᠠ ᠭᠦᠨ ᠠᠭᠤᠰᠤᠯᠴᠠᠭᠤᠯᠬᠤ ᠶᠢ ᠠᠬᠢᠭᠤᠯᠤᠨ᠂ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠢᠶᠠᠨ ᠲᠤᠰᠬᠠᠶᠢᠵᠢᠭᠰᠠᠨ ᠪᠠ ᠥᠷᠲᠡᠭ ᠤᠨ ᠬᠡᠯᠬᠢᠶ᠎ᠡ ᠶᠢᠨ ᠳᠡᠭᠡᠳᠦ ᠲᠠᠰ ᠲᠡᠶᠢᠰᠢ ᠤᠷᠲᠤᠳᠬᠠᠬᠤ ᠶᠢ ᠠᠬᠢᠭᠤᠯᠵᠤ᠂ ᠠᠮᠢᠳᠤᠷᠠᠯ ᠤᠨ ᠬᠡᠷᠡᠭᠴᠡᠭᠡᠨ ᠤ ᠴᠢᠨᠠᠷᠲᠠᠶ ᠦᠢᠯᠡᠴᠢᠯᠡᠭᠡᠨ ᠤ ᠦᠢᠯᠡᠰ ᠢᠶᠠᠨ ᠴᠢᠨᠠᠷ ᠰᠠᠶᠢᠲᠠᠶ ᠪᠠ ᠣᠯᠠᠨ ᠶᠠᠩᠵᠤᠴᠢᠯᠬᠠᠰᠠᠨ ᠲᠡᠶᠢᠰᠢ ᠲᠠᠰ ᠳᠡᠪᠰᠢᠭᠦᠯᠬᠦ ᠶᠢ ᠠᠬᠢᠭᠤᠯᠤᠨ᠂ ᠡᠨᠧᠷᠭᠢ ᠠᠷᠪᠢᠯᠠᠬᠤ ᠦᠢᠯᠡᠴᠢᠯᠡᠭᠡ᠂ ᠰᠤᠳᠤᠯᠤᠨ ᠨᠡᠭᠡᠭᠡᠵᠦ ᠵᠢᠷᠤᠵᠤ ᠲᠥᠯᠥᠪᠯᠡᠬᠦ ᠵᠡᠷᠭᠡ ᠦᠢᠯᠡᠳᠬᠦ ᠦᠢᠯᠡᠰ ᠤᠨ ᠦᠢᠯᠡᠴᠢᠯᠡᠭᠡᠨ ᠢ ᠪᠣᠶ ᠪᠣᠯᠭᠠᠨ ᠬᠥᠭᠵᠢᠭᠦᠯᠵᠦ᠂ ᠭᠤᠤᠯᠳᠠᠯᠭ᠎ᠠ ᠪᠣᠯᠬᠤ ᠦᠵᠡᠮᠵᠢ ᠶᠢᠨ ᠣᠷᠣᠨ ᠤ ᠴᠢᠨᠠᠷ ᠴᠢᠨᠰᠠᠭ᠎ᠠ ᠪᠠᠨ ᠳᠡᠭᠡᠭᠰᠢᠯᠡᠭᠦᠯᠬᠦ ᠠᠵᠢᠯᠯᠠᠭᠠᠨ ᠪᠠ ᠰᠣᠶᠣᠯ ᠵᠢᠭᠤᠯᠴᠢᠯᠠᠯ ᠤᠨ ᠲᠣᠭᠠᠵᠢᠭᠤᠯᠤᠭᠰᠠᠨ ᠢᠨᠵᠧᠨᠧᠷᠢᠩ ᠢ ᠬᠡᠷᠡᠭᠵᠢᠭᠦᠯᠦᠨ᠂ ᠪᠠᠷᠠᠭᠠᠨ ᠤ ᠭᠦᠢᠯᠭᠡᠭᠡᠨ᠂ ᠮᠥᠩᠭᠦᠨ ᠭᠦᠢᠯᠭᠡᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠵᠢᠭᠤᠯᠴᠢᠯᠠᠯ᠂ ᠰᠣᠶᠣᠯ ᠵᠡᠷᠭᠡ ᠬᠦᠷᠢᠶ᠎ᠡ ᠪᠠᠷ ᠭᠤᠤᠯᠳᠠᠯᠭ᠎ᠠ ᠪᠣᠯᠭᠠᠵᠤ᠂ ᠨᠢᠭᠡ ᠪᠦᠯᠦᠭ ᠦᠢᠯᠡᠴᠢᠯᠡᠭᠡᠨ ᠤ ᠦᠢᠯᠡᠰ ᠤᠨ ᠲᠥᠪᠯᠡᠷᠡᠭᠰᠡᠨ ᠲᠣᠭᠤᠷᠢᠭ ᠢ ᠪᠠᠶᠢᠭᠤᠯᠤᠨ᠂ ᠴᠢᠨᠠᠷ ᠰᠠᠶᠢᠲᠠᠶ ᠦᠢᠯᠡᠴᠢᠯᠡᠭᠡ ᠬᠠᠩᠭᠠᠬᠤ ᠶᠢ ᠴᠢᠩᠭᠠᠷᠠᠭᠤᠯᠤᠨ᠎ᠠ᠃      ᠲᠤᠰᠬᠠᠶ ᠪᠤᠯᠤᠩ 1᠄ ᠭᠤᠤᠯᠳᠠᠯᠭ᠎ᠠ ᠪᠣᠯᠬᠤ ᠠᠵᠤ ᠦᠢᠯᠡᠰ ᠤᠨ ᠬᠡᠯᠬᠢᠶ᠎ᠡ ᠶᠢᠨ ᠠᠵᠢᠯ ᠢ ᠲᠦᠷᠭᠡᠳᠬᠡᠨ ᠠᠬᠢᠭᠤᠯᠤᠨ᠎ᠠ      ︵ᠨᠢᠭᠡ︶ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ᠃ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠤᠯᠤᠰ ᠤᠨ ᠲᠥᠯᠥᠪᠵᠢᠭᠦᠯᠦᠨ ᠪᠠᠶᠢᠷᠢᠰᠢᠭᠤᠯᠤᠭᠰᠠᠨ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠢ ᠪᠣᠳᠠᠲᠠᠶᠢᠵᠢᠭᠤᠯᠬᠤ ᠪᠠᠷ ᠢᠳᠡᠪᠬᠢᠲᠡᠶ ᠴᠢᠷᠮᠠᠶᠢᠵᠤ᠂ ᠳᠡᠭᠡᠳᠦ ᠲᠠᠰ ᠤᠨ ᠰᠠᠭᠤᠷᠢ ᠪᠣᠯᠬᠤ ᠬᠢᠮᠢ ᠶᠢᠨ ᠠᠵᠤ ᠦᠢᠯᠡᠳᠪᠦᠷᠢ ᠶᠢᠨ ᠦᠢᠯᠡᠳᠬᠦᠨ ᠢ ᠶᠡᠭᠡ ᠪᠠᠷ ᠬᠥᠭᠵᠢᠭᠦᠯᠦᠨ᠂ ᠠᠵᠤ ᠦᠢᠯᠡᠰ ᠤᠨ ᠢᠵᠢ ᠪᠦᠷᠢᠳᠦᠭᠦᠯᠬᠦ ᠴᠢᠳᠠᠪᠤᠷᠢ ᠶᠢ ᠨᠢ ᠴᠢᠩᠭᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠬᠡᠷᠡᠭᠯᠡᠵᠦ ᠤᠯᠠᠷᠢᠭᠤᠯᠬᠤ ᠶᠢ ᠠᠬᠢᠭᠤᠯᠤᠨ᠂ ᠪᠣᠬᠢᠷᠲᠤᠯ ᠦᠭᠡᠶ ᠪᠠᠶᠢᠯᠭᠠᠬᠤ ᠪᠠ ᠨᠡᠭᠦᠷᠡᠰᠦᠳᠦ᠋ᠷᠦᠭᠴᠢ ᠪᠠᠭ᠎ᠠ ᠭᠠᠳᠠᠭᠰᠢᠯᠠᠭᠤᠯᠬᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃      ︵ᠬᠤᠶᠠᠷ︶ ᠰᠠᠯᠬᠢᠨ ᠤ ᠬᠦᠴᠦ ᠪᠠᠷ ᠴᠠᠬᠢᠯᠭᠠᠨ ᠡᠭᠦᠰᠬᠡᠬᠦ ᠲᠣᠨᠤᠭ ᠲᠥᠬᠦᠭᠡᠷᠦᠮᠵᠢ ᠶᠢᠨ ᠠᠵᠤ ᠦᠢᠯᠡᠰ ᠤᠨ ᠬᠡᠯᠬᠢᠶ᠎ᠡ᠃ ᠠᠵᠤ ᠦᠢᠯᠡᠰ ᠤᠨ ᠪᠠᠶᠢᠷᠢᠰᠢᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠮᠡᠷᠭᠡᠵᠢᠯ ᠤᠨ ᠰᠢᠨ᠎ᠡ ᠡᠭᠦᠳᠦᠯᠲᠡ ᠶᠢ ᠳᠡᠮᠵᠢᠵᠦ᠂ ᠥᠪᠡᠷᠲᠡᠭᠡᠨ ᠵᠠᠰᠠᠬᠤ ᠣᠷᠣᠨ ᠤ ᠬᠡᠯᠬᠢᠶ᠎ᠡ ᠶᠢᠨ ᠭᠤᠣᠯᠯᠠᠬᠤ ᠠᠵᠤ ᠠᠬᠤᠶᠢᠯᠠᠯ ᠢ ᠢᠳᠡᠪᠬᠢᠲᠡᠶ ᠪᠣᠢ ᠪᠣᠯᠭᠠᠨ᠂ ᠠᠵᠤ ᠦᠢᠯᠡᠰ ᠤᠨ ᠬᠡᠯᠬᠢᠶ᠎ᠡ ᠶᠢᠨ ᠳᠤᠲᠠᠭᠤᠳᠠᠯ ᠢ ᠨᠢ ᠨᠥᠬᠦᠪᠥᠷᠢᠯᠡᠬᠦ ᠠᠵᠢᠯᠯᠠᠭᠠᠨ ᠢ ᠬᠦᠴᠦᠲᠡᠢ ᠬᠡᠷᠡᠭᠵᠢᠭᠦᠯᠵᠦ᠂ ᠠᠵᠤ ᠦᠢᠯᠡᠰ ᠢ ᠲᠡᠳᠬᠦᠬᠦ ᠲᠥᠷᠥ ᠶᠢᠨ ᠪᠣᠳᠣᠯᠭ᠎ᠠ ᠪᠠᠨ ᠪᠠᠶᠢᠭᠤᠯᠤᠨ ᠪᠦᠷᠢᠨᠰᠢᠭᠦᠯᠦᠨ᠎ᠡ᠃      ︵ᠭᠤᠷᠪᠠ︶ ᠬᠡᠷᠡᠯ ᠴᠡᠨᠡᠭ ᠤᠨ ᠲᠣᠨᠤᠭ ᠲᠥᠬᠦᠭᠡᠷᠦᠮᠵᠢ ᠶᠢᠨ ᠠᠵᠤ ᠦᠢᠯᠡᠰ ᠤᠨ ᠬᠡᠯᠬᠢᠶ᠎ᠡ᠃ ᠠᠵᠤ ᠦᠢᠯᠡᠰ ᠤᠨ ᠪᠠᠶᠢᠷᠢᠰᠢᠭᠤᠯᠤᠯᠲᠠ ᠶᠢ ᠲᠣᠬᠢᠷᠠᠭᠤᠯᠤᠨ ᠰᠢᠯᠢᠳᠡᠭᠵᠢᠭᠦᠯᠵᠦ᠂ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠤᠨ᠂ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠨᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠠᠵᠤ ᠦᠢᠯᠡᠰ ᠤᠨ ᠬᠡᠯᠬᠢᠶ᠎ᠡ ᠪᠠᠨ ᠤᠷᠲᠤᠳᠬᠠᠬᠤ ᠶᠢ ᠠᠬᠢᠭᠤᠯᠵᠤ᠂ ᠣᠳᠣ ᠪᠠᠶᠢᠭ᠎ᠠ ᠲᠦᠭᠦᠬᠡᠢ ᠮᠠᠲ᠋ᠧᠷᠢᠶᠠᠯ ᠤᠨ ᠠᠵᠤ ᠠᠬᠤᠶᠢᠯᠠᠯ ᠢ ᠳᠠᠮᠵᠢᠵᠤ ᠪᠠᠶᠢᠭᠠᠳ ᠳᠤᠮᠳᠠ ᠬᠡᠯᠬᠢᠶᠡᠨ ᠳᠠᠬᠢ ᠭᠡᠷᠡᠯ ᠴᠡᠨᠡᠭ ᠤᠨ ᠲᠣᠨᠤᠭ ᠲᠥᠬᠦᠭᠡᠷᠦᠮᠵᠢ ᠶᠢᠨ ᠠᠵᠤ ᠦᠢᠯᠡᠰ ᠲᠡᠶᠢᠰᠢ ᠤᠷᠲᠤᠳᠬᠠᠨ᠂ ᠣᠷᠣᠨ ᠤ ᠭᠠᠳᠠᠨᠠᠬᠢ ᠬᠥᠲᠥᠴᠢ ᠠᠵᠤ ᠠᠬᠤᠶᠢᠯᠠᠯ ᠯᠤᠭ᠎ᠠ ᠢᠳᠡᠪᠬᠢᠲᠡᠢ ᠵᠣᠯᠭᠠᠭᠤᠯᠵᠤ᠂ ᠠᠵᠤ ᠦᠢᠯᠡᠰ ᠢ ᠲᠡᠳᠬᠦᠬᠦ ᠲᠥᠷᠥ ᠶᠢᠨ ᠪᠣᠳᠣᠯᠭ᠎ᠠ ᠪᠠᠨ ᠪᠠᠶᠢᠭᠤᠯᠤᠨ ᠪᠦᠷᠢᠨᠰᠢᠭᠦᠯᠦᠨ᠎ᠡ᠃      ︵ᠳᠥᠷᠪᠡ︶ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠬᠡᠯᠬᠢᠶ᠎ᠡ᠃ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠠᠶᠢᠷᠢᠰᠢᠭᠤᠯᠵᠤ᠂ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠡᠭᠦᠳᠦᠯᠲᠡ ᠶᠢ ᠳᠡᠮᠵᠢᠵᠦ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠬᠥᠲᠥᠴᠢ ᠠᠵᠤ ᠠᠬᠤᠶᠢᠯᠠᠯ ᠢ ᠪᠣᠶ ᠪᠣᠯᠭᠠᠨ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠲᠦᠬᠦᠷᠵᠢᠬᠦ ᠠᠵᠤ ᠠᠬᠤᠶᠢᠯᠠᠯ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠤᠨ᠎ᠠ᠃      ︵ᠲᠠᠪᠤ︶ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠬᠡᠯᠬᠢᠶ᠎ᠡ᠃ ᠠᠵᠤ ᠦᠢᠯᠡᠰ ᠤᠨ ᠲᠥᠪᠯᠡᠷᠡᠵᠦ ᠪᠥᠭᠡᠮᠨᠡᠷᠡᠭᠰᠡᠨ ᠪᠠ ᠵᠦᠷᠢᠶᠡᠵᠢᠭᠰᠡᠨ ᠬᠥᠭᠵᠢᠯᠲᠡ ᠶᠢ ᠠᠬᠢᠭᠤᠯᠤᠨ᠂ ᠬᠡᠯᠬᠢᠶ᠎ᠡ ᠶᠢᠨ ᠭᠤᠣᠯᠯᠠᠬᠤ ᠠᠵᠤ ᠠᠬᠤᠶᠢᠯᠠᠯ᠂ ᠲᠣᠯᠣᠭᠠᠶᠢᠯᠠᠬᠤ ᠠᠵᠤ ᠠᠬᠤᠶᠢᠯᠠᠯ ᠢ ᠪᠣᠶ ᠪᠣᠯᠭᠠᠨ ᠪᠦᠷᠢᠯᠳᠦᠭᠦᠯᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ ᠬᠡᠯᠬᠢᠶ᠎ᠡ ᠶᠢᠨ ᠳᠤᠲᠠᠭᠤᠳᠠᠯ ᠢ ᠨᠢ ᠨᠥᠬᠦᠪᠥᠷᠢᠯᠡᠬᠦ ᠶᠢ ᠴᠢᠩᠭᠠᠳᠬᠠᠨ᠂ ᠴᠢᠬᠤᠯᠠ ᠶᠡᠭᠡ ᠰᠢᠨ᠎ᠡ ᠡᠭᠦᠳᠦᠯᠲᠡ ᠶᠢᠨ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠪᠣᠲᠠᠲᠠᠶᠢᠵᠢᠭᠤᠯᠵᠤ ᠤᠯᠠᠷᠢᠭᠤᠯᠬᠤ ᠪᠠᠨ ᠠᠬᠢᠭᠤᠯᠤᠨ᠎ᠠ᠃      ︵ᠵᠢᠷᠭᠤᠭ᠎ᠠ︶ ᠬᠤᠪᠣᠷ ᠰᠢᠷᠣᠶ ᠶᠢᠨ ᠠᠵᠤ ᠦᠢᠯᠡᠰ ᠤᠨ ᠬᠡᠯᠬᠢᠶ᠎ᠡ᠃ ᠠᠵᠤ ᠦᠢᠯᠡᠰ ᠤᠨ ᠪᠠᠶᠢᠷᠢᠰᠢᠭᠤᠯᠤᠯᠲᠠ ᠶᠢ ᠲᠣᠬᠢᠷᠠᠭᠤᠯᠤᠨ ᠰᠢᠯᠢᠳᠡᠭᠵᠢᠭᠦᠯᠵᠦ᠂ ᠬᠤᠪᠣᠷ ᠰᠢᠷᠣᠶ ᠶᠢᠨ ᠠᠵᠤ ᠦᠢᠯᠡᠰ ᠤᠨ ᠪᠦᠯᠦᠭᠵᠢᠯ ᠢ ᠤᠯᠠᠮ ᠨᠢᠭᠡ ᠠᠯᠬᠤᠮ ᠬᠥᠭᠵᠢᠭᠦᠯᠵᠦ᠂ ᠤᠯᠤᠰ ᠤᠨ ᠬᠤᠪᠣᠷ ᠰᠢᠷᠣᠶ ᠶᠢᠨ ᠴᠢᠳᠠᠮᠵᠢᠲᠤ ᠮᠠᠲ᠋ᠧᠷᠢᠶᠠᠯ ᠤᠨ ᠰᠢᠨ᠎ᠡ ᠡᠭᠦᠳᠦᠯᠲᠡ ᠶᠢᠨ ᠲᠥᠪ᠂ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠤᠨ ᠰᠢᠨ᠎ᠡ ᠡᠭᠦᠳᠦᠯᠲᠡ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠬᠤᠪᠣᠷ ᠰᠢᠷᠣᠶ ᠶᠢᠨ ᠬᠡᠷᠡᠭᠯᠡᠭᠡᠨ ᠤ ᠠᠵᠤ ᠦᠢᠯᠡᠰ ᠢ ᠪᠣᠢ ᠪᠣᠯᠭᠠᠨ ᠪᠤᠵᠠᠭᠠᠶᠢᠷᠠᠭᠤᠯᠵᠤ᠂ ᠲᠡᠳᠬᠦᠬᠦ ᠲᠥᠷᠥ ᠶᠢᠨ ᠪᠣᠳᠣᠯᠭ᠎ᠠ ᠪᠠᠨ ᠪᠠᠶᠢᠭᠤᠯᠤᠨ ᠪᠦᠷᠢᠨᠰᠢᠭᠦᠯᠦᠨ᠎ᠡ᠃      ︵ᠳᠣᠯᠤᠭ᠎ᠠ︶ ᠥᠩᠭᠡᠲᠦ ᠲᠡᠮᠦᠷᠯᠢᠭ ᠤᠨ ᠠᠵᠤ ᠦᠢᠯᠡᠰ ᠤᠨ ᠬᠡᠯᠬᠢᠶ᠎ᠡ᠃ ᠠᠵᠤ ᠦᠢᠯᠡᠰ ᠤᠨ ᠪᠠᠶᠢᠷᠢᠰᠢᠭᠤᠯᠤᠯᠲᠠ ᠶᠢ ᠲᠣᠬᠢᠷᠠᠭᠤᠯᠤᠨ ᠰᠢᠯᠢᠳᠡᠭᠵᠢᠭᠦᠯᠵᠦ᠂ ᠮᠡᠷᠭᠡᠵᠢᠯ ᠣᠷᠣᠭᠤᠯᠵᠤ ᠢᠷᠡᠬᠦ ᠪᠠ ᠡᠭᠦᠳᠦᠨ ᠪᠦᠲᠦᠭᠡᠵᠦ ᠰᠤᠳᠤᠯᠤᠨ ᠨᠡᠭᠡᠭᠡᠬᠦ ᠶᠢ ᠳᠡᠮᠵᠢᠨ᠂ ᠠᠵᠤ ᠦᠢᠯᠡᠰ ᠤᠨ ᠬᠡᠯᠬᠢᠶ᠎ᠡ ᠪᠠᠨ ᠤᠷᠲᠤᠳᠬᠠᠬᠤ ᠶᠢ ᠬᠦᠴᠦᠲᠡᠢ ᠠᠬᠢᠭᠤᠯᠵᠤ᠂ ᠣᠳᠣ ᠪᠠᠶᠢᠭ᠎ᠠ ᠴᠠᠬᠢᠯᠭᠠᠨ ᠢᠶᠠᠷ ᠵᠠᠳᠠᠯᠤᠭᠰᠠᠨ ᠬᠥᠩᠭᠡᠨ ᠴᠠᠭᠠᠨ ᠤ ᠬᠡᠯᠬᠢᠶ᠎ᠡ ᠶᠢᠨ ᠭᠤᠣᠯᠯᠠᠬᠤ ᠠᠵᠤ ᠠᠬᠤᠶᠢᠯᠠᠯ ᠢᠶᠠᠨ ᠬᠥᠩᠭᠡᠨ ᠴᠠᠭᠠᠨ ᠤ ᠳᠠᠷᠠᠭᠠᠴᠢ ᠪᠠᠷ ᠬᠢ ᠡᠳ᠋ᠰᠢᠭᠦᠯᠬᠦ ᠠᠵᠤ ᠦᠢᠯᠡᠰ ᠲᠡᠶᠢᠰᠢ ᠤᠷᠲᠤᠳᠬᠠᠬᠤ ᠶᠢ ᠳᠡᠮᠵᠢᠵᠦ᠂ ᠠᠵᠤ ᠦᠢᠯᠡᠰ ᠢ ᠲᠡᠳᠬᠦᠬᠦ ᠲᠥᠷᠥ ᠶᠢᠨ ᠪᠣᠳᠣᠯᠭ᠎ᠠ ᠪᠠᠨ ᠪᠠᠶᠢᠭᠤᠯᠤᠨ ᠪᠦᠷᠢᠨᠰᠢᠭᠦᠯᠦᠨ᠎ᠡ᠃      ︵ᠨᠠᠢᠮᠠ︶ ᠰᠦ ᠶᠢᠨ ᠦᠢᠯᠡᠰ ᠤᠨ ᠠᠵᠤ ᠦᠢᠯᠡᠰ ᠤᠨ ᠬᠡᠯᠬᠢᠶ᠎ᠡ᠃ ᠰᠠᠭᠠᠯᠢ ᠶᠢᠨ ᠦᠨᠢᠶᠡᠨ ᠤ ᠤᠳᠤᠮᠰᠢᠯ ᠤᠨ ᠡᠭᠦᠯᠳᠡᠷ ᠰᠠᠶᠢᠵᠢᠷᠠᠭᠤᠯᠬᠤ ᠲᠥᠯᠥᠪᠯᠡᠭᠡ ᠪᠠ ᠲᠡᠵᠢᠭᠡᠯ ᠡᠪᠡᠰᠦ ᠪᠣᠷᠳᠣᠭᠠᠨ ᠤ ᠪᠠᠲᠤᠯᠠᠬᠤ ᠴᠢᠳᠠᠪᠤᠷᠢ ᠶᠢ ᠨᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠂ ᠰᠠᠭᠠᠯᠢ ᠶᠢᠨ ᠦᠨᠢᠶᠡᠨ ᠤ ᠰᠦᠷᠦᠭ ᠢᠶᠠᠨ ᠨᠡᠮᠡᠭᠳᠡᠭᠦᠯᠬᠦ ᠶᠢ ᠠᠬᠢᠭᠤᠯᠵᠤ᠂ ᠲᠠᠷᠢᠶᠠᠯᠠᠩ ᠪᠠ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠭᠳᠠᠭᠤᠯᠬᠤ ᠪᠠᠨ ᠤᠯᠠᠮ ᠨᠢᠭᠡ ᠠᠯᠬᠤᠮ ᠨᠢᠭᠲᠠᠷᠠᠭᠤᠯᠤᠨ᠎ᠠ᠃      ︵ᠶᠢᠰᠦ︶ ᠠᠯᠠᠰᠢᠨ ᠦᠬᠡᠷ ᠤᠨ ᠠᠵᠤ ᠦᠢᠯᠡᠰ ᠤᠨ ᠬᠡᠯᠬᠢᠶ᠎ᠡ᠃ ᠦᠷ᠎ᠡ ᠡᠭᠦᠯᠳᠡᠷ ᠤᠨ ᠦᠢᠯᠡᠰ ᠢᠶᠠᠨ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠂ ᠠᠯᠠᠰᠢᠨ ᠦᠬᠡᠷ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠬᠦ ᠲᠣᠭᠲᠠᠯᠴᠠᠭ᠎ᠠ ᠶᠢ ᠪᠦᠷᠢᠨᠰᠢᠭᠦᠯᠵᠦ᠂ ᠣᠲᠣ ᠦᠶ᠎ᠡ ᠶᠢᠨ ᠡᠳ᠋ᠰᠢᠭᠦᠯᠦᠨ ᠪᠣᠯᠪᠠᠰᠤᠷᠠᠭᠤᠯᠬᠤ ᠲᠣᠭᠲᠠᠯᠴᠠᠭ᠎ᠠ ᠶᠢ ᠪᠠᠶᠢᠭᠤᠯᠤᠨ᠂ ᠪᠣᠬᠢᠷᠲᠤᠯ ᠥᠬᠡᠶ ᠨᠠᠷᠠᠲᠤ ᠲᠡᠮᠳᠡᠭ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠡᠭᠦᠳᠦᠨ ᠪᠠᠶᠢᠭᠤᠯᠬᠤ ᠶᠢ ᠳᠡᠮᠵᠢᠨ᠂ ᠠᠯᠠᠰᠢᠨ ᠦᠬᠡᠷ ᠤᠨ ᠠᠵᠤ ᠦᠢᠯᠡᠰ ᠤᠨ ᠪᠦᠯᠦᠭᠵᠢᠯ ᠢ ᠪᠣᠶ ᠪᠣᠯᠭᠠᠨ ᠪᠤᠵᠠᠭᠠᠶᠢᠷᠠᠭᠤᠯᠵᠤ᠂ ᠠᠵᠤ ᠦᠢᠯᠡᠰ ᠤᠨ ᠮᠡᠳᠡᠭᠡ ᠵᠠᠩᠭᠢᠴᠢᠯᠠᠬᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃      ︵ᠠᠷᠪᠠ︶ ᠠᠯᠠᠰᠢᠨ ᠬᠤᠨᠢᠨ ᠤ ᠠᠵᠤ ᠦᠢᠯᠡᠰ ᠤᠨ ᠬᠡᠯᠬᠢᠶ᠎ᠡ᠃ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠵᠤ᠂ ᠠᠯᠠᠰᠢᠨ ᠬᠤᠨᠢᠨ ᠤ ᠤᠳᠤᠮᠰᠢᠯ ᠤᠨ ᠡᠭᠦᠯᠳᠡᠷ ᠰᠠᠶᠢᠵᠢᠷᠠᠭᠤᠯᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠦᠨ᠂ ᠠᠯᠠᠰᠢᠨ ᠬᠤᠨᠢᠨ ᠤ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠬᠦ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠬᠦᠯᠵᠦ᠂ ᠠᠯᠠᠰᠢᠨ ᠬᠤᠨᠢᠨ ᠤ ᠨᠠᠷᠠᠲᠤ ᠲᠡᠮᠳᠡᠭ ᠤᠨ ᠪᠠᠶᠢᠭᠤᠯᠤᠯᠲᠠ ᠶᠢ ᠠᠬᠢᠭᠤᠯᠤᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠭᠤᠷᠬᠢ ᠣᠯᠠᠨ ᠵᠦᠢᠯ ᠤᠨ ᠪᠣᠷᠣᠯᠠᠭᠤᠯᠤᠨ ᠬᠤᠳᠠᠯᠳᠤᠬᠤ ᠵᠠᠮ ᠮᠥᠷ ᠢᠶᠠᠨ ᠢᠳᠡᠪᠬᠢᠲᠡᠶ ᠥᠷᠭᠡᠳᠬᠡᠨ᠎ᠡ᠃      ︵ᠠᠷᠪᠠᠨ ᠨᠢᠭᠡ︶ ᠲᠥᠮᠥᠰᠥᠨ ᠤ ᠠᠵᠤ ᠦᠢᠯᠡᠰ ᠤᠨ ᠬᠡᠯᠬᠢᠶ᠎ᠡ᠃ ᠤᠯᠤᠰ ᠤᠨ ᠲᠡᠰ ᠤᠨ ᠲᠥᠮᠥᠰᠥᠨ ᠤ ᠰᠠᠶᠢᠨ ᠦᠷ᠎ᠡ ᠶᠢ ᠦᠷᠡᠵᠢᠭᠦᠯᠬᠦ ᠰᠠᠭᠤᠷᠢᠨ ᠭᠠᠵᠠᠷ ᠤᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠨᠢ ᠪᠠᠳᠠᠷᠠᠭᠤᠯᠤᠨ᠂ ᠲᠥᠮᠥᠰᠥᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠲᠥᠮᠥᠰᠥ ᠡᠳ᠋ᠰᠢᠭᠦᠯᠦᠨ ᠪᠣᠯᠪᠠᠰᠤᠷᠠᠭᠤᠯᠬᠤ ᠬᠢᠷᠢ ᠲᠦᠪᠰᠢᠨ ᠢ ᠳᠡᠭᠡᠭᠰᠢᠯᠡᠭᠦᠯᠦᠨ᠂ ︽ᠥᠪᠥᠷ ᠮᠣᠩᠭᠤᠯ ᠲᠥᠮᠥᠰᠥ︾ ᠶᠢᠨ ᠨᠡᠷᠡᠲᠦ ᠲᠡᠮᠳᠡᠭ ᠢᠶᠠᠨ ᠪᠣᠶ ᠪᠣᠯᠭᠠᠨ᠎ᠠ᠃      ︵ᠠᠷᠪᠠᠨ ᠬᠤᠶᠠᠷ︶ ᠬᠤᠨᠢ ᠢᠮᠠᠭᠠᠨ ᠤ ᠨᠣᠣᠰᠣ ᠨᠤᠯᠤᠭᠤᠤᠷ ᠤᠨ ᠠᠵᠤ ᠦᠢᠯᠡᠰ ᠤᠨ ᠬᠡᠯᠬᠢᠶ᠎ᠡ᠃ ᠨᠣᠣᠰᠣ ᠨᠤᠯᠤᠭᠤᠤᠷ ᠤᠨ ᠨᠥᠭᠡᠴᠡᠯᠡᠨ ᠬᠠᠳᠠᠭᠠᠯᠠᠬᠤ ᠳᠤ ᠳᠠᠮ ᠬᠦᠦ ᠥᠭᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠨᠤᠯᠤᠭᠤᠤᠷ ᠤᠨ ᠢᠮᠠᠭᠠᠨ ᠤ ᠴᠢᠨᠠᠷ ᠢ ᠨᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠂ ᠴᠢᠨᠠᠷ ᠰᠠᠶᠢᠲᠠᠶ ᠮᠥᠷᠲᠡᠭᠡᠨ ᠦᠨ᠎ᠡ ᠰᠠᠶᠢᠲᠠᠢ ᠪᠠᠶᠢᠬᠤ ᠲᠣᠭᠲᠠᠴᠠ ᠶᠢ ᠪᠦᠷᠢᠨᠰᠢᠭᠦᠯᠵᠦ᠂ ᠨᠣᠣᠰᠣ ᠨᠤᠯᠤᠭᠤᠤᠷ ᠤᠨ ᠠᠵᠤ ᠦᠢᠯᠡᠰ ᠤᠨ ᠲᠥᠪᠯᠡᠷᠡᠯ ᠤᠨ ᠬᠡᠮᠵᠢᠶ᠎ᠡ ᠶᠢ ᠳᠡᠭᠡᠭᠰᠢᠯᠡᠭᠦᠯᠦᠨ᠂ ᠮᠡᠷᠭᠡᠵᠢᠯ ᠪᠠ ᠵᠠᠬ᠎ᠠ ᠳᠡᠯᠭᠡᠭᠦᠷ ᠤᠨ ᠳᠠᠪᠠᠭᠤᠯᠢᠭ ᠲᠠᠢ ᠬᠡᠯᠬᠢᠶ᠎ᠡ ᠶᠢᠨ ᠭᠤᠣᠯᠯᠠᠬᠤ ᠠᠵᠤ ᠠᠬᠤᠶᠢᠯᠠᠯ ᠢ ᠪᠣᠢ ᠪᠣᠯᠭᠠᠵᠤ᠂ ᠨᠣᠣᠰᠣ ᠨᠤᠯᠤᠭᠤᠤᠷ ᠤᠨ ᠰᠢᠷᠬᠡᠭ ᠤᠨ ᠶᠠᠰᠤ ᠴᠢᠨᠠᠷ ᠢ ᠪᠠᠶᠢᠴᠠᠭᠠᠨ ᠰᠢᠯᠭᠠᠬᠤ ᠲᠣᠭᠲᠠᠯᠴᠠᠭ᠎ᠠ ᠪᠠᠨ ᠲᠡᠭᠦᠯᠳᠡᠷᠵᠢᠭᠦᠯᠦᠨ᠎ᠡ᠃      ︵ᠭᠤᠷᠪᠠ︶ ᠦᠢᠯᠡᠳᠬᠦ ᠦᠢᠯᠡᠰ ᠤᠨ ᠭᠤᠣᠯᠯᠠᠭᠴᠢ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠦᠢᠯᠡᠳᠬᠦ ᠦᠢᠯᠡᠰ᠂ ᠳᠤᠮᠳᠠ ᠵᠢᠵᠢᠭ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠨᠦᠭᠦᠳ ᠢ ᠲᠣᠭᠲᠠᠭᠠᠨ᠎ᠠ᠃ ᠦᠢᠯᠡᠳᠬᠦ ᠦᠢᠯᠡᠰ ᠤᠨ ᠭᠤᠣᠯᠯᠠᠭᠴᠢ ᠦᠷᠢᠰᠦᠯᠳᠦᠬᠦ ᠬᠦᠴᠦᠨ ᠢᠶᠠᠨ ᠳᠡᠭᠡᠭᠰᠢᠯᠡᠭᠦᠯᠬᠦ ᠠᠵᠢᠯᠯᠠᠭᠠᠨ ᠤ ᠲᠥᠯᠥᠪᠯᠡᠭᠡ ᠶᠢ ᠭᠦᠨᠵᠡᠭᠡᠢ ᠨᠠᠶᠢᠳᠠᠪᠤᠷᠢᠵᠢᠭᠤᠯᠤᠨ᠎ᠠ᠃ ᠦᠢᠯᠡᠳᠬᠦ ᠦᠢᠯᠡᠰ ᠤᠨ ᠬᠡᠯᠬᠢᠶ᠎ᠡ ᠶᠢ ᠨᠢ ᠤᠷᠲᠤᠳᠬᠠᠬᠤ᠂ ᠬᠡᠯᠬᠢᠶ᠎ᠡ ᠶᠢᠨ ᠳᠤᠲᠠᠭᠤᠳᠠᠯ ᠢ ᠨᠢ ᠨᠥᠬᠦᠪᠥᠷᠢᠯᠡᠬᠦ᠂ ᠬᠡᠯᠬᠢᠶ᠎ᠡ ᠶᠢ ᠨᠢ ᠬᠦᠴᠦᠷᠬᠡᠭᠵᠢᠭᠦᠯᠬᠦ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ ᠲᠣᠨᠤᠭ ᠲᠥᠬᠦᠭᠡᠷᠦᠮᠵᠢ ᠦᠢᠯᠡᠳᠬᠦ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠬᠤᠪᠣᠷ ᠰᠢᠷᠣᠶ᠂ ᠠᠮᠢᠳᠤ ᠪᠣᠳᠠᠰ ᠤᠨ ᠡᠮ ᠡᠮᠨᠡᠯᠭᠡ ᠵᠡᠷᠭᠡ ᠭᠤᠤᠯᠳᠠᠯᠭ᠎ᠠ ᠪᠣᠯᠬᠤ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠷᠴᠢᠮ ᠢᠶᠠᠨ ᠴᠢᠩᠭᠠᠷᠠᠭᠤᠯᠤᠨ᠂ ᠬᠥᠮᠥᠷᠭᠡ ᠳᠤ ᠣᠷᠣᠭᠤᠯᠤᠭᠰᠠᠨ ᠲᠥᠷᠥᠯ ᠵᠦᠢᠯ ᠢᠶᠠᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠨᠢ ᠨᠡᠪᠲᠡᠷᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ ᠤᠯᠠᠮᠵᠢᠯᠠᠯᠲᠤ ᠠᠵᠤ ᠦᠢᠯᠡᠰ ᠤᠨ ᠲᠣᠭᠠᠵᠢᠭᠤᠯᠤᠨ ᠥᠭᠡᠷᠡᠴᠢᠯᠡᠵᠦ ᠰᠢᠨᠡᠳᠬᠡᠬᠦ ᠶᠢ ᠲᠦᠷᠭᠡᠳᠬᠡᠨ᠂ ᠲᠣᠭᠠᠵᠢᠭᠤᠯᠤᠭᠰᠠᠨ ᠦᠢᠯᠡᠳᠪᠦᠷᠢ ᠶᠢᠨ ᠲᠠᠰᠤᠭ ᠪᠠ ᠣᠶᠤᠨᠴᠢ ᠦᠢᠯᠡᠳᠪᠦᠷᠢ ᠶᠢᠨ ᠲᠥᠷᠥᠯ ᠵᠦᠢᠯ ᠢ ᠠᠬᠢᠭᠤᠯᠵᠤ᠂ ᠭᠤᠤᠯᠳᠠᠯᠭ᠎ᠠ ᠪᠣᠯᠬᠤ ᠠᠵᠢᠯ ᠲᠥᠷᠥᠯ ᠤᠨ ᠠᠵᠤ ᠦᠢᠯᠡᠳᠪᠦᠷᠢ ᠶᠢᠨ ᠬᠥᠮᠦᠨ ᠮᠠᠰᠢᠨ ᠢ ᠳᠡᠯᠭᠡᠷᠡᠭᠦᠯᠦᠨ᠂ ᠲᠤᠰᠬᠠᠶ ᠨᠠᠷᠢᠯᠢᠭ ᠣᠨᠴᠠ ᠰᠢᠨ᠎ᠡ ︽ᠵᠢᠵᠢᠭ ᠠᠪᠤᠷᠭᠤ︾ ᠠᠵᠤ ᠠᠬᠤᠶᠢᠯᠠᠯ ᠢ ᠲᠦᠷᠭᠡᠳᠬᠡᠨ ᠪᠤᠶᠢᠵᠢᠭᠤᠯᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠶᠤᠨᠴᠢᠯᠠᠬᠤ ᠪᠠᠶᠢᠭᠤᠯᠤᠯᠲᠠ ᠶᠢ ᠦᠨᠳᠦᠰᠦᠨ ᠳᠤ ᠪᠠᠨ ᠪᠡᠶᠡᠯᠡᠭᠦᠯᠦᠨ᠎ᠡ᠃      ᠭᠤᠷᠪᠠ᠂ ᠳᠣᠲᠣᠭᠠᠳᠤ ᠬᠡᠷᠡᠭᠴᠡᠭᠡ ᠪᠠᠨ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠠᠵᠤ ᠠᠬᠤᠶ ᠶᠢᠨ ᠬᠥᠭᠵᠢᠯᠲᠡ ᠶᠢᠨ ᠳᠣᠲᠣᠭᠠᠳᠤ ᠳᠠᠬᠢ ᠬᠥᠳᠡᠯᠭᠡᠬᠦ ᠬᠦᠴᠦᠨ ᠢ ᠲᠠᠰᠤᠷᠠᠯᠲᠠ ᠦᠭᠡᠢ ᠴᠢᠩᠭᠠᠷᠠᠭᠤᠯᠤᠨ᠎ᠠ      ᠬᠡᠷᠡᠭᠯᠡᠭᠡ ᠪᠠ ᠪᠡᠯᠡ ᠣᠷᠣᠭᠤᠯᠤᠯᠲᠠ ᠶᠢ ᠪᠦᠲᠦᠮᠵᠢᠲᠡᠢ ᠥᠷᠭᠡᠳᠬᠡᠵᠦ᠂ ᠬᠡᠷᠡᠭᠴᠡᠭᠡ ᠱᠠᠭᠠᠷᠳᠠᠯᠭ᠎ᠠ ᠪᠠᠷ ᠬᠦᠲᠦᠯᠦᠨ ᠳᠠᠭᠠᠭᠤᠯᠬᠤ ᠪᠠ ᠬᠠᠩᠭᠠᠯᠭ᠎ᠠ ᠪᠠᠷ ᠡᠭᠦᠳᠦᠨ ᠪᠦᠲᠦᠭᠡᠬᠦ ᠶᠢ ᠣᠷᠭᠠᠨᠢᠭ ᠢᠶᠠᠷ ᠤᠶᠠᠯᠳᠤᠭᠤᠯᠤᠨ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠷ ᠰᠠᠭᠤᠷᠢ ᠴᠡᠭ ᠪᠣᠯᠭᠠᠵᠤ ᠪᠠᠶᠢᠭᠠᠳ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠭᠤᠯᠤᠨ᠎ᠠ᠃      ︵ᠨᠢᠭᠡ︶ ᠬᠡᠷᠡᠭᠯᠡᠭᠡ ᠪᠠᠨ ᠦᠷᠭᠦᠯᠵᠢᠯᠡᠨ ᠰᠡᠷᠭᠦᠭᠡᠬᠦ ᠶᠢ ᠠᠬᠢᠭᠤᠯᠤᠨ᠎ᠠ᠃ ᠤᠯᠠᠮᠵᠢᠯᠠᠯᠲᠤ ᠬᠡᠷᠡᠭᠯᠡᠭᠡ ᠶᠢᠨ ᠴᠢᠨᠠᠷ ᠴᠢᠨᠰᠠᠭ᠎ᠠ ᠶᠢ ᠨᠢ ᠳᠡᠭᠡᠭᠰᠢᠯᠡᠭᠦᠯᠦᠨ ᠬᠡᠪᠴᠢᠶ᠎ᠡ ᠪᠠᠭᠲᠠᠭᠠᠮᠵᠢ ᠶᠢ ᠨᠢ ᠥᠷᠭᠡᠳᠬᠡᠬᠦ ᠶᠢ ᠲᠦᠷᠭᠡᠳᠬᠡᠨ᠂ ︽ᠥᠪᠥᠷ ᠮᠣᠩᠭᠤᠯ︾ ᠦᠰᠦᠭᠲᠦ ᠲᠡᠮᠳᠡᠭ ᠲᠠᠢ ᠨᠡᠷᠡᠲᠦ ᠲᠡᠮᠳᠡᠭ ᠢᠶᠠᠨ ᠳᠡᠭᠡᠭᠰᠢᠯᠡᠭᠦᠯᠬᠦ ᠠᠵᠢᠯᠯᠠᠭᠠᠨ ᠢ ᠥᠷᠨᠢᠭᠦᠯᠵᠦ᠂ ᠬᠤᠳᠠᠯᠳᠤᠭᠠᠨ ᠤ ᠪᠣᠳᠠᠲᠤ ᠴᠣᠭᠴᠠ ᠶᠢᠨ ᠬᠡᠯᠪᠡᠷᠢ ᠪᠠᠨ ᠬᠤᠪᠢᠷᠠᠭᠤᠯᠬᠤ ᠪᠠ ᠵᠠᠭᠪᠤᠷ ᠲᠤ ᠪᠠᠨ ᠰᠢᠨ᠎ᠡ ᠶᠢ ᠡᠭᠦᠳᠬᠦ ᠶᠢ ᠨᠢ ᠠᠬᠢᠭᠤᠯᠤᠨ᠂ ᠪᠣᠬᠢᠷᠲᠤᠯ ᠦᠭᠡᠢ ᠬᠤᠳᠠᠯᠳᠤᠭᠠᠨ ᠤ ᠲᠠᠯᠠᠪᠠᠢ ᠶᠢ ᠡᠭᠦᠳᠦᠨ ᠪᠠᠶᠢᠭᠤᠯᠬᠤ ᠪᠠ ᠨᠡᠷᠡᠲᠦ ᠲᠡᠮᠳᠡᠭ ᠢ ᠬᠡᠯᠬᠢᠶᠡᠵᠢᠭᠦᠯᠦᠨ ᠬᠥᠭᠵᠢᠭᠦᠯᠬᠦ ᠶᠢ ᠨᠢ ᠳᠡᠮᠵᠢᠵᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠳᠡᠯᠭᠡᠭᠦᠷ ᠤᠨ ᠰᠦᠯᠵᠢᠶ᠎ᠡ ᠪᠠᠷ ᠡᠵᠡᠩᠨᠡᠨ ᠪᠣᠷᠣᠯᠠᠭᠤᠯᠬᠤ ᠠᠷᠭ᠎ᠠ ᠮᠠᠶ᠋ᠢᠭ ᠢ ᠬᠡᠷᠡᠭᠯᠡᠨ ᠵᠠᠬ᠎ᠠ ᠳᠡᠯᠭᠡᠭᠦᠷ ᠢᠶᠠᠨ ᠥᠷᠭᠡᠳᠬᠡᠬᠦ ᠶᠢ ᠨᠢ ᠠᠬᠢᠭᠤᠯᠤᠨ᠂ ᠰᠢᠨ᠎ᠡ ᠡᠨᠧᠷᠭᠢ ᠶᠢᠨ ᠮᠠᠰᠢᠨ ᠲᠡᠷᠭᠡ ᠶᠢᠨ ᠴᠠᠬᠢᠯᠭᠠᠨ ᠴᠡᠨᠡᠭᠯᠡᠵᠦ ᠰᠣᠯᠢᠬᠤ ᠪᠡᠯᠡᠳᠬᠡᠮᠵᠢ ᠶᠢ ᠨᠢ ᠲᠦᠷᠭᠡᠳᠬᠡᠨ ᠲᠡᠭᠦᠯᠳᠡᠷᠵᠢᠭᠦᠯᠵᠦ᠂ ᠭᠡᠷ ᠤᠨ ᠴᠠᠬᠢᠯᠭᠠᠨ ᠬᠡᠷᠡᠭᠰᠡᠯ ᠢ ᠡᠭᠡᠭᠦᠯᠦᠨ ᠠᠪᠴᠤ ᠰᠢᠢᠳᠪᠦᠷᠢᠯᠡᠬᠦ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠨ᠂ ᠨᠥᠬᠦᠴᠡᠯ ᠲᠠᠢ ᠭᠠᠵᠠᠷ ᠣᠷᠣᠨ ᠢ ᠵᠣᠷᠢᠭᠵᠢᠭᠤᠯᠵᠤ ᠪᠠᠶᠢᠭᠠᠳ ᠪᠣᠬᠢᠷᠲᠤᠯ ᠦᠭᠡᠢ ᠣᠶᠤᠨᠴᠢ ᠭᠡᠷ ᠤᠨ ᠴᠠᠬᠢᠯᠭᠠᠨ ᠬᠡᠷᠡᠭᠰᠡᠯ ᠢ ᠬᠥᠳᠡᠭᠡ ᠲᠣᠰᠬᠤᠨ ᠳᠤ ᠪᠠᠭᠤᠯᠭᠠᠨ᠎ᠠ᠃ ᠰᠢᠨ᠎ᠡ ᠬᠡᠯᠪᠡᠷᠢ ᠪᠦᠬᠦᠢ ᠬᠡᠷᠡᠭᠯᠡᠭᠡ ᠶᠢ ᠢᠳᠡᠪᠬᠢᠲᠡᠶ ᠪᠣᠶ ᠪᠣᠯᠭᠠᠵᠤ᠂ ᠥᠯᠥ ᠣᠶᠢᠷᠠᠳᠬᠤ ᠬᠡᠯᠪᠡᠷᠢ ᠪᠦᠬᠦᠢ ᠬᠡᠷᠡᠭᠯᠡᠭᠡ ᠶᠢᠨ ᠪᠡᠶᠡᠴᠢᠯᠡᠨ ᠣᠶᠢᠯᠠᠭᠠᠬᠤ ᠶᠢ ᠥᠷᠭᠡᠳᠬᠡᠵᠦ᠂ ᠣᠶᠣᠨᠯᠢᠭ ᠬᠡᠲᠦ ᠳᠡᠯᠭᠡᠭᠦᠷ᠂ ᠣᠶᠣᠨᠯᠢᠭ ᠬᠤᠳᠠᠯᠳᠤᠭ᠎ᠠ ᠳᠡᠯᠭᠡᠭᠦᠷ᠂ ᠣᠶᠣᠨᠯᠢᠭ ᠬᠤᠭᠤᠯᠠᠨ ᠬᠡᠷ᠂ ᠣᠶᠣᠨᠯᠢᠭ ᠤᠯᠠᠭ᠎ᠠ ᠥᠷᠲᠡᠭᠡ᠂ ᠣᠶᠣᠨᠯᠢᠭ ᠨᠣᠮ ᠤᠨ ᠳᠡᠯᠭᠡᠭᠦᠷ ᠪᠠᠶᠢᠭᠤᠯᠬᠤ ᠶᠢ ᠵᠣᠷᠢᠭᠵᠢᠭᠤᠯᠤᠨ᠂ ᠰᠦᠯᠵᠢᠶᠡᠨ ᠤ ᠪᠠ ᠰᠦᠯᠵᠢᠶᠡᠨ ᠭᠠᠳᠠᠭᠤᠷᠬᠢ ᠶᠢ ᠠᠭᠤᠰᠤᠯᠴᠠᠭᠤᠯᠤᠭᠰᠠᠨ ᠪᠡᠶᠡᠴᠢᠯᠡᠨ ᠣᠶᠢᠯᠠᠭᠠᠬᠤ ᠪᠠ ᠪᠣᠷᠣᠯᠠᠭᠤᠯᠵᠤ ᠬᠤᠳᠠᠯᠳᠤᠬᠤ ᠲᠤᠰᠬᠠᠶ ᠭᠠᠵᠠᠷ ᠪᠠᠶᠢᠭᠤᠯᠬᠤ ᠶᠢ ᠨᠢ ᠳᠡᠮᠵᠢᠵᠦ᠂ ᠰᠢᠨ᠎ᠡ ᠬᠡᠯᠪᠡᠷᠢ ᠪᠦᠬᠦᠢ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠶᠢᠨ ᠲᠥᠪᠯᠡᠷᠡᠩᠭᠦᠢ ᠪᠠᠶᠢᠬᠤ ᠭᠠᠵᠠᠷ ᠢ ᠪᠠᠶᠢᠭᠤᠯᠤᠨ᠎ᠠ᠃ ᠬᠤᠲᠠ ᠬᠥᠳᠡᠭᠡ ᠶᠢᠨ ᠬᠡᠷᠡᠭᠯᠡᠭᠡ ᠶᠢᠨ ᠠᠭᠤᠰᠤᠯᠴᠠᠭᠰᠠᠨ ᠲᠤᠤᠷ ᠰᠦᠯᠵᠢᠶ᠎ᠡ ᠶᠢ ᠲᠡᠭᠦᠯᠳᠡᠷᠵᠢᠭᠦᠯᠦᠨ᠂ ᠣᠷᠣᠨ ᠪᠦᠰᠡ ᠶᠢᠨ ᠬᠡᠷᠡᠭᠯᠡᠭᠡ ᠶᠢᠨ ᠲᠥᠪ ᠪᠠ ᠰᠢᠶᠠᠨ ᠤ ᠬᠡᠪᠴᠢᠶᠡᠨ ᠤ ᠬᠡᠷᠡᠭᠯᠡᠭᠡ ᠶᠢᠨ ᠲᠥᠪᠯᠡᠷᠡᠩᠭᠦᠢ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠬᠤᠲᠠ ᠬᠥᠳᠡᠭᠡ ᠶᠢᠨ ᠬᠤᠳᠠᠯᠳᠤᠭᠠᠨ ᠤ ᠲᠤᠤᠷ ᠴᠡᠭ ᠤᠨ ᠪᠠᠶᠢᠷᠢᠰᠢᠭᠤᠯᠤᠯᠲᠠ ᠶᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠦᠨ᠂ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠵᠢᠵᠢᠭᠯᠡᠨ ᠬᠤᠳᠠᠯᠳᠤᠬᠤ ᠲᠤᠤᠷ ᠴᠡᠭ ᠢ ᠲᠠᠰ ᠳᠡᠪᠰᠢᠭᠦᠯᠵᠦ ᠥᠭᠡᠷᠡᠴᠢᠯᠡᠨ ᠰᠢᠨᠡᠳᠬᠡᠵᠦ᠂ ᠨᠡᠶᠢᠭᠡᠮ ᠲᠣᠭᠤᠷᠢᠭ ᠲᠠᠬᠢ ᠠᠷᠠᠳ ᠲᠤ ᠲᠥᠬᠦᠮ ᠦᠵᠡᠭᠦᠯᠬᠦ ᠬᠡᠷᠡᠭᠯᠡᠭᠡ ᠦᠢᠯᠡᠴᠢᠯᠡᠭᠡᠨ ᠤ ᠭᠠᠵᠠᠷ ᠢ ᠲᠡᠭᠦᠯᠳᠡᠷᠵᠢᠭᠦᠯᠦᠨ᠂ ᠡᠯᠧᠺᠲᠷᠣᠨ ᠬᠤᠳᠠᠯᠳᠤᠭ᠎ᠠ ᠶᠢ ᠬᠥᠳᠡᠭᠡ ᠲᠣᠰᠬᠤᠨ ᠳᠤ ᠨᠡᠪᠲᠡᠷᠡᠭᠦᠯᠵᠦ ᠪᠠᠶᠢᠭ᠎ᠠ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠰᠢᠶᠠᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠎ᠡ᠃      ︵ᠬᠤᠶᠠᠷ︶ ᠪᠦᠲᠦᠮᠵᠢᠲᠡᠢ ᠪᠡᠯᠡ ᠣᠷᠣᠭᠤᠯᠤᠯᠲᠠ ᠶᠢ ᠢᠳᠡᠪᠬᠢᠲᠡᠢ ᠥᠷᠭᠡᠳᠬᠡᠨ᠎ᠡ᠃ ᠤᠯᠤᠰ ᠠᠴᠠ ᠪᠣᠬᠢᠷᠲᠤᠯ ᠪᠠ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠪᠠᠭᠠᠰᠬᠠᠬᠤ᠂ ᠰᠢᠨ᠎ᠡ ᠡᠨᠧᠷᠭᠢ᠂ ᠰᠢᠨ᠎ᠡ ᠮᠡᠷᠭᠡᠵᠢᠯ᠂ ᠰᠢᠨ᠎ᠡ ᠠᠵᠤ ᠦᠢᠯᠡᠰ ᠤᠨ ᠪᠦᠯᠦᠭᠵᠢᠯ᠂ ᠬᠤᠲᠠ ᠶᠢᠨ ᠬᠤᠭᠤᠯᠠᠢ ᠭᠤᠤᠷᠰᠤ ᠶᠢᠨ ᠲᠣᠣᠷ ᠤᠨ ᠥᠭᠡᠷᠡᠴᠢᠯᠡᠨ ᠰᠢᠨᠡᠳᠬᠡᠬᠦ ᠵᠡᠷᠭᠡ ᠬᠦᠷᠢᠶᠡᠨ ᠳᠠᠬᠢ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ ᠪᠠᠶᠢᠭ᠎ᠠ ᠠᠰᠢᠭᠲᠠᠢ ᠴᠠᠭ ᠲᠣᠬᠢᠶᠠᠯ ᠢ ᠠᠳᠬᠤᠵᠤ᠂ ᠲᠤᠰᠬᠠᠢ ᠵᠢᠭᠡᠯᠡᠯᠭᠡ ᠶᠢᠨ ᠪᠡᠯᠡ ᠮᠥᠩᠭᠦ ᠶᠢ ᠭᠦᠢᠴᠡᠳ ᠰᠠᠶᠢᠲᠤᠷ ᠬᠡᠷᠡᠭᠯᠡᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 7% ᠣᠷᠴᠢᠮ ᠨᠡᠮᠡᠭᠳᠡᠭᠦᠯᠬᠦ ᠪᠠᠷ ᠴᠢᠷᠮᠠᠶᠢᠨ᠎ᠠ᠃ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠨ᠂ ︽ᠪᠠᠯᠠ ᠮᠥᠩᠭᠦ ᠪᠠ ᠬᠦᠴᠦᠨ ᠵᠦᠢᠯ ᠢᠶᠠᠨ ᠲᠥᠷᠥᠯ ᠵᠦᠢᠯ ᠢᠶᠠᠷ ᠨᠢ ᠶᠠᠪᠤᠭᠤᠯᠬᠤ︾ ᠶᠢ ᠨᠠᠶᠢᠳᠠᠪᠤᠷᠢᠵᠢᠭᠤᠯᠵᠤ᠂ ᠴᠢᠬᠤᠯᠠ ᠶᠡᠭᠡ ᠲᠥᠷᠥᠯ ᠵᠦᠢᠯ ᠤᠨ ᠬᠡᠷᠡᠭᠯᠡᠬᠦ ᠭᠠᠵᠠᠷ᠂ ᠪᠠᠯᠠ ᠮᠥᠩᠭᠦ᠂ ᠡᠨᠧᠷᠭᠢ ᠶᠢᠨ ᠬᠤᠷᠣᠭᠳᠠᠯ᠂ ᠤᠰᠤᠨ ᠤ ᠬᠤᠷᠣᠭᠳᠠᠯ ᠵᠡᠷᠭᠡ ᠪᠥᠲᠥᠭᠡᠨ ᠪᠠᠶᠢᠭᠤᠯᠤᠯᠲᠠ ᠶᠢᠨ ᠬᠦᠴᠦᠨ ᠵᠦᠢᠯ ᠤᠨ ᠪᠠᠲᠤᠯᠠᠭ᠎ᠠ ᠶᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠨᠢᠭᠡᠳᠦᠯᠲᠡᠶ ᠲᠥᠯᠥᠪᠯᠡᠨ᠎ᠡ᠃ ᠪᠡᠯᠡ ᠣᠷᠣᠭᠤᠯᠤᠯᠲᠠ ᠶᠢᠨ ᠦᠢᠯᠡᠴᠢᠯᠡᠭᠡ ᠶᠢ ᠰᠢᠯᠢᠳᠡᠭᠵᠢᠭᠦᠯᠦᠨ᠂ ᠠᠷᠠᠳ ᠤᠨ ᠳᠤᠮᠳᠠᠬᠢ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠵᠦ᠂ ᠠᠷᠠᠳ ᠤᠨ ᠳᠤᠮᠳᠠᠬᠢ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠤᠯᠠᠮ ᠨᠢᠭᠡ ᠠᠯᠬᠤᠮ ᠢᠯᠭᠠᠷᠠᠭᠤᠯᠤᠨ ᠴᠣᠮᠬᠠᠳᠬᠠᠵᠤ ᠵᠢᠷᠤᠮᠵᠢᠭᠤᠯᠤᠨ᠂ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠪᠠᠳᠠᠷᠠᠭᠤᠯᠵᠤ᠂ ᠨᠡᠶᠢᠭᠡᠮ ᠤᠨ ᠬᠥᠷᠥᠩᠭᠡ ᠶᠢ ᠲᠠᠲᠠᠵᠤ ᠰᠠᠭᠤᠷᠢ ᠪᠡᠯᠡᠳᠬᠡᠮᠵᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠤᠨ᠂ ᠠᠷᠠᠳ ᠤᠨ ᠳᠤᠮᠳᠠᠬᠢ ᠪᠡᠯᠡ ᠣᠷᠣᠭᠤᠯᠤᠯᠲᠠ ᠶᠢᠨ ᠨᠡᠯᠢᠶᠡᠳ ᠲᠦᠷᠭᠡᠨ ᠨᠡᠮᠡᠭᠳᠡᠬᠦ ᠪᠠᠶᠢᠳᠠᠯ ᠢ ᠪᠠᠲᠤᠯᠠᠨ᠎ᠠ᠃ ᠴᠢᠬᠤᠯᠠ ᠶᠡᠭᠡ ᠲᠥᠷᠥᠯ ᠵᠦᠢᠯ ᠤᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠲᠦᠷᠢᠮ ᠢ ᠲᠡᠭᠦᠯᠳᠡᠷᠵᠢᠭᠦᠯᠵᠦ᠂ ᠲᠦᠷᠦᠭᠦᠴᠢ ᠶᠢᠨ ᠬᠤᠭᠤᠴᠠᠭᠠᠨ ᠳᠠᠬᠢ ᠭᠠᠷᠳᠠᠮ ᠭᠦᠢᠴᠡᠳᠬᠡᠭᠰᠡᠨ ᠭᠤᠷᠪᠠᠨ ᠱᠠᠲᠤᠨ ᠤ ᠰᠠᠯᠠᠭ᠎ᠠ ᠮᠥᠴᠢᠷ ᠤᠨ ᠳᠠᠭᠠᠭᠠᠴᠢᠯᠠᠨ ᠬᠤᠯᠪᠣᠭᠠᠯᠠᠬᠤ ᠬᠠᠷᠢᠭᠤᠴᠠᠯᠭ᠎ᠠ ᠶᠢᠨ ᠲᠣᠭᠲᠠᠴᠠ ᠪᠠ ᠴᠢᠬᠤᠯᠠ ᠶᠡᠭᠡ ᠲᠥᠷᠥᠯ ᠵᠦᠢᠯ ᠤᠨ ︽ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶︾ ᠭᠤᠷᠪᠠᠨ ᠱᠠᠲᠤᠨ ᠤ ᠤᠳᠤᠷᠢᠳᠤᠯᠭ᠎ᠠ ᠶᠢᠨ ᠳᠠᠭᠠᠭᠠᠴᠢᠯᠠᠨ ᠬᠤᠯᠪᠣᠭᠠᠯᠠᠬᠤ ᠲᠦᠷᠢᠮ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠤᠨ᠂ ᠴᠢᠬᠤᠯᠠ ᠶᠡᠭᠡ ᠲᠥᠷᠥᠯ ᠵᠦᠢᠯ ᠢ ᠠᠬᠢᠭᠤᠯᠬᠤ ᠠᠵᠢᠯ ᠤᠨ ᠲᠤᠰᠬᠠᠶ ᠪᠠᠭ ᠤᠨ ᠦᠢᠯᠡᠳᠦᠯ ᠢ ᠨᠢ ᠪᠠᠳᠠᠷᠠᠭᠤᠯᠵᠤ᠂ ᠴᠢᠬᠤᠯᠠ ᠶᠡᠭᠡ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠠᠬᠢ ᠬᠦᠴᠢᠷ ᠪᠠ ᠲᠦᠭᠵᠢᠷᠡᠯ ᠪᠣᠯᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤ ᠨᠢ ᠵᠣᠬᠢᠴᠠᠭᠤᠯᠤᠨ ᠰᠢᠢᠳᠪᠦᠷᠢᠯᠡᠨ᠎ᠡ᠃ ᠤᠯᠤᠰ ᠤᠨ 102 ᠵᠦᠢᠯ ᠤᠨ ᠴᠢᠬᠤᠯᠠ ᠶᠡᠭᠡ ᠢᠨᠵᠧᠨᠧᠷᠢᠩ ᠢᠶᠠᠷ ᠭᠤᠤᠯᠳᠠᠯᠭ᠎ᠠ ᠪᠣᠯᠭᠠᠵᠤ᠂ ᠲᠥᠷᠥᠯ ᠵᠦᠢᠯ ᠤᠨ ᠨᠥᠭᠡᠴᠡ ᠶᠢ ᠴᠢᠩᠭᠠᠳᠬᠠᠨ᠂ ᠭᠤᠤᠯᠳᠠᠯᠭ᠎ᠠ ᠪᠣᠯᠬᠤ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠬᠦ᠂ ᠠᠵᠤ ᠦᠢᠯᠡᠰ ᠤᠨ ᠲᠠᠰ ᠳᠡᠪᠰᠢᠬᠦ ᠶᠢ ᠠᠬᠢᠭᠤᠯᠬᠤ ᠪᠠ ᠠᠷᠠᠳ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠳᠤ ᠦᠢᠯᠡᠴᠢᠯᠡᠬᠦ ᠴᠢᠨᠠᠷ ᠰᠠᠶᠢᠲᠠᠶ ᠨᠢᠭᠡ ᠪᠦᠯᠦᠭ ᠲᠥᠷᠥᠯ ᠵᠦᠢᠯ ᠢ ᠰᠡᠳᠦᠨ ᠲᠥᠯᠥᠪᠯᠡᠨ᠎ᠡ᠃      ︵ᠭᠤᠷᠪᠠ︶ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠵᠣᠬᠢᠰᠲᠠᠶ ᠤᠷᠢᠳᠴᠢᠯᠠᠨ ᠪᠠᠶᠢᠷᠢᠰᠢᠯᠠᠭᠤᠯᠤᠨ᠎ᠠ᠃ ︽ᠬᠤᠶᠠᠷ ᠰᠢᠨ᠎ᠡ ᠨᠢᠭᠡ ᠬᠦᠨᠳᠦ︾ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠭᠤᠷᠢ ᠪᠡᠯᠡᠳᠬᠡᠮᠵᠢ ᠶᠢᠨ ᠪᠠᠯᠠ ᠣᠷᠣᠭᠤᠯᠤᠯᠲᠠ ᠶᠢ ᠵᠣᠬᠢᠰᠲᠠᠶ ᠤᠷᠢᠳᠴᠢᠯᠠᠨ ᠥᠷᠨᠢᠭᠦᠯᠦᠨ᠎ᠡ᠃ ᠰᠢᠨ᠎ᠡ ᠬᠡᠯᠪᠡᠷᠢ ᠶᠢᠨ ᠰᠠᠭᠤᠷᠢ ᠪᠡᠯᠡᠳᠬᠡᠮᠵᠢ ᠶᠢᠨ ᠲᠠᠯ᠎ᠠ ᠪᠠᠷ᠂ 5G᠂ ᠳ᠋ᠠᠶᠢᠲ᠋ᠠ ᠶᠢᠨ ᠲᠥᠪ ᠵᠡᠷᠭᠡ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ 5G ᠰᠠᠭᠤᠷᠢ ᠥᠷᠲᠡᠭᠡ ᠶᠢ 1 ᠲᠦᠮᠡ ᠰᠢᠨ᠎ᠡ ᠪᠠᠷ ᠪᠠᠶᠢᠭᠤᠯᠵᠤ᠂ ᠬᠤᠰᠢᠭᠤ ᠰᠢᠶᠠᠨ ︵ᠬᠤᠲᠠ᠂ ᠲᠣᠭᠤᠷᠢᠭ︶᠂ ᠭᠤᠤᠯᠳᠠᠯᠭ᠎ᠠ ᠪᠣᠯᠬᠤ ᠬᠦᠷᠢᠶᠡᠯᠡᠩ ᠲᠣᠭᠤᠷᠢᠭ᠂ ᠲᠣᠮᠣ ᠬᠡᠯᠪᠡᠷᠢ ᠶᠢᠨ ᠠᠵᠤ ᠠᠬᠤᠶᠢᠯᠠᠯ ᠳᠤ 5G ᠢ ᠪᠦᠷᠢᠨ ᠪᠦᠷᠬᠦᠭᠦᠯᠦᠨ᠂ ᠪᠥᠬᠦ ᠤᠯᠤᠰ ᠤᠨ ᠨᠢᠭᠡ ᠴᠣᠭᠴᠠᠵᠢᠭᠤᠯᠤᠭᠰᠠᠨ ᠬᠠᠮ ᠰᠢᠢᠳᠪᠦᠷᠢᠯᠡᠬᠦ ᠴᠢᠳᠠᠮᠵᠢ ᠶᠢᠨ ᠰᠦᠯᠵᠢᠶᠡᠨ ᠳᠠᠬᠢ ᠤᠯᠤᠰ ᠤᠨ ᠭᠤᠣᠯ ᠵᠠᠩᠭᠢᠶᠠᠰᠤ ᠴᠡᠭ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠳᠤ ᠤᠯᠤᠰ ᠤᠨ ᠰᠢᠨ᠎ᠡ ᠬᠡᠯᠪᠡᠷᠢ ᠶᠢᠨ ᠢᠨᠲ᠋ᠧᠷ ᠰᠦᠯᠵᠢᠶ᠎ᠡ ᠶᠢᠨ ᠰᠣᠯᠢᠯᠴᠠᠯ ᠤᠨ ᠲᠥᠪ ᠢ ᠪᠠᠶᠢᠷᠢᠰᠢᠭᠤᠯᠬᠤ ᠪᠠᠷ ᠴᠢᠷᠮᠠᠶᠢᠨ᠎ᠠ᠃ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠲᠠᠯ᠎ᠠ ᠪᠠᠷ᠂ ᠪᠤᠭᠤᠲᠤ ᠠᠴᠠ ᠢᠷᠭᠠᠶ ᠬᠦᠷᠬᠦ ᠳᠡᠭᠡᠳᠦ ᠬᠤᠷᠳᠤ ᠶᠢᠨ ᠲᠡᠮᠦᠷ ᠵᠠᠮ ︵ᠪᠠᠶᠠᠨᠬᠤᠲᠠ ᠠᠴᠠ ᠢᠷᠭᠠᠶ ᠬᠦᠷᠬᠦ ᠰᠠᠯᠪᠤᠷᠢ ᠱᠤᠭᠤᠮ ᠪᠠᠭᠲᠠᠨ᠎ᠠ︶᠂ ᠵᠢᠨᠢᠩ ᠠᠴᠠ ᠳ᠋ᠠᠲ᠋ᠦ᠋ᠩ ᠪᠠ ᠶᠤᠸᠠᠨᠫᠢᠩ ᠬᠦᠷᠬᠦ ᠳᠡᠭᠡᠳᠦ ᠬᠤᠷᠳᠤ ᠶᠢᠨ ᠲᠡᠮᠦᠷ ᠵᠠᠮ᠂ ᠡᠷᠢᠶᠡᠨ ᠠᠴᠠ ᠭᠤᠸᠠᠩᠵᠧᠦ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ ᠳᠠᠬᠢ ᠵᠢᠨᠢᠩ ᠠᠴᠠ ᠠᠷᠤᠨ ᠬᠦᠷᠬᠦ ᠶᠢ ᠬᠤᠯᠪᠣᠨ ᠵᠠᠯᠭᠠᠭᠤᠯᠬᠤ ᠱᠤᠭᠤᠮ᠂ ᠬᠥᠬᠡᠬᠤᠲᠠ ᠰᠢᠨ᠎ᠡ ᠨᠢᠰᠬᠡᠯ ᠤᠨ ᠪᠠᠭᠤᠳᠠᠯ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ᠬᠥᠬᠡᠬᠤᠲᠠ ᠨᠢᠰᠬᠡᠯ ᠤᠨ ᠪᠠᠭᠤᠳᠠᠯ ᠤᠨ ᠳᠡᠭᠡᠳᠦ ᠬᠤᠷᠳᠤ ᠶᠢᠨ ᠵᠠᠰᠠᠮᠠᠯ ᠵᠠᠮ ᠵᠡᠷᠭᠡ ᠲᠥᠷᠥᠯ ᠵᠦᠢᠯ ᠢ ᠪᠦᠬᠦ ᠲᠠᠯ᠎ᠠ ᠪᠠᠷ ᠠᠵᠢᠯ ᠡᠬᠢᠯᠡᠭᠦᠯᠵᠦ᠂ ᠣᠷᠳᠣᠰ ᠠᠴᠠ ᠢᠦᠢ ᠯᠢᠨ ᠪᠠ ᠶᠠᠨ ᠠᠨ ᠬᠦᠷᠬᠦ ᠳᠡᠭᠡᠳᠦ ᠬᠤᠷᠳᠤ ᠶᠢᠨ ᠲᠡᠮᠦᠷ ᠵᠠᠮ ᠵᠡᠷᠭᠡ ᠲᠥᠷᠥᠯ ᠵᠦᠢᠯ ᠤᠨ ᠡᠬᠢᠨ ᠤ ᠬᠤᠭᠤᠴᠠᠭᠠᠨ ᠤ ᠠᠵᠢᠯ ᠢ ᠢᠳᠡᠪᠬᠢᠲᠡᠶ ᠠᠬᠢᠭᠤᠯᠤᠨ᠂ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠶᠢ 1700 ᠺᠢᠯᠤᠮᠧᠲᠷ ︵ᠡᠭᠦᠨ ᠳᠤ ᠳᠡᠭᠡᠳᠦ ᠬᠤᠷᠳᠤ ᠶᠢᠨ ᠲᠡᠮᠦᠷ ᠵᠠᠮ 470 ᠺᠢᠯᠤᠮᠧᠲᠷ ᠪᠣᠢ︶᠂ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠶᠢ 1 ᠲᠦᠮᠡᠨ ᠺᠢᠯᠤᠮᠧᠲᠷ ᠪᠣᠯᠭᠠᠬᠤ ᠪᠠᠷ ᠴᠢᠷᠮᠠᠶᠢᠵᠤ᠂ ᠨᠡᠶᠢᠳᠡᠮ ᠬᠡᠷᠡᠭᠯᠡᠬᠦ ᠨᠢᠰᠬᠡᠯ ᠤᠨ ᠪᠠᠭᠤᠳᠠᠯ ᠢ 3 ᠪᠠᠶᠢᠭᠤᠯᠤᠨ᠎ᠠ᠃ ᠪᠠᠷᠠᠭᠠᠨ ᠤ ᠭᠦᠢᠯᠭᠡᠭᠡᠨ ᠤ ᠰᠠᠭᠤᠷᠢ ᠪᠡᠯᠡᠳᠬᠡᠮᠵᠢ ᠶᠢᠨ ᠲᠠᠯ᠎ᠠ ᠪᠠᠷ᠂ ᠬᠥᠬᠡᠬᠤᠲᠠ᠂ ᠤᠯᠠᠭᠠᠨᠴᠠᠪ — ᠡᠷᠢᠶᠡᠨ ᠬᠤᠲᠠ᠂ ᠮᠠᠨᠵᠤᠤᠷ ᠵᠡᠷᠭᠡ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠪᠠ ᠪᠠᠶᠠᠨᠨᠠᠭᠤᠷ ᠤᠨ ᠤᠯᠤᠰ ᠤᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠨᠢᠷᠤᠭᠤᠪᠴᠢ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠣᠯᠠᠨ ᠬᠡᠯᠪᠡᠷᠢ ᠮᠠᠶ᠋ᠢᠭ ᠤᠨ ᠬᠤᠯᠪᠣᠭᠠᠯᠠᠨ ᠲᠡᠭᠡᠭᠡᠪᠦᠷᠢᠯᠡᠬᠦ ᠰᠢᠯᠵᠢᠭᠦᠯᠦᠨ ᠵᠥᠭᠡᠭᠡᠪᠦᠷᠢᠯᠡᠬᠦ ᠪᠡᠯᠡᠳᠬᠡᠮᠵᠢ᠂ ᠪᠠᠷᠠᠭᠠᠨ ᠤ ᠭᠦᠢᠯᠭᠡᠭᠡᠨ ᠤ ᠮᠡᠳᠡᠭᠡ ᠵᠠᠩᠭᠢ ᠶᠢᠨ ᠲᠠᠪᠴᠠᠩ᠂ ᠣᠯᠠᠨ ᠨᠡᠶᠢᠲᠡ ᠶᠢᠨ ᠨᠡᠶᠢᠳᠡᠮ ᠬᠡᠷᠡᠭᠯᠡᠬᠦ ᠲᠣᠮᠣ ᠬᠡᠯᠪᠡᠷᠢ ᠶᠢᠨ ᠬᠥᠮᠥᠷᠭᠡᠯᠡᠨ ᠬᠠᠳᠠᠭᠠᠯᠠᠬᠤ ᠪᠡᠯᠡᠳᠬᠡᠮᠵᠢ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠠᠮᠵᠢᠵᠤ᠂ ︽ᠲᠦᠷᠭᠡᠨ ᠢᠯᠡᠭᠡᠯᠲᠡ ᠶᠢ ᠲᠣᠰᠬᠤᠨ ᠳᠤ ᠣᠷᠣᠭᠤᠯᠬᠤ︾ ᠢᠨᠵᠧᠨᠧᠷᠢᠩ ᠢ ᠲᠥᠷᠥᠯ ᠬᠤᠪᠢᠶᠠᠵᠤ ᠠᠬᠢᠭᠤᠯᠤᠨ᠂ ᠪᠠᠶᠢᠭᠤᠯᠤᠮᠵᠢᠲᠤ ᠲᠣᠰᠬᠤᠨ ᠳᠠᠬᠢ ᠲᠦᠷᠭᠡᠨ ᠢᠯᠡᠭᠡᠯᠲᠡ ᠶᠢᠨ ᠦᠢᠯᠡᠴᠢᠯᠡᠭᠡ ᠨᠡᠪᠲᠡᠷᠡᠭᠰᠡᠨ ᠨᠣᠷᠮ᠎ᠠ ᠶᠢ 95% ᠠᠴᠠ ᠳᠡᠭᠡᠭᠰᠢ ᠪᠣᠯᠭᠠᠨ᠎ᠠ᠃ ᠡᠨᠧᠷᠭᠢ ᠶᠢᠨ ᠰᠠᠭᠤᠷᠢ ᠪᠡᠯᠡᠳᠬᠡᠮᠵᠢ ᠶᠢᠨ ᠲᠠᠯ᠎ᠠ ᠪᠠᠷ᠂ ᠴᠠᠬᠢᠯᠭᠠᠨ ᠬᠦᠴᠦᠨ ᠤ ᠲᠣᠣᠷ᠂ ᠲᠣᠰᠣ ᠪᠠ ᠬᠡᠢ ᠶᠢᠨ ᠬᠤᠭᠤᠯᠠᠶ ᠭᠤᠤᠷᠰᠤ᠂ ᠡᠨᠧᠷᠭᠢ ᠨᠥᠭᠡᠴᠡᠯᠡᠬᠦ ᠪᠡᠯᠡᠳᠬᠡᠮᠵᠢ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠤᠰᠤᠨ ᠠᠰᠢᠭᠯᠠᠯᠲᠠ ᠶᠢᠨ ᠰᠠᠭᠤᠷᠢ ᠪᠡᠯᠡᠳᠬᠡᠮᠵᠢ ᠶᠢᠨ ᠲᠠᠯ᠎ᠠ ᠪᠠᠷ᠂ ᠴᠢᠬᠤᠯᠠ ᠶᠡᠭᠡ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠬᠠᠭᠤᠴᠢᠨ ᠡᠮᠵᠡᠭ ᠠᠶᠤᠯᠲᠠᠶ ᠤᠰᠤᠨ ᠴᠥᠭᠦᠷᠥᠮ ᠤᠨ ᠠᠶᠤᠯ ᠢ ᠨᠢ ᠠᠷᠢᠯᠭᠠᠨ ᠪᠠᠬᠢᠵᠢᠭᠦᠯᠬᠦ ᠠᠵᠢᠯ ᠢ ᠰᠠᠶᠢᠲᠤᠷ ᠬᠢᠨ᠎ᠡ᠃ ᠬᠤᠲᠠ ᠶᠢᠨ ᠰᠠᠭᠤᠷᠢ ᠪᠡᠯᠡᠳᠬᠡᠮᠵᠢ ᠶᠢᠨ ᠲᠠᠯ᠎ᠠ ᠪᠠᠷ᠂ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠡᠯᠡ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ ᠴᠢᠳᠠᠪᠤᠷᠢ ᠶᠢᠨ ᠲᠠᠯ᠎ᠠ ᠶᠢᠨ ᠳᠤᠲᠠᠭᠤᠳᠠᠯ ᠢᠶᠠᠨ ᠬᠦᠴᠦᠯᠡᠨ ᠨᠥᠬᠦᠪᠥᠷᠢᠯᠡᠨ᠎ᠡ᠃      ᠲᠤᠰᠬᠠᠶ ᠪᠤᠯᠤᠩ 2᠄ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠵᠣᠬᠢᠰᠲᠠᠶ ᠤᠷᠢᠳᠴᠢᠯᠠᠨ ᠪᠠᠶᠢᠷᠢᠰᠢᠭᠤᠯᠤᠨ᠎ᠠ      ︵ᠨᠢᠭᠡ︶ ᠰᠢᠨ᠎ᠡ ᠬᠡᠯᠪᠡᠷᠢ ᠶᠢᠨ ᠰᠠᠭᠤᠷᠢ ᠪᠡᠯᠡᠳᠬᠡᠮᠵᠢ ᠶᠢᠨ ᠲᠠᠯ᠎ᠠ ᠪᠠᠷ᠃ 5G ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠪᠥᠬᠦ ᠵᠢᠯ ᠳᠤ 5G ᠰᠠᠭᠤᠷᠢ ᠥᠷᠲᠡᠭᠡ ᠶᠢ 1 ᠲᠦᠮᠡ ᠰᠢᠨ᠎ᠡ ᠪᠠᠷ ᠪᠠᠶᠢᠭᠤᠯᠵᠤ᠂ ᠨᠡᠶᠢᠲᠡ 3 ᠲᠦᠮᠡ ᠶᠢ ᠪᠠᠶᠢᠭᠤᠯᠬᠤ ᠪᠣᠯᠣᠨ᠎ᠠ︔ ᠨᠡᠭᠦᠷᠡᠰᠦ᠂ ᠬᠤᠪᠣᠷ ᠰᠢᠷᠣᠶ᠂ ᠬᠢᠮᠢ ᠶᠢᠨ ᠠᠵᠤ ᠦᠢᠯᠡᠳᠪᠦᠷᠢ ᠵᠡᠷᠭᠡ ᠠᠵᠢᠯ ᠲᠥᠷᠥᠯ ᠳᠤ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠢᠯᠭᠠᠬᠤ ᠲᠡᠮᠳᠡᠭ ᠲᠠᠢ ᠵᠠᠳᠠᠯᠤᠨ ᠰᠢᠨᠵᠢᠬᠦ ᠬᠤᠶᠠᠳᠤᠭᠠᠷ ᠳᠡᠰ ᠤᠨ ᠵᠠᠩᠭᠢᠶᠠᠰᠤ ᠴᠡᠭ ᠢ 1 — 2 ᠪᠣᠢ ᠪᠣᠯᠭᠠᠵᠤ ᠪᠠᠶᠢᠭᠤᠯᠤᠨ᠎ᠠ᠃ 5G ᠤᠨ ᠬᠡᠷᠡᠭᠯᠡᠨ ᠳᠡᠯᠭᠡᠷᠡᠭᠦᠯᠬᠦ ᠶᠢ ᠴᠢᠩᠭᠠᠳᠬᠠᠵᠤ᠂ 5G + ᠣᠶᠣᠨᠯᠢᠭ ᠠᠭᠤᠷᠬᠠᠢ ᠶᠢᠨ ᠲᠠᠯ᠎ᠠ ᠪᠠᠷ᠂ ᠪᠦᠬᠦ ᠵᠢᠯ ᠳᠤ ᠣᠶᠤᠨᠴᠢᠯᠠᠭᠰᠠᠨ ᠨᠡᠭᠡᠭᠡᠨ ᠮᠠᠯᠲᠠᠬᠤ ᠭᠠᠵᠠᠷ ᠢ 40 ᠪᠠᠶᠢᠭᠤᠯᠬᠤ ᠪᠠᠨ ᠠᠬᠢᠭᠤᠯᠤᠨ᠂ ᠨᠡᠶᠢᠲᠡ 90 ᠶᠢ ᠪᠠᠶᠢᠭᠤᠯᠬᠤ ᠪᠣᠯᠣᠨ᠎ᠠ᠃ 5G + ᠵᠢᠯᠣᠭᠤᠴᠢ ᠥᠬᠡᠶ ᠠᠵᠢᠯᠯᠠᠬᠤ ᠲᠠᠯ᠎ᠠ ᠪᠠᠷ᠂ ᠪᠥᠬᠦ ᠵᠢᠯ ᠳᠤ 300 ᠶᠢ ᠥᠭᠡᠷᠡᠴᠢᠯᠡᠨ ᠰᠢᠨᠡᠳᠬᠡᠵᠦ᠂ ᠨᠡᠶᠢᠲᠡ 400 ᠪᠣᠯᠭᠠᠨ᠎ᠠ᠃ 5G + ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠯ᠎ᠠ ᠪᠠᠷ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ ᠢ 10 ᠪᠠᠶᠢᠭᠤᠯᠬᠤ ᠪᠠᠷ ᠴᠢᠷᠮᠠᠶᠢᠨ᠎ᠠ᠃ ᠳ᠋ᠠᠶᠢᠲ᠋ᠠ ᠶᠢᠨ ᠲᠥᠪ ᠤᠨ ᠪᠠᠶᠢᠭᠤᠯᠤᠯᠲᠠ ᠶᠢ ᠠᠬᠢᠭᠤᠯᠵᠤ᠂ ᠳ᠋ᠠᠶᠢᠲ᠋ᠠ ᠶᠢᠨ ᠲᠥᠪ ᠤᠨ ᠮᠠᠰᠢᠨ ᠴᠣᠭᠴᠠᠯᠠᠪᠤᠷᠢ ᠶᠢ ᠪᠦᠬᠦᠯᠢ ᠴᠣᠭᠴᠠ ᠳᠤ ᠨᠢ 200 ᠲᠦᠮᠡ ᠪᠣᠯᠭᠠᠨ᠎ᠠ᠃      ︵ᠬᠤᠶᠠᠷ︶ ᠲᠡᠮᠦᠷ ᠵᠠᠮ ᠤᠨ ᠲᠠᠯ᠎ᠠ ᠪᠠᠷ᠃ ᠴᠢᠴᠢᠬᠠᠷ ᠠᠴᠠ ᠬᠠᠶᠢᠯᠠᠷ ᠪᠠ ᠮᠠᠨᠵᠤᠤᠷ ᠬᠦᠷᠬᠦ ᠳᠡᠭᠡᠳᠦ ᠬᠤᠷᠳᠤ ᠶᠢᠨ ᠲᠡᠮᠦᠷ ᠵᠠᠮ ᠢ ᠪᠠᠶᠢᠭᠤᠯᠬᠤ ᠪᠠᠷ ᠴᠢᠷᠮᠠᠶᠢᠨ᠎ᠠ᠂ ᠴᠢᠴᠢᠬᠠᠷ ᠠᠴᠠ ᠤᠯᠠᠭᠠᠨᠬᠤᠲᠠ ᠪᠠ ᠲᠦᠩᠯᠢᠶᠣᠤ ᠬᠦᠷᠬᠦ ᠳᠡᠭᠡᠳᠦ ᠬᠤᠷᠲᠤ ᠶᠢᠨ ᠲᠡᠮᠦᠷ ᠵᠠᠮ᠂ ᠵᠢᠨᠢᠩ ᠠᠴᠠ ᠡᠷᠢᠶᠡᠨ ᠬᠤᠲᠠ ᠬᠥᠷᠬᠦ ᠴᠢᠳᠠᠮᠵᠢ ᠶᠢ ᠨᠢ ᠥᠷᠭᠡᠳᠬᠡᠬᠦ ᠪᠠᠷ ᠥᠭᠡᠷᠡᠴᠢᠯᠡᠨ ᠰᠢᠨᠡᠳᠬᠡᠬᠦ ᠲᠥᠷᠥᠯ ᠵᠦᠢᠯ ᠢ ᠤᠯᠤᠰ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠡᠮᠦᠷ ᠵᠠᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠤᠨ᠎ᠠ᠂ ᠤᠯᠤᠰ ᠠᠴᠠ ︽ᠤᠷᠲᠤᠪᠲᠤᠷ ᠪᠠ ᠤᠷᠲᠤ ᠬᠤᠭᠤᠴᠠᠭᠠᠨ ᠤ ᠲᠡᠮᠦᠷ ᠵᠠᠮ ᠤᠨ ᠲᠣᠣᠷ ᠤᠨ ᠲᠥᠯᠥᠪᠵᠢᠭᠦᠯᠭᠡ︾ ᠳᠤ ᠲᠣᠬᠢᠷᠠᠭᠤᠯᠤᠯᠲᠠ ᠬᠢᠬᠦ ᠦᠶ᠎ᠡ ᠳᠤ ᠨᠢ ᠵᠢᠨᠢᠩ ᠠᠴᠠ ᠲᠦᠩᠯᠢᠶᠣᠤ ᠪᠠ ᠴᠠᠩᠴᠦ᠋ᠨ ᠬᠦᠷᠬᠦ᠂ ᠬᠥᠬᠡᠬᠤᠲᠠ ᠠᠴᠠ ᠪᠤᠭᠤᠲᠤ ᠬᠦᠷᠬᠦ᠂ ᠬᠥᠬᠡᠬᠤᠲᠠ ᠠᠴᠠ ᠱᠦᠸᠧᠵᠸᠦ ᠪᠠ ᠲᠠᠶᠢᠶᠤᠸᠠᠨ ᠬᠦᠷᠬᠦ᠂ ᠣᠷᠳᠣᠰ ᠠᠴᠠ ᠳ᠋ᠠᠲ᠋ᠦ᠋ᠩ ᠪᠠ ᠰᠢᠶᠦ᠋ᠩ ᠠᠨ ᠬᠥᠷᠬᠦ ᠳᠡᠭᠡᠳᠦ ᠬᠤᠷᠳᠤ ᠶᠢᠨ ᠲᠡᠮᠦᠷ ᠵᠠᠮ ᠵᠡᠷᠭᠡ ᠭᠤᠤᠯᠳᠠᠯᠭ᠎ᠠ ᠪᠣᠯᠬᠤ ᠲᠥᠷᠥᠯ ᠵᠦᠢᠯ ᠳᠤ ᠲᠣᠬᠢᠷᠠᠭᠤᠯᠤᠨ ᠣᠷᠣᠭᠤᠯᠬᠤ ᠪᠠᠷ ᠴᠢᠷᠮᠠᠶᠢᠨ᠎ᠠ᠂ ᠪᠤᠭᠤᠲᠤ ᠠᠴᠠ ᠣᠷᠳᠣᠰ ᠬᠥᠷᠬᠦ᠂ ᠪᠠᠶᠢᠴᠧᠩ ᠠᠴᠠ ᠷᠠᠰᠢᠶᠠᠨ ᠬᠥᠷᠬᠦ ᠲᠡᠮᠦᠷ ᠵᠠᠮ ᠤᠨ ᠴᠢᠳᠠᠮᠵᠢ ᠶᠢ ᠨᠢ ᠥᠷᠭᠡᠳᠬᠡᠬᠦ ᠪᠠᠷ ᠥᠭᠡᠷᠡᠴᠢᠯᠡᠨ ᠰᠢᠨᠡᠳᠬᠡᠬᠦ ᠵᠡᠷᠭᠡ ᠲᠥᠷᠥᠯ ᠵᠦᠢᠯ ᠤᠨ ᠡᠬᠢᠨ ᠤ ᠬᠤᠭᠤᠴᠠᠭᠠᠨ ᠤ ᠠᠵᠢᠯ ᠢ ᠠᠬᠢᠭᠤᠯᠤᠨ᠂ ᠣᠷᠳᠣᠰ ᠠᠴᠠ ᠢᠦᠶ ᠯᠢᠨ ᠪᠠ ᠶᠠᠨ ᠠᠨ ᠬᠦᠷᠬᠦ ᠳᠡᠭᠡᠳᠦ ᠬᠤᠷᠳᠤ ᠶᠢᠨ ᠲᠡᠮᠦᠷ ᠵᠠᠮ᠂ ᠰᠢᠯᠢ ᠶᠢᠨ ᠬᠤᠲᠠ ᠠᠴᠠ ᠲᠠᠢ ᠽᠢ ᠴᠧᠩ ᠬᠦᠷᠬᠦ ᠲᠡᠮᠦᠷ ᠵᠠᠮ ᠵᠡᠷᠭᠡ ᠲᠦᠷᠦᠯ ᠵᠦᠢᠯ ᠢ ᠡᠷᠲᠡᠬᠡᠨ ᠪᠣᠲᠠᠲᠠᠶᠢᠵᠢᠭᠤᠯᠵᠤ ᠪᠠᠷᠢᠯᠭ᠎ᠠ ᠡᠬᠢᠯᠡᠭᠦᠯᠬᠦ ᠪᠠᠷ ᠴᠢᠷᠮᠠᠶᠢᠨ᠎ᠠ᠂ ᠪᠤᠭᠤᠲᠤ ᠠᠴᠠ ᠢᠷᠭᠠᠶ ᠬᠥᠷᠬᠦ ᠳᠡᠭᠡᠳᠦ ᠬᠤᠷᠳᠤ ᠶᠢᠨ ᠲᠡᠮᠦᠷ ᠵᠠᠮ ︵ᠪᠠᠶᠠᠨᠬᠤᠲᠠ ᠠᠴᠠ ᠢᠷᠭᠠᠶ ᠬᠥᠷᠬᠦ ᠰᠠᠯᠪᠤᠷᠢ ᠱᠤᠭᠤᠮ ᠪᠠᠭᠲᠠᠨ᠎ᠠ︶᠂ ᠵᠢᠨᠢᠩ ᠠᠴᠠ ᠳ᠋ᠠᠲ᠋ᠦ᠋ᠩ ᠪᠠ ᠶᠤᠸᠠᠨᠫᠢᠩ ᠬᠦᠷᠬᠦ ᠳᠡᠭᠡᠳᠦ ᠬᠤᠷᠳᠤ ᠶᠢᠨ ᠲᠡᠮᠦᠷ ᠵᠠᠮ᠂ ᠵᠢᠨᠢᠩ ᠠᠴᠠ ᠲᠦᠩᠯᠢᠶᠣᠤ ᠬᠦᠷᠬᠦ ᠲᠡᠮᠦᠷ ᠵᠠᠮ ᠤᠨ ᠴᠠᠬᠢᠯᠭᠠᠨᠵᠢᠭᠤᠯᠬᠤ ᠪᠠᠷ ᠥᠭᠡᠷᠡᠴᠢᠯᠡᠨ ᠰᠢᠨᠡᠳᠬᠡᠬᠦ ᠵᠡᠷᠭᠡ ᠭᠤᠣᠯᠳᠠᠯᠭ᠎ᠠ ᠪᠣᠯᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠤᠨ᠎ᠠ᠃      ︵ᠭᠤᠷᠪᠠ︶ ᠵᠠᠰᠠᠮᠠᠯ ᠵᠠᠮ ᠤᠨ ᠲᠠᠯ᠎ᠠ ᠪᠠᠷ᠃ ᠬᠥᠬᠡᠬᠤᠲᠠ ᠨᠢᠰᠬᠡᠯ ᠤᠨ ᠪᠠᠭᠤᠳᠠᠯ ᠤᠨ ᠳᠡᠭᠡᠳᠦ ᠬᠤᠷᠳᠤ ᠶᠢᠨ ᠵᠠᠰᠠᠮᠠᠯ ᠵᠠᠮ᠂ G 1015 ᠲᠢᠶᠧ ᠯᠢ— ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠬᠦᠷᠬᠦ᠂ S29 ᠬᠥᠬᠡᠬᠤᠲᠠ — ᠯᠢᠶᠠᠩᠴᠧᠩ ᠬᠦᠷᠬᠦ ᠵᠡᠷᠭᠡ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠥᠷᠥᠯ ᠵᠦᠢᠯ ᠢ ᠪᠦᠬᠦ ᠲᠠᠯ᠎ᠠ ᠪᠠᠷ ᠠᠵᠢᠯ ᠡᠬᠢᠯᠡᠭᠦᠯᠦᠨ ᠪᠠᠶᠢᠭᠤᠯᠵᠤ᠂ G55 ᠡᠷᠢᠶᠡᠨ ᠬᠤᠲᠠ — ᠰᠠᠶᠢᠬᠠᠨᠲᠠᠯ᠎ᠠ ᠬᠦᠷᠬᠦ᠂ G1817 ᠪᠠᠶᠠᠨ ᠬᠤᠳᠳᠤᠭ — ᠪᠠᠶᠠᠨᠬᠤᠲᠠ ᠵᠡᠷᠭᠡ ᠦᠷᠭᠦᠯᠵᠢᠯᠡᠨ ᠪᠠᠶᠢᠭᠤᠯᠬᠤ ᠵᠠᠰᠠᠮᠠᠯ ᠵᠠᠮ ᠤᠨ ᠲᠥᠷᠥᠯ ᠵᠦᠢᠯ ᠢ ᠲᠦᠷᠭᠡᠳᠬᠡᠨ ᠠᠬᠢᠭᠤᠯᠤᠨ᠎ᠠ᠃ ᠵᠢᠭᠤᠯᠴᠢᠯᠠᠯ ᠤᠨ ᠵᠠᠮ᠂ ᠠᠵᠤ ᠦᠢᠯᠡᠰ ᠤᠨ ᠵᠠᠮ᠂ ᠵᠠᠰᠠᠮᠠᠯ ᠵᠠᠮ ᠤᠨ ᠲᠣᠣᠷ ᠯᠤᠭ᠎ᠠ ᠵᠠᠯᠭᠠᠭᠰᠠᠨ ᠵᠠᠮ᠂ ᠪᠠᠶᠢᠭᠤᠯᠤᠮᠵᠢᠲᠤ ᠲᠣᠰᠬᠤᠨ ᠳᠤ ᠨᠡᠪᠲᠡᠷᠡᠭᠦᠯᠬᠦ ᠬᠤᠶᠠᠷ ᠲᠡᠷᠭᠡᠨ ᠤ ᠵᠥᠷᠢᠨ ᠠᠶᠠᠯᠠᠬᠤ ᠵᠠᠰᠠᠮᠠᠯ ᠵᠠᠮ ᠵᠢᠴᠢ ᠨᠡᠯᠢᠶᠡᠳ ᠣᠯᠠᠨ ᠬᠥᠮᠦᠨ ᠠᠮᠠ ᠲᠠᠢ ᠬᠡᠪᠴᠢᠶᠡᠲᠦ ᠠᠶᠢᠯ ᠲᠣᠰᠬᠤᠨ ᠪᠠ ᠬᠢᠯᠢ ᠣᠶᠢᠷᠠᠯᠴᠠᠭ᠎ᠠ ᠠᠶᠢᠯ ᠲᠣᠰᠬᠤᠨ ᠳᠤ ᠨᠡᠪᠲᠡᠷᠡᠭᠦᠯᠬᠦ ᠳᠡᠪᠢᠰᠴᠦ ᠬᠠᠲᠠᠭᠤᠷᠠᠭᠤᠯᠤᠭᠰᠠᠨ ᠵᠠᠮ ᠤᠨ ᠪᠥᠲᠥᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ ᠠᠬᠢᠭᠤᠯᠵᠤ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠨᠢ ᠠᠬᠢᠭᠤᠯᠤᠨ᠎ᠠ᠃      ︵ᠳᠥᠷᠪᠡ︶ ᠨᠢᠰᠬᠡᠯ ᠤᠨ ᠪᠠᠭᠤᠳᠠᠯ ᠤᠨ ᠲᠠᠯ᠎ᠠ ᠪᠠᠷ᠃ ᠠᠯᠠᠱᠠ ᠵᠡᠭᠦᠨ ᠬᠤᠰᠢᠭᠤᠨ ᠤ ᠠᠵᠢᠯ ᠤᠨ ᠡᠭᠡᠯᠵᠢ ᠶᠢᠨ ᠨᠢᠰᠬᠡᠯ ᠤᠨ ᠪᠠᠭᠤᠳᠠᠯ ᠤᠨ ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ ᠤᠨ ᠳᠡᠰ ᠳᠡᠪᠰᠢᠭᠦᠯᠬᠦ ᠪᠣᠯᠤᠮᠵᠢᠲᠤ ᠰᠤᠳᠤᠯᠤᠯ ᠤᠨ ᠮᠡᠳᠡᠭᠦᠯᠦᠯᠲᠡ ᠶᠢ ᠤᠯᠤᠰ ᠢᠶᠠᠷ ᠵᠥᠪᠰᠢᠶᠡᠷᠡᠭᠦᠯᠦᠨ ᠴᠣᠬᠤᠯᠠᠪᠤᠷᠢᠯᠠᠭᠤᠯᠬᠤ ᠪᠠᠷ ᠴᠢᠷᠮᠠᠶᠢᠵᠤ᠂ ᠬᠥᠬᠡᠬᠤᠲᠠ ᠰᠢᠨ᠎ᠡ ᠨᠢᠰᠬᠡᠯ ᠤᠨ ᠪᠠᠭᠤᠳᠠᠯ᠂ ᠪᠠᠭᠠᠷᠢᠨ ᠵᠡᠭᠦᠨ ᠬᠤᠰᠢᠭᠤᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠵᠡᠷᠭᠡ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠂ ᠪᠠᠷᠠᠭᠤᠨ ᠦᠵᠦᠮᠦᠴᠢᠨ ᠬᠤᠰᠢᠭᠤ᠂ ᠲᠦᠴᠢᠦᠸᠠᠨ ᠰᠢᠶᠠᠨ ᠵᠡᠷᠭᠡ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠲᠥᠷᠥᠯ ᠵᠦᠢᠯ ᠢ ᠡᠷᠲᠡᠬᠡᠨ ᠠᠵᠢᠯ ᠡᠬᠢᠯᠡᠭᠦᠯᠬᠦ ᠪᠠᠷ ᠴᠢᠷᠮᠠᠶᠢᠨ᠎ᠠ᠃      ︵ᠲᠠᠪᠤ︶ ᠡᠨᠧᠷᠭᠢ ᠶᠢᠨ ᠰᠠᠭᠤᠷᠢ ᠪᠡᠯᠡᠳᠬᠡᠮᠵᠢ ᠶᠢᠨ ᠲᠠᠯ᠎ᠠ ᠪᠠᠷ᠃ ᠰᠢᠨ᠎ᠡ ᠡᠨᠧᠷᠭᠢ ᠪᠠᠷ ᠭᠤᠤᠯ ᠴᠣᠭᠴᠠ ᠪᠣᠯᠭᠠᠭᠰᠠᠨ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠢ ᠪᠥᠲᠥᠭᠡᠨ ᠪᠠᠶᠢᠭᠤᠯᠬᠤ ᠪᠠᠨ ᠠᠬᠢᠭᠤᠯᠵᠤ᠂ ᠬᠠᠳᠠᠭᠠᠯᠠᠭᠳᠠᠵᠤ ᠪᠠᠶᠢᠭ᠎ᠠ ᠨᠡᠭᠦᠷᠡᠰᠦ ᠪᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢ ᠥᠭᠡᠷᠡᠴᠢᠯᠡᠨ ᠰᠢᠨᠡᠳᠬᠡᠵᠦ ᠲᠠᠰ ᠳᠡᠪᠰᠢᠭᠦᠯᠬᠦ ᠶᠢ ᠭᠦᠨᠵᠡᠭᠡᠶ ᠬᠡᠷᠡᠭᠵᠢᠭᠦᠯᠦᠨ᠂ ᠣᠨᠴᠠ ᠥᠨᠳᠥᠷ ᠬᠦᠴᠦᠳᠡᠯᠲᠦ ᠨᠡᠭᠦᠷᠡᠰᠦ ᠲᠦᠯᠡᠵᠦ ᠭᠠᠷᠭᠠᠭᠰᠠᠨ ᠴᠠᠬᠢᠯᠭᠠᠨ ᠢ ᠭᠠᠳᠠᠭᠰᠢ ᠬᠦᠷᠭᠡᠬᠦ᠂ ᠤᠯᠤᠰ ᠤᠨ ᠲᠦᠷᠦᠭᠦᠦ ᠪᠦᠯᠦᠭ ᠲᠣᠮᠣ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠳᠤ ᠣᠷᠣᠭᠤᠯᠤᠭᠰᠠᠨ ᠬᠡᠷᠡᠯ ᠴᠡᠨᠡᠭ ᠤᠨ ᠰᠠᠭᠤᠷᠢᠨ ᠭᠠᠵᠠᠷ᠂ ᠪᠠᠲᠤᠯᠠᠭ᠎ᠠ ᠶᠢᠨ ᠴᠢᠨᠠᠷᠲᠠᠶ ᠴᠠᠬᠢᠯᠭᠠᠨ ᠬᠦᠴᠦᠨ ᠤ ᠲᠤᠤᠷ ᠲᠤ ᠨᠡᠶᠢᠯᠡᠭᠦᠯᠦᠭᠰᠡᠨ ᠰᠢᠨ᠎ᠡ ᠡᠨᠧᠷᠭᠢ᠂ ᠲᠠᠷᠠᠬᠠᠶ ᠪᠤᠲᠠᠷᠬᠠᠶ ᠮᠠᠶ᠋ᠢᠭ ᠤᠨ ᠰᠠᠯᠬᠢᠨ ᠬᠦᠴᠦᠨ ᠤ ᠴᠠᠬᠢᠯᠭᠠᠨ ᠪᠠ ᠲᠠᠷᠬᠠᠯᠲᠠ ᠶᠢᠨ ᠮᠠᠶ᠋ᠢᠭ ᠤᠨ ᠬᠡᠷᠡᠯ ᠴᠡᠨᠡᠭ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠠᠬᠢᠭᠤᠯᠵᠤ᠂ ᠥᠪᠥᠷ ᠮᠣᠩᠭᠤᠯ ᠤᠨ ᠪᠠᠷᠠᠭᠤᠨ ᠬᠡᠰᠡᠭ ᠠᠴᠠ ᠪᠡᠭᠡᠵᠢᠩ ᠲᠢᠶᠠᠨᠵᠢᠨ ᠾᠧᠪᠧᠶ ᠳᠤ ᠥᠨᠳᠥᠷ ᠬᠠᠷᠢᠴᠠᠯ ᠪᠥᠬᠦᠶ ᠰᠢᠨ᠎ᠡ ᠡᠨᠧᠷᠭᠢ ᠶᠢᠨ ᠴᠠᠬᠢᠯᠭᠠᠨ ᠬᠦᠴᠦᠨ ᠢ ᠭᠠᠳᠠᠭᠰᠢ ᠬᠦᠷᠭᠡᠬᠦ ᠨᠡᠪᠲᠡᠷᠡᠯ ᠤᠨ ᠡᠬᠢᠨ ᠤ ᠬᠤᠭᠤᠴᠠᠭᠠᠨ ᠤ ᠠᠵᠢᠯ ᠢ ᠡᠬᠢᠯᠡᠭᠦᠯᠦᠨ᠎ᠡ᠃      ︵ᠵᠢᠷᠭᠤᠭ᠎ᠠ︶ ᠤᠰᠤᠨ ᠠᠰᠢᠭᠯᠠᠯᠲᠠ ᠶᠢᠨ ᠰᠠᠭᠤᠷᠢ ᠪᠡᠯᠡᠳᠬᠡᠮᠵᠢ ᠶᠢᠨ ᠲᠠᠯ᠎ᠠ ᠪᠠᠷ᠃ ᠴᠤᠤᠯ ᠭᠤᠣᠯ ᠤᠨ ᠤᠰᠤ ᠶᠢ ᠲᠠᠲᠠᠵᠤ ᠯᠢᠶᠣᠤ ᠾᠧ ᠭᠤᠣᠯ ᠳᠤ ᠨᠡᠮᠡᠷᠢᠯᠡᠬᠦ ᠪᠠᠷᠢᠯᠭ᠎ᠠ᠂ ᠵᠡᠭᠦᠨ ᠲᠠᠶᠢᠰᠠ ᠤᠰᠤᠨ ᠴᠥᠭᠦᠷᠥᠮ ᠵᠡᠷᠭᠡ ᠴᠢᠬᠤᠯᠠ ᠶᠡᠭᠡ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠴᠤᠤᠯ ᠭᠤᠣᠯ ᠤᠨ ᠤᠰᠤ ᠶᠢ ᠲᠠᠲᠠᠵᠤ ᠯᠢᠶᠣᠤ ᠾᠧ ᠭᠤᠣᠯ ᠳᠤ ᠨᠡᠮᠡᠷᠢᠯᠡᠬᠦ ᠬᠤᠶᠠᠳᠤᠭᠠᠷ ᠬᠤᠭᠤᠴᠠᠭ᠎ᠠ᠂ ᠬᠠᠲᠤᠨ ᠭᠤᠣᠯ ᠤᠨ ᠥᠪᠥᠷ ᠮᠣᠩᠭᠤᠯ ᠤᠨ ᠬᠡᠰᠡᠭ ᠲᠠᠬᠢ ᠦᠶᠡᠷ ᠢ ᠰᠡᠷᠭᠡᠶᠢᠯᠡᠬᠦ ᠭᠤᠷᠪᠠᠳᠤᠭᠠᠷ ᠬᠤᠭᠤᠴᠠᠭ᠎ᠠ ᠵᠡᠷᠭᠡ ᠪᠠᠷᠢᠯᠭ᠎ᠠ ᠶᠢᠨ ᠡᠬᠢᠨ ᠤ ᠬᠤᠭᠤᠴᠠᠭᠠᠨ ᠤ ᠠᠵᠢᠯ ᠢ ᠯᠠᠪᠳᠠᠭᠤᠨ ᠪᠠᠲᠤᠲᠠᠶ ᠠᠬᠢᠭᠤᠯᠤᠨ᠎ᠠ᠃ ᠭᠤᠣᠯ ᠪᠣᠯᠬᠤ ᠰᠠᠯᠪᠤᠷᠢ ᠤᠷᠤᠰᠬᠠᠯ᠂ ᠳᠤᠮᠳᠠ ᠵᠢᠵᠢᠭ ᠭᠤᠣᠯ ᠮᠥᠷᠡᠨ ᠢ ᠵᠠᠰᠠᠬᠤ᠂ ᠲᠤᠮᠤ ᠳᠤᠮᠳᠠ ᠬᠡᠯᠪᠡᠷᠢ ᠶᠢᠨ ᠡᠮᠵᠡᠭ ᠠᠶᠤᠯᠲᠠᠢ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠠᠵᠢᠯ ᠢ ᠬᠡᠷᠡᠭᠵᠢᠭᠦᠯᠵᠦ᠂ ᠠᠭᠤᠯᠠᠨ ᠤ ᠦᠶᠡᠷ ᠤᠨ ᠭᠠᠮᠰᠢᠭ ᠢ ᠰᠡᠷᠭᠡᠶᠢᠯᠡᠨ ᠵᠠᠰᠠᠬᠤ ᠲᠥᠷᠥᠯ ᠵᠦᠢᠯ ᠤᠨ ᠪᠦᠳᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠤᠰᠤᠨ ᠠᠰᠢᠭᠯᠠᠯᠲᠠ ᠶᠢᠨ ᠰᠠᠭᠤᠷᠢ ᠶᠢ ᠪᠠᠬᠢᠵᠢᠭᠦᠯᠵᠦ᠂ ᠪᠣᠷᠣᠲᠣᠬᠤᠶ᠂ ᠳ᠋ᠧᠩᠺᠸᠦ ᠵᠡᠷᠭᠡ ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠢ ᠦᠷᠭᠦᠯᠵᠢᠯᠡᠨ ᠢᠵᠢ ᠪᠦᠷᠢᠳᠦᠭᠦᠯᠦᠨ ᠪᠠᠶᠢᠭᠤᠯᠬᠤ ᠪᠠ ᠣᠳᠣᠬᠢᠴᠢᠯᠠᠬᠤ ᠪᠠᠷ ᠥᠭᠡᠷᠡᠴᠢᠯᠡᠨ ᠰᠢᠨᠡᠳᠬᠡᠬᠦ ᠶᠢ ᠦᠷᠭᠦᠯᠵᠢᠯᠡᠨ ᠬᠡᠷᠡᠭᠵᠢᠭᠦᠯᠦᠨ᠎ᠡ᠃    ︵ᠳᠣᠯᠤᠭ᠎ᠠ︶ ᠬᠤᠲᠠ ᠶᠢᠨ ᠰᠠᠭᠤᠷᠢ ᠪᠡᠯᠡᠳᠬᠡᠮᠵᠢ ᠶᠢᠨ ᠲᠠᠯ᠎ᠠ ᠪᠠᠷ᠃ ᠬᠤᠲᠠ ᠶᠢᠨ ᠰᠢᠨᠡᠴᠢᠯᠡᠯ ᠢ ᠠᠬᠢᠭᠤᠯᠤᠨ᠂ ᠬᠤᠲᠠ ᠶᠢᠨ ᠶᠠᠪᠤᠳᠠᠯ ᠤᠨ ᠢᠨᠵᠧᠨᠧᠷᠢᠩ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠵᠡᠷᠭᠡ ᠬᠦᠷᠢᠶᠡᠨ ᠳᠠᠬᠢ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠰᠢᠲᠠᠮᠠᠬᠠᠶ ᠬᠡᠶ᠂ ᠢᠯᠴᠢ ᠬᠠᠩᠭᠠᠬᠤ᠂ ᠤᠰᠤ ᠬᠠᠩᠭᠠᠵᠤ ᠵᠠᠯᠠᠬᠤ ᠵᠡᠷᠭᠡ ᠬᠠᠭᠤᠴᠢᠨ ᠬᠤᠭᠤᠯᠠᠶ ᠭᠤᠤᠷᠰᠤ ᠶᠢᠨ ᠲᠤᠤᠷ ᠢ ᠰᠢᠨᠡᠳᠬᠡᠨ ᠥᠭᠡᠷᠡᠴᠢᠯᠡᠬᠦ ᠶᠢ ᠠᠬᠢᠭᠤᠯᠤᠨ᠂ ᠬᠤᠲᠠ ᠶᠢᠨ ᠤᠰᠤᠲᠤᠯ ᠢ ᠰᠢᠰᠲ᠋ᠧᠮ ᠲᠠᠢ ᠵᠠᠰᠠᠵᠤ᠂ ᠪᠣᠬᠢᠷ ᠤᠰᠤ᠂ ᠬᠤᠭ ᠨᠣᠪᠰᠢ ᠰᠢᠢᠳᠪᠦᠷᠢᠯᠡᠬᠦ ᠵᠡᠷᠭᠡ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠂ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠲᠠᠬᠢ 21.37 ᠲᠦᠮᠡᠨ ᠡᠷᠦᠬᠡ ᠥᠭᠡᠷᠡᠴᠢᠯᠡᠨ ᠰᠢᠨᠡᠳᠬᠡᠬᠦ᠂ ᠲᠥᠬᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠲᠠᠬᠢ 1 ᠲᠦᠮᠡᠨ ᠢᠵᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠪᠠᠷ ᠲᠥᠯᠥᠪᠯᠡᠨ ᠬᠡᠷᠡᠭᠵᠢᠭᠦᠯᠵᠦ᠂ 1.2 ᠲᠦᠮᠡᠨ ᠢᠵᠢ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠯᠡᠬᠦ ᠣᠷᠣᠨ ᠰᠠᠭᠤᠴᠠ ᠶᠢ ᠪᠠᠶᠢᠭᠤᠯᠥᠨ᠎ᠠ᠃      ᠳᠥᠷᠪᠡ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠶᠢ ᠪᠠᠷᠢᠮᠲᠠᠯᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠨ᠎ᠠ      ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠨ᠂ ᠠᠮᠢ ᠠᠬᠤᠶ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠪᠣᠬᠢᠷᠲᠤᠯ ᠥᠬᠡᠶ ᠪᠣᠯᠭᠠᠬᠤ ᠪᠠᠷ ᠬᠡᠯᠪᠡᠷᠢ ᠪᠠᠨ ᠬᠤᠪᠢᠷᠠᠭᠤᠯᠬᠤ ᠶᠢ ᠪᠥᠬᠦ ᠬᠦᠷᠢᠶᠡᠨ ᠳᠤ ᠪᠥᠬᠦ ᠲᠠᠯ᠎ᠠ ᠪᠠᠷ ᠠᠬᠢᠭᠤᠯᠤᠨ᠂ ᠤᠯᠤᠰ ᠤᠨ ᠠᠮᠢ ᠠᠬᠤᠶ ᠶᠢᠨ ᠪᠣᠯᠪᠠᠰᠤᠨ ᠤ ᠲᠤᠷᠰᠢᠯᠲᠠ ᠶᠢᠨ ᠲᠣᠭᠤᠷᠢᠭ ᠢ ᠢᠳᠡᠪᠬᠢᠲᠡᠶ ᠡᠭᠦᠳᠦᠨ ᠪᠠᠶᠢᠭᠤᠯᠤᠨ᠎ᠠ᠃      ︵ᠨᠢᠭᠡ︶ ᠠᠮᠢ ᠠᠬᠤᠶ ᠶᠢᠨ ᠰᠢᠰᠲ᠋ᠧᠮ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠤᠨ᠎ᠠ᠃ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠣᠶ ᠶᠢᠨ ᠳᠠᠷᠤᠭ᠎ᠠ ᠶᠢᠨ ᠲᠦᠷᠢᠮ᠂ ᠭᠤᠤᠯ ᠮᠥᠷᠡᠨ ᠤ ᠳᠠᠷᠤᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠨ᠎ᠠ᠃ ᠤᠯᠤᠰ ᠤᠨ ᠭᠠᠵᠠᠷ ᠰᠢᠷᠣᠶ ᠶᠢᠨ ᠨᠣᠭᠤᠭᠠᠷᠠᠭᠤᠯᠤᠯᠲᠠ ᠶᠢᠨ ᠠᠵᠢᠯᠯᠠᠭ᠎ᠠ ᠶᠢ ᠰᠢᠨᠵᠢᠯᠡᠬᠦ ᠤᠬᠠᠭᠠᠨᠴᠢ ᠪᠠᠷ ᠠᠬᠢᠭᠤᠯᠵᠤ᠂ ᠬᠤᠯᠠᠨ ᠰᠢᠷᠭ᠎ᠠ ᠲᠠᠭ᠎ᠠ ᠶᠢᠨ ᠬᠡᠪᠴᠢᠶᠡᠵᠢᠭᠰᠡᠨ ᠣᠶ ᠰᠢᠭᠤᠶ ᠶᠢᠨ ᠲᠠᠯᠠᠪᠠᠶ ᠶᠢᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠰᠢᠷ᠎ᠠ ᠬᠥᠷᠥᠰᠥᠲᠦ ᠥᠨᠳᠦᠷᠯᠢᠭ ᠤᠨ ᠬᠥᠷᠥᠰᠥ ᠰᠢᠷᠣᠶ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ᠂ ᠥᠪᠥᠷ ᠮᠣᠩᠭᠤᠯ ᠤᠨ ᠥᠨᠳᠦᠷᠯᠢᠭ ᠤᠨ ᠠᠮᠢ ᠠᠬᠤᠶ ᠶᠢ ᠬᠠᠮᠠᠭᠠᠯᠠᠬᠤ ᠪᠠ ᠰᠡᠷᠭᠦᠭᠡᠬᠦ᠂ ᠶᠡᠭᠡ ᠪᠠᠭ᠎ᠠ ᠬᠢᠩᠭᠠᠨ ᠳᠠᠪᠠᠭ᠎ᠠ ᠶᠢᠨ ᠣᠶ ᠰᠢᠭᠤᠶ ᠶᠢᠨ ᠠᠮᠢ ᠠᠬᠤᠶ ᠶᠢ ᠬᠠᠮᠠᠭᠠᠯᠠᠵᠤ ᠪᠣᠶᠢᠵᠢᠭᠤᠯᠬᠤ ᠵᠡᠷᠭᠡ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠵᠦ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠠᠮᠢ ᠠᠬᠤᠶ ᠳᠤ ᠲᠥᠯᠥᠪᠦᠷᠢ ᠥᠭᠬᠦ ᠲᠦᠷᠢᠮ ᠢ ᠨᠠᠶᠢᠳᠠᠪᠤᠷᠢᠵᠢᠭᠤᠯᠤᠨ᠎ᠠ᠃ ᠡᠬᠡ ᠪᠣᠯᠬᠤ ᠭᠤᠣᠯ ᠬᠠᠲᠤᠨ ᠭᠤᠤᠯ ᠢ ᠬᠠᠮᠠᠭᠠᠯᠠᠬᠤ ᠪᠠᠨ ᠲᠣᠪᠤᠶᠢᠮ᠎ᠠ ᠪᠠᠶᠢᠷᠢᠨ ᠳᠤ ᠲᠠᠯᠪᠢᠵᠤ᠂ ︽ᠬᠠᠲᠤᠨ ᠭᠤᠤᠯ ᠤᠨ ᠰᠠᠪᠠ ᠭᠠᠵᠠᠷ ᠤᠨ ᠥᠪᠥᠷ ᠮᠣᠩᠭᠤᠯ ᠳᠠᠬᠢ ᠬᠡᠰᠡᠭ ᠤᠨ ᠠᠮᠢ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ︾ ᠶᠢ ᠲᠣᠭᠲᠠᠭᠠᠨ᠂ ︽ᠤᠰᠤᠨ ᠤ ᠬᠡᠮᠵᠢᠶ᠎ᠡ ᠪᠠᠷ ᠬᠤᠲᠠ ᠶᠢᠨ ᠪᠠᠭᠲᠠᠭᠠᠮᠵᠢ᠂ ᠭᠠᠵᠠᠷ ᠤᠨ ᠬᠡᠪᠴᠢᠶ᠎ᠡ᠂ ᠬᠥᠮᠥᠨ ᠠᠮᠠ᠂ ᠦᠢᠯᠡᠳᠪᠦᠷᠢᠯᠡᠯ ᠤᠨ ᠴᠢᠳᠠᠪᠤᠷᠢ ᠳᠥᠷᠪᠡ ᠶᠢ ᠲᠣᠭᠲᠠᠭᠠᠬᠤ︾ ᠵᠠᠷᠴᠢᠮ ᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠬᠠᠲᠤᠨ ᠭᠤᠤᠯ ᠤᠨ ᠠᠮᠢ ᠠᠬᠤᠶ ᠶᠢᠨ ᠪᠦᠰᠡ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ︽ᠭᠤᠷᠪᠠᠨ ᠨᠠᠭᠤᠷ︾ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠠᠰᠠᠯᠲᠠ ᠶᠢ ᠭᠦᠨᠵᠡᠭᠡᠢ ᠠᠬᠢᠭᠤᠯᠵᠤ᠂ ᠴᠠᠭᠠᠨᠨᠠᠭᠤᠷ ᠨᠤᠭᠤ ᠭᠠᠵᠠᠷ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠡᠯᠡᠰᠦ ᠮᠠᠩᠬ᠎ᠠ ᠶᠢ ᠰᠡᠷᠭᠡᠶᠢᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠬᠥᠷᠥᠰᠥ ᠰᠢᠷᠣᠶ ᠶᠢ ᠬᠠᠮᠠᠭᠠᠯᠠᠬᠤ ᠪᠠ ᠨᠤᠭᠤ ᠭᠠᠵᠠᠷ ᠢ ᠬᠠᠮᠠᠭᠠᠯᠠᠬᠤ ᠪᠠᠨ ᠦᠷᠭᠦᠯᠵᠢᠯᠡᠨ ᠠᠬᠢᠭᠤᠯᠤᠨ᠎ᠠ᠃ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠡᠷᠴᠢᠮ ᠢᠶᠠᠨ ᠴᠢᠩᠭᠠᠷᠠᠭᠤᠯᠵᠤ᠂ ᠪᠣᠬᠢᠷᠲᠤᠯ ᠦᠭᠡᠢ ᠠᠭᠤᠷᠬᠠᠢ ᠶᠢ ᠰᠢᠨ᠎ᠡ ᠪᠠᠷ 100 ᠭᠠᠷᠤᠢ ᠪᠠᠶᠢᠭᠤᠯᠤᠨ᠎ᠠ᠃      ︵ᠬᠤᠶᠠᠷ︶ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠨ᠎ᠡ᠃ ᠠᠭᠠᠷ ᠤᠨ ᠴᠡᠪᠡᠷᠴᠡ ᠶᠢ ᠰᠠᠶᠢᠵᠢᠷᠠᠭᠤᠯᠬᠤ ᠠᠵᠢᠯᠯᠠᠭᠠᠨ ᠢ ᠦᠷᠭᠦᠯᠵᠢᠯᠡᠨ ᠠᠬᠢᠭᠤᠯᠵᠤ᠂ ᠦᠬᠠᠶ ᠵᠢᠴᠢ ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠭᠤᠤᠯᠳᠠᠯᠭ᠎ᠠ ᠪᠣᠯᠬᠤ ᠣᠷᠣᠨ ᠪᠦᠰᠡ ᠶᠢᠨ ᠠᠭᠠᠷ ᠮᠠᠨᠳᠠᠯ ᠤᠨ ᠪᠣᠬᠢᠷᠲᠤᠯ ᠢ ᠬᠤᠯᠪᠣᠭᠠᠯᠠᠨ ᠰᠡᠷᠭᠡᠶᠢᠯᠡᠵᠦ ᠬᠠᠮᠲᠤᠷᠠᠨ ᠡᠷᠬᠡᠰᠢᠶᠡᠬᠦ ᠪᠠᠨ ᠭᠦᠨᠵᠡᠭᠡᠶᠢᠷᠡᠭᠦᠯᠦᠨ᠂ ᠭᠤᠤᠯᠳᠠᠯᠭ᠎ᠠ ᠪᠣᠯᠬᠤ ᠠᠵᠢᠯ ᠲᠥᠷᠥᠯ ᠤᠨ ᠬᠡᠲᠦ ᠳᠤᠤᠷ᠎ᠠ ᠭᠠᠳᠠᠭᠰᠢᠯᠠᠭᠤᠯᠬᠤ ᠶᠢ ᠥᠭᠡᠷᠡᠴᠢᠯᠡᠨ ᠰᠢᠨᠡᠳᠬᠡᠬᠦ ᠪᠠᠨ ᠯᠠᠪᠳᠠᠭᠤᠨ ᠠᠬᠢᠭᠤᠯᠵᠤ᠂ ᠠᠵᠤ ᠦᠢᠯᠡᠳᠪᠦᠷᠢ ᠶᠢᠨ ᠵᠤᠤᠬ᠎ᠠ ᠠᠴᠠ ᠡᠭᠦᠰᠦᠭᠰᠡᠨ ᠠᠭᠠᠷ ᠮᠠᠨᠳᠠᠯ ᠤᠨ ᠪᠣᠬᠢᠷᠲᠤᠯ ᠢ ᠶᠡᠷᠦᠩᠬᠡᠶᠢᠯᠡᠨ ᠵᠠᠰᠠᠬᠤ ᠪᠠᠨ ᠬᠦᠴᠦᠲᠡᠢ ᠬᠡᠷᠡᠭᠵᠢᠭᠦᠯᠦᠨ᠂ ᠨᠡᠭᠦᠷᠡᠰᠦ ᠲᠦᠯᠡᠵᠦ ᠡᠭᠦᠰᠦᠭᠰᠡᠨ ᠪᠣᠬᠢᠷᠲᠤᠯ᠂ ᠳᠡᠭᠳᠡᠮᠡᠬᠡᠶ ᠴᠢᠨᠠᠷ ᠲᠠᠢ ᠣᠷᠭᠠᠨᠢᠭ ᠪᠣᠳᠠᠰ ᠢ ᠶᠡᠷᠦᠩᠬᠡᠶᠢᠯᠡᠨ ᠴᠡᠭᠴᠡᠯᠡᠨ ᠵᠠᠰᠠᠬᠤ ᠪᠠᠨ ᠭᠦᠨᠵᠡᠭᠡᠶ ᠠᠬᠢᠭᠤᠯᠵᠤ᠂ ᠣᠽᠣᠨ ᠤ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠠᠵᠢᠯᠯᠠᠭᠠᠨ ᠢ ᠥᠷᠨᠢᠭᠦᠯᠦᠨ᠂ ᠲᠣᠭᠤᠰᠣ ᠶᠢ ᠶᠡᠷᠦᠩᠬᠡᠶᠢᠯᠡᠨ ᠬᠠᠮᠢᠶᠠᠷᠴᠤ ᠡᠷᠬᠡᠰᠢᠶᠡᠬᠦ ᠪᠠᠨ ᠴᠢᠩᠭᠠᠳᠬᠠᠵᠤ᠂ ᠬᠦᠨᠳᠦ ᠪᠣᠬᠢᠷᠲᠤᠯ ᠲᠠᠢ ᠴᠠᠭ ᠠᠭᠤᠷ ᠢ ᠪᠦᠲᠦᠮᠵᠢᠲᠡᠶ ᠠᠷᠭᠠᠴᠠᠭᠠᠨ᠎ᠠ᠃ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯᠯᠠᠭ᠎ᠠ ᠪᠠᠨ ᠭᠦᠨᠵᠡᠭᠡᠶ ᠥᠷᠨᠢᠭᠦᠯᠵᠦ᠂ ᠪᠠᠷᠢᠮᠵᠢᠶ᠎ᠠ ᠳᠤ ᠬᠦᠷᠬᠦ ᠦᠭᠡᠶ ᠤᠰᠤᠨ ᠴᠣᠭᠴᠠ ᠶᠢ ᠵᠠᠰᠠᠬᠤ ᠪᠠᠨ ᠴᠢᠩᠭᠠᠷᠠᠭᠤᠯᠤᠨ᠂ ᠪᠠᠷᠢᠮᠵᠢᠶ᠎ᠠ ᠪᠠᠷ ᠭᠠᠳᠠᠭᠰᠢᠯᠠᠭᠤᠯᠬᠤ ᠳᠤ ᠬᠢᠨᠠᠯᠲᠠ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠵᠦ᠂ ᠤᠰᠤᠨ ᠰᠤᠷᠪᠤᠯᠵᠢ ᠶᠢᠨ ᠭᠠᠵᠠᠷ ᠢ ᠵᠢᠷᠤᠮᠵᠢᠯ ᠲᠠᠢ ᠪᠦᠲᠦᠭᠡᠨ ᠪᠠᠶᠢᠭᠤᠯᠬᠤ ᠪᠠᠨ ᠴᠢᠩᠭᠠᠳᠬᠠᠨ᠎ᠠ᠃ ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯᠯᠠᠭ᠎ᠠ ᠪᠠᠨ ᠯᠠᠪᠳᠠᠭᠤᠨ ᠪᠠᠲᠤᠲᠠᠢ ᠠᠬᠢᠭᠤᠯᠵᠤ᠂ ᠠᠶᠤᠯᠲᠠᠢ ᠬᠠᠶᠠᠭᠳᠠᠮᠠᠯ ᠪᠣᠳᠠᠰ ᠢ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠢ ᠦᠷᠭᠦᠯᠵᠢᠯᠡᠨ ᠥᠷᠨᠢᠭᠦᠯᠵᠦ᠂ ᠬᠦᠨᠳᠦ ᠲᠡᠮᠦᠷᠯᠢᠭ ᠤᠨ ᠪᠣᠬᠢᠷᠲᠤᠯ ᠪᠠ ᠰᠦᠯᠢᠶᠣᠣ ᠶᠢᠨ ᠪᠣᠬᠢᠷᠲᠤᠯ ᠢ ᠪᠦᠬᠦ ᠬᠡᠯᠬᠢᠶᠡᠨ ᠳᠤ ᠨᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ︽ᠬᠠᠶᠠᠭᠳᠠᠮᠠᠯ ᠪᠣᠳᠠᠰ ᠦᠭᠡᠢ ᠬᠤᠳᠠ︾ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠤᠨ᠎ᠠ᠃      ︵ᠭᠤᠷᠪᠠ︶ ᠪᠣᠬᠢᠷᠲᠤᠯ ᠥᠬᠡᠶ ᠪᠥᠭᠡᠳ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠤᠨ᠎ᠠ᠃ ᠠᠵᠤ ᠦᠢᠯᠡᠰ ᠤᠨ ᠪᠦᠲᠦᠴᠡ᠂ ᠡᠨᠧᠷᠭᠢ ᠶᠢᠨ ᠪᠦᠲᠦᠴᠡ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠦᠲᠦᠴᠡ᠂ ᠭᠠᠵᠠᠷ ᠬᠡᠷᠡᠭᠯᠡᠬᠦ ᠪᠦᠲᠦᠴᠡ ᠶᠢ ᠬᠦᠴᠦᠯᠡᠨ ᠲᠤᠬᠢᠷᠠᠭᠤᠯᠵᠤ᠂ ᠪᠣᠬᠢᠷᠲᠤᠯ ᠦᠭᠡᠢ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠪᠤᠢ ᠪᠣᠯᠭᠠᠬᠤ ᠪᠠᠨ ᠠᠬᠢᠭᠤᠯᠤᠨ᠎ᠠ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠬᠡᠷᠡᠭᠴᠡᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ︽ᠭᠤᠷᠪᠠᠨ ᠱᠤᠭᠤᠮ ᠨᠢᠭᠡ ᠲᠠᠩᠰᠠ︾ ᠶᠢᠨ ᠣᠷᠣᠨ ᠬᠤᠪᠢᠶᠠᠵᠤ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠦᠨ᠎ᠡ᠃ ᠤᠰᠤᠨ ᠤ ᠡᠬᠢ ᠰᠤᠷᠪᠤᠯᠵᠢ ᠶᠢᠨ ᠬᠠᠮᠤᠭ ᠤᠨ ᠴᠢᠩᠭ᠎ᠠ ᠬᠠᠮᠢᠶᠠᠷᠤᠯᠲᠠ ᠶᠢ ᠴᠢᠩᠭᠠᠳᠬᠠᠵᠤ᠂ ᠤᠰᠤ ᠠᠷᠪᠢᠯᠠᠵᠤ ᠤᠰᠤ ᠶᠢ ᠡᠵᠡᠮᠳᠡᠬᠦ ᠭᠦᠨᠵᠡᠭᠡᠢ ᠠᠵᠢᠯᠯᠠᠭ᠎ᠠ ᠪᠠᠨ ᠠᠬᠢᠭᠤᠯᠤᠨ᠂ ᠤᠰᠤᠨ ᠤ ᠡᠬᠢ ᠰᠤᠷᠪᠤᠯᠵᠢ ᠶᠢᠨ ᠬᠤᠷᠣᠭᠳᠠᠯ ᠢ ᠡᠵᠡᠮᠳᠡᠬᠦ ᠡᠭᠦᠷᠭᠡ ᠪᠠᠨ ᠰᠠᠶᠢᠲᠤᠷ ᠨᠠᠶᠢᠳᠠᠪᠤᠷᠢᠵᠢᠭᠤᠯᠤᠨ᠎ᠠ᠃ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ ᠬᠡᠮᠵᠢᠭᠳᠡᠯ ᠠᠴᠠ ᠨᠢ ᠪᠠᠭᠤᠷᠠᠭᠤᠯᠬᠤ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ ᠬᠡᠮᠵᠢᠭᠳᠡᠯ ᠠᠴᠠ ᠨᠢ ᠪᠠᠭᠤᠷᠠᠭᠤᠯᠬᠤ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠲᠦᠷᠦ ᠶᠢᠨ ᠪᠤᠳᠤᠯᠭ᠎ᠠ ᠶᠢᠨ ᠲᠣᠭᠲᠠᠯᠴᠠᠭ᠎ᠠ ᠶᠢ ᠪᠠᠶᠢᠭᠤᠯᠤᠨ ᠪᠦᠷᠢᠯᠳᠦᠭᠦᠯᠵᠦ᠂ ᠡᠨᠧᠷᠭᠢ ᠶᠢᠨ ᠬᠤᠷᠣᠭᠳᠠᠯ ᠤᠨ ︽ᠬᠤᠶᠠᠷ ᠢ ᠬᠢᠵᠠᠭᠠᠷᠯᠠᠬᠤ︾ ᠲᠦᠷᠢᠮ ᠢ ᠰᠢᠨᠵᠢᠯᠡᠬᠦ ᠤᠬᠠᠭᠠᠨᠴᠢ ᠪᠠᠷ ᠲᠡᠭᠦᠯᠳᠡᠷᠵᠢᠭᠦᠯᠦᠨ᠎ᠡ᠃ ᠪᠦᠬᠦ ᠲᠠᠯ᠎ᠠ ᠪᠠᠷ ᠠᠷᠪᠢᠯᠠᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠦᠢᠯᠡᠳᠪᠦᠷᠢᠯᠡᠯ ᠤᠨ ᠬᠦᠷᠢᠶᠡᠨ ᠳᠤ ᠡᠬᠢ ᠪᠠᠶᠠᠯᠢᠭ ᠢ ᠪᠦᠬᠦ ᠲᠠᠯ᠎ᠠ ᠪᠠᠷ ᠠᠷᠪᠢᠯᠠᠬᠤ᠂ ᠡᠷᠴᠢᠮᠵᠢᠭᠦᠯᠬᠦ᠂ ᠣᠷᠴᠢᠯᠳᠤᠭᠤᠯᠤᠨ ᠠᠰᠢᠭᠯᠠᠬᠤ ᠶᠢ ᠠᠬᠢᠭᠤᠯᠤᠨ᠂ ︽ᠬᠤᠶᠠᠷ ᠶᠡᠬᠡᠲᠡᠢ︾ ᠲᠥᠷᠥᠯ ᠵᠦᠢᠯ ᠢ ᠰᠣᠬᠤᠷ ᠪᠠᠯᠠᠢ ᠪᠠᠷ ᠬᠥᠭᠵᠢᠭᠦᠯᠬᠦ ᠶᠢ ᠡᠷᠡᠰ ᠬᠤᠷᠢᠭᠯᠠᠨ ᠵᠣᠭᠰᠣᠭᠠᠵᠤ᠂ ᠡᠨᠧᠷᠭᠢ ᠶᠢᠨ ᠠᠰᠢᠭᠯᠠᠮᠵᠢ ᠶᠢᠨ ᠬᠡᠪ ᠳᠠᠭᠤᠷᠢᠶᠠᠯ ᠤᠨ ᠬᠢᠷᠢ ᠲᠦᠪᠰᠢᠨ ᠢᠶᠠᠷ ᠪᠠᠷᠢᠮᠵᠢᠶ᠎ᠠ ᠪᠣᠯᠭᠠᠵᠤ᠂ ᠭᠤᠣᠯᠳᠠᠯᠭ᠎ᠠ ᠪᠣᠯᠬᠤ ᠠᠵᠢᠯ ᠲᠦᠷᠦᠯ ᠤᠨ ᠠᠵᠤ ᠠᠬᠤᠶᠢᠯᠠᠯ ᠢ ᠥᠭᠡᠷᠡᠴᠢᠯᠡᠨ ᠰᠢᠨᠡᠳᠬᠡᠵᠦ ᠲᠡᠰ ᠳᠡᠪᠰᠢᠭᠦᠯᠬᠦ ᠶᠢ ᠨᠢ ᠡᠮᠬᠢ ᠵᠢᠷᠤᠮ ᠲᠠᠢ ᠬᠡᠷᠡᠭᠵᠢᠭᠦᠯᠦᠨ᠂ ᠪᠣᠬᠢᠷᠲᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠶᠢ ᠨᠢ ᠴᠢᠩᠭᠠᠳᠬᠠᠵᠤ᠂ ᠲᠡᠷᠢᠭᠦᠨ ᠤ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠨᠢ ᠲᠦᠷᠭᠡᠳᠬᠡᠨ᠎ᠡ︔ ᠬᠡᠷᠡᠭᠯᠡᠭᠡ ᠶᠢᠨ ᠬᠦᠷᠢᠶᠡᠨ ᠳᠤ᠂ ᠪᠥᠬᠦ ᠠᠷᠠᠳ ᠤᠨ ᠠᠷᠪᠢᠯᠠᠨ ᠭᠠᠮᠨᠠᠬᠤ ᠦᠵᠡᠯ ᠤᠬᠠᠮᠰᠠᠷ ᠢ ᠴᠢᠩᠭᠠᠷᠠᠭᠤᠯᠵᠤ᠂ ᠠᠷᠪᠢᠲᠠᠶ ᠪᠥᠭᠡᠳ ᠲᠣᠬᠢᠷᠠᠮᠵᠢᠲᠠᠶ᠂ ᠪᠣᠬᠢᠷᠲᠤᠯ ᠥᠬᠡᠶ ᠪᠥᠭᠡᠳ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠂ ᠪᠥᠬᠦ ᠨᠡᠶᠢᠭᠡᠮ ᠢᠶᠠᠷ ᠢᠶᠠᠨ ᠴᠠᠬᠢᠯᠭᠠᠨ ᠠᠷᠪᠢᠯᠠᠵᠤ ᠬᠡᠷᠡᠭᠯᠡᠬᠦ ᠪᠠ ᠡᠨᠧᠷᠭᠢ ᠬᠡᠷᠡᠭᠯᠡᠬᠦ ᠶᠢ ᠨᠢ ᠴᠢᠩᠭᠠᠳᠬᠠᠬᠤ ᠶᠢ ᠠᠬᠢᠭᠤᠯᠵᠤ᠂ ᠬᠤᠲᠠ ᠶᠢᠨ ᠦᠵᠡᠮᠦᠷᠢ ᠶᠢᠨ ᠭᠡᠷᠡᠯᠲᠦᠭᠦᠯᠭᠡ ᠶᠢᠨ ᠬᠠᠮᠢᠶᠠᠷᠤᠯᠲᠠ ᠶᠢ ᠵᠢᠷᠤᠮᠵᠢᠭᠤᠯᠤᠨ᠂ ᠵᠠᠮ ᠬᠠᠷᠢᠯᠴᠠᠭ᠎ᠠ ᠵᠡᠷᠭᠡ ᠬᠦᠷᠢᠶᠡᠨ ᠤ ᠡᠨᠧᠷᠭᠢ ᠠᠷᠪᠢᠯᠠᠬᠤ ᠶᠢ ᠴᠢᠩᠭᠠᠷᠠᠭᠤᠯᠵᠤ᠂ ᠪᠠᠷᠠᠭᠠᠨ ᠤ ᠲᠡᠭᠡᠭᠡᠪᠦᠷᠢ ᠶᠢᠨ ︽ᠵᠠᠰᠠᠮᠠᠯ ᠵᠠᠮ ᠠᠴᠠ ᠲᠡᠮᠦᠷ ᠵᠠᠮ ᠳᠤ ᠰᠢᠯᠵᠢᠭᠦᠯᠬᠦ︾ ᠶᠢ ᠠᠬᠢᠭᠤᠯᠤᠨ᠂ ᠬᠤᠭ ᠨᠣᠪᠰᠢ ᠶᠢ ᠲᠥᠷᠥᠯ ᠬᠤᠪᠢᠶᠠᠬᠤ ᠪᠠ ᠡᠬᠢ ᠪᠠᠶᠠᠯᠢᠭᠵᠢᠭᠤᠯᠬᠤ ᠶᠢ ᠬᠡᠷᠡᠭᠵᠢᠭᠦᠯᠦᠨ᠎ᠡ᠃      ᠲᠠᠪᠤ᠂ ᠠᠩᠬᠠᠨ ᠤ ᠪᠦᠲᠦᠭᠡᠭᠳᠡᠬᠦᠨ ᠤ ᠬᠠᠩᠭᠠᠵᠤ ᠪᠠᠲᠤᠯᠠᠬᠤ ᠴᠢᠳᠠᠪᠤᠷᠢ ᠶᠢ ᠴᠢᠩᠭᠠᠳᠬᠠᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠨ᠎ᠠ      ᠠᠮᠤᠷ ᠲᠦᠪᠰᠢᠨ ᠬᠥᠭᠵᠢᠯᠲᠡ ᠶᠢᠨ ᠣᠨᠣᠯᠵᠢᠬᠤᠨ ᠢ ᠪᠠᠲᠤ ᠪᠤᠢ ᠪᠣᠯᠭᠠᠵᠤ᠂ ᠰᠢᠰᠲ᠋ᠧᠮ ᠤᠨ ᠦᠵᠡᠯᠲᠡ ᠶᠢ ᠪᠠᠷᠢᠮᠲᠠᠯᠠᠨ᠂ ᠬᠤᠷᠢᠭ᠎ᠠ ᠱᠤᠭᠤᠮ ᠤᠨ ᠰᠡᠳᠬᠢᠬᠦᠢ ᠶᠢ ᠴᠢᠩᠭᠠᠳᠬᠠᠵᠤ᠂ ᠠᠮᠤ ᠪᠤᠳᠠᠭ᠎ᠠ ᠪᠠ ᠡᠨᠧᠷᠭᠢ ᠶᠢᠨ ᠬᠠᠩᠭᠠᠵᠤ ᠪᠠᠲᠤᠯᠠᠬᠤ ᠬᠠᠷᠢᠭᠤᠴᠠᠯᠭ᠎ᠠ ᠶᠢ ᠡᠭᠦᠷᠭᠡᠯᠡᠨ᠂ ᠭᠤᠣᠯᠳᠠᠯᠭ᠎ᠠ ᠪᠣᠯᠬᠤ ᠬᠦᠷᠢᠶᠡᠨ ᠤ ᠲᠦᠭᠰᠢᠭᠦᠷᠢ ᠶᠢ ᠬᠦᠴᠦᠯᠡᠨ ᠰᠡᠷᠭᠡᠶᠢᠯᠡᠵᠦ ᠠᠷᠢᠯᠭᠠᠨ᠎ᠠ᠃      ︵ᠨᠢᠭᠡ︶ ᠠᠮᠤ ᠪᠤᠳᠠᠭ᠎ᠠ ᠰᠦ ᠮᠢᠬᠠᠨ ᠤ ᠦᠢᠯᠡᠳᠪᠦᠷᠢᠯᠡᠯ ᠢ ᠬᠦᠴᠦᠯᠡᠨ ᠲᠣᠭᠲᠠᠪᠤᠷᠢᠵᠢᠭᠤᠯᠤᠨ᠎ᠠ᠃ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠲᠦᠷᠢᠮ ᠢ ᠨᠠᠶᠢᠳᠠᠪᠤᠷᠢᠵᠢᠭᠤᠯᠵᠤ᠂ ᠲᠠᠷᠢᠶᠠᠯᠠᠬᠤ ᠭᠠᠵᠠᠷ ᠤᠨ ᠤᠯᠠᠭᠠᠨ ᠱᠤᠭᠤᠮ ᠢ ᠪᠠᠲᠤ ᠰᠠᠬᠢᠨ᠂ ᠲᠠᠷᠢᠶᠠᠯᠠᠬᠤ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠡᠷᠡᠰ ᠬᠤᠷᠢᠭᠯᠠᠵᠤ᠂ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠨ᠂ ᠠᠮᠤ ᠪᠤᠳᠠᠭ᠎ᠠ ᠳᠠᠷᠢᠬᠤ ᠲᠠᠯᠠᠪᠠᠶ ᠪᠠ ᠤᠨᠠᠯᠲᠠ ᠶᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ 400 ᠲᠦᠮᠡᠨ ᠮᠦ ᠪᠠᠶᠢᠭᠤᠯᠵᠤ᠂ ᠬᠠᠷ᠎ᠠ ᠬᠥᠷᠥᠰᠥᠲᠦ ᠭᠠᠵᠠᠷ ᠢ ᠬᠠᠮᠠᠭᠠᠯᠠᠬᠤ ᠴᠢᠨᠠᠷᠲᠠᠢ ᠲᠠᠷᠢᠶᠠᠯᠠᠭ᠎ᠠ ᠶᠢ 1350 ᠲᠦᠮᠡᠨ ᠮᠦ ᠪᠣᠯᠭᠠᠨ᠂ ᠰᠢᠷ᠎ᠠ ᠪᠤᠷᠴᠠᠭ ᠲᠠᠷᠢᠬᠤ ᠬᠡᠪᠴᠢᠶ᠎ᠡ ᠶᠢ 500 ᠲᠦᠮᠡᠨ ᠮᠦ ᠥᠷᠭᠡᠳᠬᠡᠬᠦ ᠡᠭᠦᠷᠭᠡ ᠪᠠᠨ ᠪᠡᠶᠡᠯᠡᠭᠦᠯᠵᠦ᠂ ᠦᠷ᠎ᠡ ᠶᠢᠨ ᠦᠢᠯᠡᠰ ᠢ ᠬᠥᠭᠵᠢᠭᠦᠯᠬᠦ ᠠᠵᠢᠯᠯᠠᠭᠠᠨ ᠢ ᠬᠡᠷᠡᠭᠵᠢᠭᠦᠯᠦᠨ᠂ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠬᠠᠩᠭᠠᠯᠭ᠎ᠠ ᠶᠢ ᠰᠠᠶᠢᠲᠤᠷ ᠠᠳᠬᠤᠨ᠎ᠠ᠃ ᠣᠲᠣ ᠦᠶ᠎ᠡ ᠶᠢᠨ ᠮᠠᠯ ᠠᠵᠤ ᠠᠬᠤᠶ ᠶᠢᠨ ᠬᠥᠭᠵᠢᠯᠲᠡ ᠶᠢ ᠲᠦᠷᠭᠡᠳᠬᠡᠨ᠂ ᠴᠢᠨᠠᠷ ᠰᠠᠶᠢᠲᠠᠶ ᠲᠡᠵᠢᠭᠡᠯ ᠡᠪᠡᠰᠦ ᠪᠣᠷᠳᠣᠭᠠᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠵᠤ᠂ ᠰᠦ ᠶᠢᠨ ᠦᠢᠯᠡᠰ ᠢᠶᠠᠨ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠶ ᠠᠬᠢᠭᠤᠯᠤᠨ᠂ ᠮᠢᠬᠠᠨ ᠤ ᠵᠦᠢᠯ ᠤᠨ ᠭᠠᠷᠤᠯᠲᠠ ᠶᠢ 260 ᠲᠦᠮᠡᠨ ᠲᠣᠨ ᠳᠤ ᠲᠣᠭᠲᠠᠪᠤᠷᠢᠵᠢᠭᠤᠯᠬᠤ᠂ ᠰᠦ ᠶᠢᠨ ᠭᠠᠷᠤᠯᠲᠠ ᠶᠢ 720 ᠲᠦᠮᠡᠨ ᠲᠣᠨ ᠳᠤ ᠬᠦᠷᠭᠡᠬᠦ ᠶᠢ ᠠᠬᠢᠭᠤᠯᠤᠨ᠎ᠠ᠃      ︵ᠬᠤᠶᠠᠷ︶ ᠡᠨᠧᠷᠭᠢ ᠶᠢᠨ ᠡᠬᠢ ᠪᠠᠶᠠᠯᠢᠭ ᠤᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠨ᠎ᠠ᠃ ᠠᠮᠢ ᠠᠬᠤᠢ ᠶᠢᠨ ᠬᠠᠮᠠᠭᠠᠯᠠᠯᠲᠠ ᠪᠠ ᠠᠶᠤᠯ ᠦᠭᠡᠢ ᠦᠢᠯᠡᠳᠪᠦᠷᠢᠯᠡᠯ ᠤᠨ ᠤᠯᠠᠭᠠᠨ ᠱᠤᠭᠤᠮ ᠢ ᠴᠢᠩᠭ᠎ᠠ ᠰᠠᠬᠢᠵᠤ᠂ ᠨᠡᠭᠦᠷᠡᠰᠦᠨ ᠤ ᠦᠢᠯᠡᠳᠪᠦᠷᠢᠯᠡᠬᠦ ᠴᠢᠳᠠᠮᠵᠢ ᠶᠢ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠠᠬᠢᠭᠤᠯᠤᠨ᠂ ᠲᠡᠷᠢᠭᠦᠨ ᠤ ᠦᠢᠯᠡᠳᠪᠦᠷᠢᠯᠡᠬᠦ ᠴᠢᠳᠠᠮᠵᠢ ᠶᠢ ᠡᠮᠬᠢ ᠵᠢᠷᠤᠮ ᠲᠠᠢ ᠪᠠᠷ ᠪᠠᠳᠠᠷᠠᠭᠤᠯᠵᠤ᠂ ᠨᠡᠭᠦᠷᠡᠰᠦᠨ ᠤ ᠭᠠᠷᠤᠯᠲᠠ ᠶᠢ 10 ᠳ᠋ᠦᠩᠰᠢᠭᠤᠷ ᠲᠣᠨ ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ᠃ ᠴᠠᠬᠢᠯᠭᠠᠨ ᠬᠦᠴᠦᠨ ᠤ ᠬᠠᠩᠭᠠᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠵᠦ᠂ ᠨᠡᠭᠦᠷᠡᠰᠦ ᠪᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠵᠦᠢ ᠵᠣᠬᠢᠰᠲᠠᠢ ᠡᠯᠪᠡᠭ ᠪᠠᠶᠢᠬᠤ ᠶᠢ ᠪᠠᠲᠤᠯᠠᠨ᠂ ᠣᠳᠣ ᠪᠠᠶᠢᠭ᠎ᠠ ᠨᠡᠭᠦᠷᠡᠰᠦ ᠪᠠᠷ ᠴᠠᠬᠢᠯᠭᠠᠨ ᠭᠠᠷᠭᠠᠬᠤ ᠲᠥᠷᠥᠯ ᠵᠦᠢᠯ ᠢ ᠥᠭᠡᠷᠡᠴᠢᠯᠡᠨ ᠰᠢᠨᠡᠳᠬᠡᠵᠦ ᠳᠡᠰ ᠳᠡᠪᠰᠢᠭᠦᠯᠬᠦ ᠶᠢ ᠨᠢ ᠢᠳᠡᠪᠬᠢᠲᠡᠢ ᠠᠬᠢᠭᠤᠯᠵᠤ᠂ ᠴᠠᠬᠢᠯᠭᠠᠨ ᠬᠦᠴᠦᠨ ᠤ ᠶᠡᠷᠦᠩᠬᠡᠢ ᠮᠠᠰᠢᠨ ᠴᠣᠭᠴᠠᠯᠠᠪᠤᠷᠢ ᠶᠢ 1.6 ᠳ᠋ᠦᠩᠰᠢᠭᠤᠷ ᠬᠢᠯᠦᠸᠠᠲ ᠠᠴᠠ ᠳᠡᠭᠡᠭᠰᠢ ᠪᠣᠯᠭᠠᠨ᠎ᠠ᠃ ᠴᠠᠬᠢᠯᠭᠠᠨ ᠭᠠᠷᠭᠠᠵᠤ ᠢᠯᠴᠢ ᠬᠠᠩᠭᠠᠬᠤ ᠠᠵᠤ ᠠᠬᠤᠶᠢᠯᠠᠯ ᠤᠨ ᠨᠡᠭᠦᠷᠡᠰᠦᠨ ᠤ ᠤᠷᠲᠤᠪᠲᠤᠷ ᠪᠠ ᠤᠷᠲᠤ ᠬᠤᠭᠤᠴᠠᠭᠠᠨ ᠤ ᠭᠡᠷ᠎ᠡ ᠪᠠᠨ ᠪᠦᠷᠢᠨ ᠪᠥᠷᠬᠦᠭᠦᠯᠬᠦ ᠶᠢ ᠠᠬᠢᠭᠤᠯᠬᠤ ᠶᠢᠨ ᠬᠠᠮᠲᠤ᠂ ᠭᠡᠷ᠎ᠡ ᠪᠠᠨ ᠭᠦᠢᠴᠡᠳᠬᠡᠬᠦ ᠨᠣᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠡᠨᠧᠷᠭᠢ ᠶᠢᠨ ᠦᠢᠯᠡᠳᠪᠦᠷᠢᠯᠡᠯ ᠬᠠᠩᠭᠠᠯᠭ᠎ᠠ ᠨᠥᠭᠡᠴᠡ ᠪᠣᠷᠣᠯᠠᠭᠤᠯᠤᠯᠲᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠡᠨᠧᠷᠭᠢ ᠬᠡᠷᠡᠭᠯᠡᠬᠦ ᠶᠢ ᠪᠠᠲᠤᠯᠠᠬᠤ ᠲᠥᠰᠦᠯ ᠢᠶᠠᠨ ᠨᠠᠷᠢᠯᠢᠬᠵᠢᠭᠤᠯᠤᠨ ᠨᠠᠶᠢᠳᠠᠪᠤᠷᠢᠵᠢᠭᠤᠯᠵᠤ᠂ ᠨᠡᠭᠦᠷᠡᠰᠦ ᠴᠠᠬᠢᠯᠭᠠᠨ ᠲᠤᠰᠤ ᠬᠡᠢ ᠲᠡᠭᠡᠭᠡᠪᠦᠷᠢ ᠶᠢᠨ ᠲᠣᠬᠢᠷᠠᠭᠤᠯᠤᠯᠲᠠ ᠶᠢ ᠴᠢᠩᠭᠠᠳᠬᠠᠨ᠂ ᠠᠷᠠᠳ ᠤᠨ ᠠᠮᠢᠳᠤᠷᠠᠯ ᠪᠠ ᠤᠯᠠᠨ ᠨᠡᠶᠢᠲᠡ ᠶᠢᠨ ᠡᠨᠧᠷᠭᠢ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠦᠨᠡᠨ ᠬᠦ ᠪᠠᠲᠤᠯᠠᠨ᠎ᠠ᠃ ᠬᠤᠪᠣᠷ ᠰᠢᠷᠣᠶ ᠵᠡᠷᠭᠡ ᠡᠬᠢ ᠪᠠᠶᠠᠯᠢᠭ ᠢ ᠬᠠᠮᠠᠭᠠᠯᠠᠯᠲᠠ ᠶᠢᠨ ᠴᠢᠨᠠᠷᠲᠠᠶ ᠨᠡᠭᠡᠭᠡᠨ ᠮᠠᠯᠲᠠᠬᠤ᠂ ᠴᠢᠨᠠᠷ ᠰᠠᠶᠢᠲᠠᠶ ᠨᠡᠭᠡᠭᠡᠨ ᠠᠰᠢᠭᠯᠠᠬᠤ ᠶᠢ ᠨᠢ ᠠᠬᠢᠭᠤᠯᠤᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠶᠡᠷᠦᠩᠬᠡᠶ ᠲᠥᠯᠥᠪᠵᠢᠭᠦᠯᠭᠡ︾ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠠᠭᠤᠷᠬᠠᠶ ᠶᠢᠨ ᠦᠢᠯᠡᠰ ᠤᠨ ᠨᠡᠭᠡᠭᠡᠨ ᠬᠥᠭᠵᠢᠭᠦᠯᠬᠦ ᠪᠠᠶᠢᠷᠢᠰᠢᠭᠤᠯᠤᠯ ᠢ ᠰᠢᠯᠢᠳᠡᠭᠵᠢᠭᠦᠯᠦᠨ᠎ᠡ᠃ ᠥᠷᠭᠡᠨ ᠬᠡᠷᠡᠭᠴᠡᠭᠡᠨ ᠤ ᠲᠠᠸᠠᠷ ᠤᠨ ᠵᠠᠬ᠎ᠠ ᠳᠡᠯᠭᠡᠭᠦᠷ ᠤᠨ ᠬᠠᠨᠳᠤᠰᠢ ᠶᠢ ᠴᠢᠩᠭ᠎ᠠ ᠮᠥᠷᠳᠡᠵᠦ ᠰᠤᠳᠤᠯᠤᠨ ᠮᠠᠭᠠᠳᠯᠠᠵᠤ᠂ ᠥᠷᠭᠡᠨ ᠬᠡᠷᠡᠭᠴᠡᠭᠡᠨ ᠤ ᠲᠠᠸᠠᠷ ᠤᠨ ᠵᠠᠬ᠎ᠠ ᠳᠡᠯᠭᠡᠭᠦᠷ ᠲᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃      ︵ᠭᠤᠷᠪᠠ︶ ᠭᠤᠤᠯᠳᠠᠯᠭ᠎ᠠ ᠪᠣᠯᠬᠤ ᠬᠦᠷᠢᠶᠡᠨ ᠳᠠᠬᠢ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠶᠡᠭᠡ ᠲᠠᠯ᠎ᠠ ᠶᠢ ᠲᠣᠭᠲᠠᠭᠤᠨ ᠪᠠᠶᠢᠯᠭᠠᠬᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠣᠨᠣᠴᠠᠲᠠᠢ ᠵᠠᠳᠠᠯᠵᠤ ᠰᠢᠢᠳᠪᠦᠷᠢᠯᠡᠬᠦ ᠴᠢᠭᠯᠡᠯᠲᠡ ᠶᠣᠰᠣᠭᠠᠷ᠂ ᠲᠦᠭᠰᠢᠭᠦᠷᠢ ᠶᠢ ᠰᠢᠢᠳᠪᠦᠷᠢᠯᠡᠬᠦ ᠠᠵᠢᠯ ᠢ ᠰᠠᠶᠢᠲᠤᠷ ᠠᠳᠬᠤᠨ᠎ᠠ᠃ ᠮᠥᠩᠭᠦᠨ ᠭᠦᠢᠯᠭᠡᠭᠡᠨ ᠤ ᠠᠮᠤᠷ ᠲᠦᠪᠰᠢᠨ ᠲᠣᠭᠲᠠᠭᠤᠨ ᠪᠠᠶᠢᠳᠠᠯ ᠢ ᠦᠨᠡᠨ ᠬᠦ ᠬᠠᠮᠠᠭᠠᠯᠠᠵᠤ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠦᠷᠢᠮ ᠪᠠ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠢᠢᠳᠪᠦᠷᠢᠯᠡᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠣᠷᠣᠨ ᠨᠤᠲᠤᠭ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ᠂ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠵᠡᠷᠭᠡ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠠᠵᠤ ᠠᠬᠤᠶᠢᠯᠠᠯ ᠤᠨ ᠥᠪᠡᠷ ᠢ ᠪᠠᠨ ᠠᠪᠤᠷᠬᠠᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠤᠨ᠂ ᠪᠠᠩᠬᠢ ᠶᠢᠨ ᠦᠢᠯᠡᠰ ᠤᠨ ᠵᠦᠶ ᠪᠤᠰᠤ ᠵᠢᠭᠡᠯᠡᠯᠭᠡ ᠶᠢ ᠢᠯᠭᠠᠷᠠᠭᠤᠯᠤᠨ ᠬᠤᠷᠢᠶᠠᠵᠤ ᠰᠢᠢᠳᠪᠦᠷᠢᠯᠡᠬᠦ ᠲᠤᠰᠬᠠᠶ ᠠᠵᠢᠯᠯᠠᠭᠠᠨ ᠢ ᠨᠢ ᠬᠡᠷᠡᠭᠵᠢᠭᠦᠯᠦᠨ ᠠᠬᠢᠭᠤᠯᠵᠤ᠂ ᠲᠦᠭᠰᠢᠭᠦᠷᠢ ᠶᠡᠬᠡᠲᠡᠶ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠦᠭᠰᠢᠭᠦᠷᠢ ᠶᠢ ᠯᠠᠪᠳᠠᠭᠤᠨ ᠪᠠᠲᠤᠲᠠᠶ ᠠᠷᠢᠯᠭᠠᠵᠦ ᠰᠢᠢᠳᠪᠦᠷᠢᠯᠡᠨ᠂ ᠢᠲᠡᠭᠡᠮᠵᠢᠲᠦ ᠵᠢᠭᠡᠯᠡᠯᠭᠡ ᠶᠢᠨ ᠭᠡᠷ᠎ᠡ ᠠᠴᠠ ᠵᠥᠷᠢᠴᠡᠬᠦ ᠲᠦᠭᠰᠢᠭᠦᠷᠢ ᠶᠢ ᠯᠠᠪᠳᠠᠭᠤᠨ ᠢᠶᠠᠷ ᠰᠢᠢᠳᠪᠦᠷᠢᠯᠡᠨ᠎ᠡ᠃ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢ ᠢᠳᠡᠪᠬᠢᠲᠡᠶ ᠪᠥᠭᠡᠳ ᠯᠠᠪᠳᠠᠭᠤᠨ ᠢᠶᠠᠷ ᠰᠡᠷᠭᠡᠶᠢᠯᠡᠨ ᠠᠷᠢᠯᠭᠠᠵᠤ᠂ ︽ᠠᠷᠪᠢᠲᠠᠢ ᠭᠠᠮᠲᠠᠢ ᠠᠮᠢᠳᠤᠷᠠᠬᠤ︾ ᠶᠢ ᠪᠠᠷᠢᠮᠲᠠᠯᠠᠨ᠂ ᠡᠩ ᠤᠨ ᠴᠢᠨᠠᠷᠲᠠᠶ ᠵᠠᠷᠤᠯᠭ᠎ᠠ ᠶᠢ ᠦᠷᠭᠦᠯᠵᠢᠯᠡᠨ ᠴᠢᠩᠭ᠎ᠠ ᠬᠢᠵᠠᠭᠠᠷᠯᠠᠬᠤ ᠪᠠ ᠪᠠᠭᠠᠰᠬᠠᠵᠤ᠂ ᠦᠨᠳᠦᠰᠦᠨ ᠱᠠᠲᠤᠨ ᠤ ᠡᠳ᠋ ᠤᠨ ᠵᠠᠰᠠᠭ ᠤᠨ ᠠᠵᠢᠯᠯᠠᠭᠠᠨ ᠤ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ᠂ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠢᠵᠠᠭᠠᠷ ᠲᠤᠭ᠎ᠠ ᠶᠢ ᠵᠦᠶ ᠵᠣᠬᠢᠰᠲᠠᠶ ᠲᠣᠭᠲᠠᠭᠠᠵᠤ᠂ ᠳᠠᠯᠳᠠ ᠴᠢᠨᠠᠷᠲᠠᠶ ᠥᠷᠢ ᠥᠭᠴᠡᠭᠡ ᠶᠢᠨ ᠨᠡᠮᠡᠭᠳᠡᠬᠦ ᠶᠢ ᠡᠷᠡᠰ ᠬᠤᠷᠢᠭᠯᠠᠨ᠂ ᠳᠠᠯᠳᠠ ᠴᠢᠨᠠᠷᠲᠠᠶ ᠥᠷᠢ ᠥᠭᠴᠡᠭᠡ ᠶᠢᠨ ᠦᠯᠡᠳᠡᠭᠡᠯ ᠢ ᠡᠮᠬᠢ ᠵᠢᠷᠤᠮ ᠲᠠᠢ ᠪᠠᠷ ᠠᠷᠢᠯᠭᠠᠨ᠎ᠠ᠃ ︽ᠰᠠᠭᠤᠬᠤ ᠠᠴᠠ ᠪᠢᠰᠢ ᠰᠠᠷᠢᠭᠠᠯᠠᠬᠤ ᠥᠬᠡᠶ︾ ᠪᠠᠶᠢᠬᠤ ᠪᠠᠶᠢᠷᠢ ᠲᠣᠭᠲᠠᠭᠠᠯᠲᠠ ᠶᠢ ᠪᠠᠷᠢᠮᠲᠠᠯᠠᠨ᠂ ᠵᠢᠱᠢᠯᠲᠡ ᠪᠠᠷ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡ ᠪᠠᠷ ᠴᠢᠬᠤᠯᠠᠴᠢᠯᠠᠬᠤ ᠪᠠᠨ ᠪᠠᠷᠢᠮᠲᠠᠯᠠᠨ᠂ ᠣᠷᠳᠣ ᠬᠤᠭᠤᠴᠠᠭ᠎ᠠ ᠪᠠᠷ ᠲᠦᠷᠢᠶᠡᠰᠦᠯᠡᠬᠦ ᠣᠷᠣᠨ ᠰᠠᠭᠤᠴᠠ ᠶᠢᠨ ᠵᠠᠬ᠎ᠠ ᠳᠡᠯᠭᠡᠭᠦᠷ ᠢ ᠬᠥᠭᠵᠢᠭᠦᠯᠵᠦ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠬᠤᠲᠠ ᠶᠢᠨ ᠰᠢᠨ᠎ᠡ ᠠᠷᠠᠳ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠠᠰᠠᠭᠤᠳᠠᠯ ᠢ ᠭᠤᠤᠯᠳᠠᠯᠭ᠎ᠠ ᠲᠠᠢ ᠰᠢᠢᠳᠪᠦᠷᠢᠯᠡᠵᠦ᠂ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠬᠤᠲᠠ ᠶᠢᠨ ᠪᠠᠶᠢᠳᠠᠯ ᠳᠤ ᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ ᠪᠠᠶᠢᠭᠠᠳ ᠬᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠰᠠᠶᠢᠨ ᠣᠷᠴᠢᠯ ᠪᠠ ᠡᠷᠡᠭᠦᠯ ᠬᠥᠭᠵᠢᠯᠲᠡ ᠶᠢ ᠠᠬᠢᠭᠤᠯᠤᠨ᠎ᠠ᠃ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠢᠶᠠᠨ ᠪᠠᠬᠢᠵᠢᠭᠦᠯᠦᠨ ᠳᠡᠭᠡᠭᠰᠢᠯᠡᠭᠦᠯᠬᠦ ᠠᠵᠢᠯ ᠢ ᠭᠦᠨᠵᠡᠭᠡᠶ ᠥᠷᠨᠢᠭᠦᠯᠦᠨ᠂ ᠠᠶᠤᠯᠲᠠᠶ ᠬᠢᠮᠢ ᠶᠢᠨ ᠪᠣᠳᠠᠰ᠂ ᠪᠠᠷᠢᠯᠭ᠎ᠠ ᠶᠢᠨ ᠠᠵᠢᠯ᠂ ᠠᠭᠤᠷᠬᠠᠶ᠂ ᠰᠢᠲᠠᠮᠠᠬᠠᠶ ᠬᠡᠶ ᠵᠡᠷᠭᠡ ᠭᠤᠤᠯᠳᠠᠯᠭ᠎ᠠ ᠪᠣᠯᠬᠤ ᠬᠦᠷᠢᠶᠡᠨ ᠳᠠᠬᠢ ᠲᠤᠰᠬᠠᠶ ᠴᠡᠭᠴᠡᠯᠡᠨ ᠵᠠᠰᠠᠯᠲᠠ ᠶᠢ ᠯᠠᠪᠳᠠᠭᠤᠨ ᠪᠠᠲᠤᠲᠠᠶ ᠰᠠᠶᠢᠲᠤᠷ ᠠᠳᠬᠤᠵᠤ᠂ ᠬᠦᠨᠳᠦ ᠣᠨᠴᠠ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠪᠦᠲᠦᠮᠵᠢᠲᠡᠶ ᠬᠤᠷᠢᠭᠯᠠᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠠᠷᠠᠭᠠᠨ ᠤ ᠪᠠᠲᠤᠯᠠᠭ᠎ᠠ ᠶᠢᠨ ᠲᠣᠭᠲᠠᠯᠴᠠᠭ᠎ᠠ ᠶᠢ ᠪᠦᠷᠢᠨᠰᠢᠭᠦᠯᠵᠦ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠴᠦᠨ᠂ ᠣᠷᠣᠨ ᠪᠦᠰᠡ ᠶᠢᠨ ᠴᠢᠨᠠᠷᠲᠠᠢ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠰᠠᠭᠤᠷᠢᠨ ᠭᠠᠵᠠᠷ ᠪᠠ ᠡᠳ᠋ ᠪᠠᠷᠠᠭ᠎ᠠ ᠲᠣᠨᠤᠭ ᠲᠥᠬᠦᠭᠡᠷᠦᠮᠵᠢ ᠨᠥᠭᠡᠴᠡᠯᠡᠬᠦ ᠲᠣᠭᠲᠠᠯᠴᠠᠭᠠᠨ ᠤ ᠪᠠᠶᠢᠭᠤᠯᠤᠯᠲᠠ ᠶᠢ ᠴᠢᠩᠭᠠᠳᠬᠠᠨ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ ᠭᠤᠣᠯᠳᠠᠯᠭ᠎ᠠ ᠪᠣᠯᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠭᠠᠮᠰᠢᠭ ᠢ ᠬᠢᠨᠠᠨ ᠰᠢᠨᠵᠢᠵᠦ ᠰᠡᠷᠡᠮᠵᠢᠯᠡᠭᠦᠯᠬᠦ ᠬᠢᠷᠢ ᠲᠦᠪᠰᠢᠨ ᠪᠠ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠠᠪᠤᠷᠠᠨ ᠲᠤᠰᠠᠯᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃      ᠵᠢᠷᠭᠤᠭ᠎ᠠ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠦᠨ ᠣᠷᠣᠨ ᠪᠦᠰᠡ ᠶᠢᠨ ᠵᠣᠬᠢᠴᠠᠯᠳᠤᠯ ᠢ ᠠᠬᠢᠭᠤᠯᠵᠤ᠂ ᠤᠯᠤᠰ ᠤᠨ ᠳᠣᠲᠣᠭᠠᠳᠤ ᠳᠠᠬᠢ ᠶᠡᠭᠡ ᠣᠷᠴᠢᠯ᠂ ᠤᠯᠤᠰ ᠤᠨ ᠳᠣᠲᠣᠭᠠᠳᠤ ᠪᠠ ᠣᠯᠠᠨ ᠤᠯᠤᠰ ᠤᠨ ᠬᠤᠣᠰ ᠣᠷᠴᠢᠯ ᠳᠤ ᠪᠥᠬᠦ ᠲᠠᠯ᠎ᠠ ᠪᠠᠷ ᠣᠷᠣᠯᠴᠠᠨ ᠠᠭᠤᠰᠤᠯᠴᠠᠨ᠎ᠠ      ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠥᠨᠳᠥᠷ ᠬᠢᠷᠢ ᠲᠦᠪᠰᠢᠨ ᠪᠥᠬᠦᠶ ᠨᠡᠭᠡᠭᠡᠯᠲᠡ ᠶᠢ ᠥᠷᠭᠡᠳᠬᠡᠨ᠂ ᠬᠤᠲᠠ ᠬᠥᠳᠡᠭᠡ ᠣᠷᠣᠨ ᠪᠦᠰᠡ ᠶᠢᠨ ᠬᠥᠭᠵᠢᠯᠲᠡ ᠶᠢ ᠨᠢᠭᠡᠳᠦᠯᠲᠡᠶ ᠲᠥᠯᠥᠪᠯᠡᠵᠦ᠂ ᠡᠯ᠎ᠡ ᠵᠦᠢᠯ ᠤᠨ ︽ᠬᠤᠷᠢᠭ᠎ᠠ ᠴᠡᠭ︾᠂ ︽ᠲᠦᠭᠵᠢᠷᠡᠯ ᠴᠡᠭ︾ ᠢ ᠡᠷᠡᠰ ᠠᠷᠢᠯᠭᠠᠵᠤ ᠰᠢᠯᠤᠭᠤᠳᠬᠠᠨ᠂ ᠬᠥᠭᠵᠢᠯᠲᠡ ᠶᠢᠨ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠪᠠ ᠲᠡᠩᠴᠡᠭᠦᠷᠢᠲᠦ ᠴᠢᠨᠠᠷ ᠵᠣᠬᠢᠴᠠᠩᠭᠤᠶ ᠴᠢᠨᠠᠷ ᠢ ᠴᠢᠩᠭᠠᠷᠠᠭᠤᠯᠤᠨ᠎ᠠ᠃      ︵ᠨᠢᠭᠡ︶ ᠭᠤᠤᠯᠳᠠᠯᠭ᠎ᠠ ᠪᠣᠯᠬᠤ ᠬᠦᠷᠢᠶᠡᠨ ᠳᠠᠬᠢ ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠠᠬᠢᠭᠤᠯᠤᠨ᠎ᠠ᠃ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ ᠲᠣᠭᠲᠠᠯᠴᠠᠭᠠᠨ ᠤ ᠪᠠᠶᠢᠭᠤᠯᠤᠯᠲᠠ ᠶᠢᠨ ᠠᠵᠢᠯᠯᠠᠭᠠᠨ ᠢ ᠬᠡᠷᠡᠭᠵᠢᠭᠦᠯᠵᠦ᠂ ᠥᠮᠴᠢᠯᠡᠯ ᠤᠨ ᠡᠷᠬᠡ ᠶᠢᠨ ᠲᠦᠷᠢᠮ ᠪᠠ ᠬᠦᠴᠦᠨ ᠵᠦᠢᠯ ᠢ ᠵᠠᠬ᠎ᠠ ᠳᠡᠯᠭᠡᠭᠦᠷᠴᠢᠯᠡᠨ ᠲᠤᠬᠢᠷᠠᠭᠤᠯᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠳᠤ ᠬᠤᠷᠢᠭ᠎ᠠ ᠲᠠᠢ ᠵᠦᠢᠯᠡᠰ ᠤᠨ ᠨᠠᠷᠢᠨ ᠬᠠᠭᠤᠳᠠᠰᠤ ᠶᠢᠨ ᠲᠦᠷᠢᠮ ᠪᠠ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠲᠦᠷᠢᠮ ᠢ ᠨᠠᠶᠢᠳᠠᠪᠤᠷᠢᠵᠢᠭᠤᠯᠵᠤ᠂ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭᠠᠳᠬᠠᠨ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠶᠢᠨ ᠰᠠᠭᠠᠳ ᠥᠬᠡᠶ ᠨᠡᠪᠲᠡᠷᠡᠬᠦ᠂ ᠨᠡᠭᠡᠭᠡᠯᠲᠡ ᠬᠢᠬᠦ ᠨᠢ ᠡᠮᠬᠢ ᠵᠢᠷᠤᠮ ᠲᠠᠢ᠂ ᠥᠷᠢᠰᠥᠯᠳᠦᠭᠡᠨ ᠨᠢ ᠭᠦᠢᠴᠡᠳ᠂ ᠡᠮᠬᠢ ᠳᠢᠭᠯᠢᠮ ᠨᠢ ᠵᠢᠷᠤᠮᠵᠢᠯ ᠲᠠᠢ ᠪᠠᠶᠢᠬᠤ ᠶᠢ ᠪᠡᠶᠡᠯᠡᠭᠦᠯᠦᠨ᠎ᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠡᠭᠦᠷᠭᠡ ᠶᠢ ᠪᠡᠶᠡᠯᠡᠭᠦᠯᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠳᠠᠬᠢᠨᠲᠠ ᠵᠣᠬᠢᠶᠠᠨ ᠪᠠᠶᠢᠭᠤᠯᠬᠤ ᠪᠠ ᠲᠤᠰᠬᠠᠶᠢᠵᠢᠭᠤᠯᠤᠨ ᠡᠮᠬᠢᠯᠡᠵᠦ ᠨᠡᠶᠢᠯᠡᠭᠦᠯᠬᠦ ᠶᠢ ᠯᠠᠪᠳᠠᠭᠤᠨ ᠢᠶᠠᠷ ᠠᠬᠢᠭᠤᠯᠤᠨ᠂ ᠠᠵᠢᠯ ᠲᠥᠷᠥᠯ ᠤᠨ ᠲᠡᠷᠢᠭᠦᠨ ᠳᠡᠰ ᠤᠨ ᠪᠠᠷᠢᠮᠵᠢᠶ᠎ᠠ ᠲᠠᠢ ᠬᠠᠷᠢᠴᠠᠭᠤᠯᠵᠤ ᠬᠠᠮᠢᠶᠠᠷᠤᠯᠲᠠ ᠪᠠᠨ ᠳᠡᠭᠡᠭᠰᠢᠯᠡᠭᠦᠯᠬᠦ ᠲᠤᠰᠬᠠᠶ ᠠᠵᠢᠯᠯᠠᠭᠠᠨ ᠢ ᠭᠦᠨᠵᠡᠭᠡᠶ ᠥᠷᠨᠢᠭᠦᠯᠵᠦ᠂ ᠠᠯᠳᠠᠭᠳᠠᠯ ᠲᠠᠢ ᠭᠤᠣᠯᠳᠠᠯᠭ᠎ᠠ ᠪᠣᠯᠬᠤ ᠠᠵᠤ ᠠᠬᠤᠶᠢᠯᠠᠯ ᠳᠤ ᠲᠤᠰᠬᠠᠶ ᠴᠡᠭᠴᠡᠯᠡᠨ ᠵᠠᠰᠠᠬᠤ ᠶᠢ ᠪᠡᠶᠡᠯᠡᠭᠦᠯᠦᠨ᠂ ᠠᠵᠤ ᠠᠬᠤᠶᠢᠯᠠᠯ ᠤᠨ ᠬᠠᠮᠢᠶᠠᠷᠤᠯᠲᠠ ᠶᠢᠨ ᠱᠠᠲᠤ ᠲᠠᠰ ᠢ ᠶᠡᠭᠡ ᠪᠠᠷ ᠪᠠᠭᠠᠰᠬᠠᠵᠤ᠂ ᠬᠠᠤᠯᠢ ᠶᠢᠨ ᠡᠷᠬᠡᠲᠡᠨ ᠤ ᠡᠷᠦᠬᠡ ᠶᠢᠨ ᠲᠤᠭ᠎ᠠ ᠶᠢ ᠨᠢ ᠬᠠᠰᠤᠨ᠂ ᠬᠤᠯᠢᠮᠠᠭ ᠥᠮᠴᠢᠯᠡᠯᠲᠦ ᠳᠦᠷᠢᠮ ᠤᠨ ᠥᠭᠡᠷᠡᠴᠢᠯᠡᠯᠲᠡ ᠶᠢ ᠢᠳᠡᠪᠬᠢᠲᠡᠶ ᠪᠥᠭᠡᠳ ᠯᠠᠪᠳᠠᠭᠤᠨ ᠢᠶᠠᠷ ᠠᠬᠢᠭᠤᠯᠤᠨ᠎ᠠ᠃ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠲᠥᠰᠦᠪ ᠤᠨ ᠬᠠᠮᠢᠶᠠᠷᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠤᠨ᠂ ᠵᠠᠰᠠᠭ ᠤᠨ ᠣᠷᠳᠣᠨ ᠤ ᠬᠤᠳᠠᠯᠳᠤᠨ ᠠᠪᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠭᠤᠳ ᠪᠡᠯᠡ ᠲᠤᠬᠢᠷᠠᠭᠤᠯᠬᠤ ᠬᠡᠪᠴᠢᠶ᠎ᠡ ᠶᠢ ᠥᠷᠭᠡᠳᠬᠡᠨ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠶᠢ ᠦᠷᠭᠦᠯᠵᠢᠯᠡᠨ ᠠᠬᠢᠭᠤᠯᠵᠤ᠂ ᠬᠤᠳᠠ ᠶᠢᠨ ᠬᠤᠳᠠᠯᠳᠤᠭᠠᠨ ᠤ ᠪᠠᠩᠬᠢ ᠶᠢᠨ ᠥᠭᠡᠷᠡᠴᠢᠯᠡᠯᠲᠡ ᠶᠢᠨ ᠠᠵᠢᠯ ᠢ ᠯᠠᠪᠳᠠᠭᠤᠨ ᠪᠠᠲᠤᠲᠠᠢ ᠠᠬᠢᠭᠤᠯᠤᠨ᠎ᠠ᠃ ᠦᠨ᠎ᠡ ᠬᠠᠩᠰᠢ ᠶᠢᠨ ᠬᠦᠷᠢᠶᠡᠨ ᠳᠠᠬᠢ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠣᠬᠢᠷᠲᠤᠯ ᠥᠬᠡᠶ ᠴᠠᠬᠢᠯᠭᠠᠨ ᠤ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠪᠠᠶᠢᠭᠠᠯᠢ ᠶᠢᠨ ᠰᠢᠲᠠᠮᠠᠬᠠᠶ ᠬᠡᠢ ᠶᠢᠨ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠤᠨ᠂ ᠨᠡᠶᠢᠭᠡᠮ ᠤᠨ ᠠᠪᠤᠷᠠᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ ᠥᠰᠥᠯᠲᠡ ᠯᠦᠭᠡ ᠬᠤᠯᠪᠣᠭᠳᠠᠭᠤᠯᠤᠭᠰᠠᠨ ᠬᠤᠯᠪᠣᠭᠠᠯᠠᠵᠤ ᠬᠥᠳᠡᠯᠦᠯᠴᠡᠬᠦ ᠲᠣᠭᠲᠠᠴᠠ ᠶᠢ ᠪᠦᠷᠢᠨᠰᠢᠭᠦᠯᠦᠨ᠎ᠡ᠃ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠠᠷᠠᠯᠵᠢᠶ᠎ᠠ ᠶᠢ ᠲᠡᠭᠦᠯᠳᠡᠷᠵᠢᠭᠦᠯᠵᠦ᠂ ᠴᠠᠬᠢᠯᠭᠠᠨ ᠬᠦᠴᠦᠨ ᠤ ᠪᠡᠯᠡᠨ ᠪᠠᠷᠠᠭ᠎ᠠ ᠶᠢᠨ ᠵᠠᠬ᠎ᠠ ᠳᠡᠯᠭᠡᠭᠦᠷ ᠤᠨ ᠲᠤᠷᠰᠢᠬᠤ ᠠᠵᠢᠯᠯᠠᠭᠠᠨ ᠢ ᠥᠷᠨᠢᠭᠦᠯᠦᠨ᠎ᠡ᠃ ᠲᠠᠷᠢᠶᠠᠯᠠᠬᠤ ᠮᠠᠯᠵᠢᠬᠤ ᠣᠷᠣᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠠᠷᠢᠶᠠᠯᠠᠬᠤ ᠣᠷᠣᠨ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠨ᠎ᠠ᠃      ︵ᠬᠤᠶᠠᠷ︶ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢ ᠪᠥᠲᠥᠭᠡᠨ ᠪᠠᠶᠢᠭᠤᠯᠤᠨ᠎ᠠ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠴᠢᠨᠠᠷ ᠰᠠᠶᠢᠲᠠᠶ ᠬᠥᠭᠵᠢᠯᠲᠡ ᠳᠤ ᠨᠠᠩ ᠰᠠᠶᠢᠨ ᠦᠢᠯᠡᠴᠢᠯᠡᠬᠦ ᠪᠠ ᠠᠭᠤᠰᠤᠯᠴᠠᠭᠤᠯᠤᠨ᠂ ᠥᠪᠡᠷᠲᠡᠭᠡᠨ ᠵᠠᠰᠠᠬᠤ ᠣᠷᠣᠨ ᠤ︽ᠤᠯᠤᠰ ᠤᠨ ᠤᠮᠠᠷᠠᠰᠢ ᠨᠡᠭᠡᠭᠡᠯᠲᠡ ᠬᠢᠬᠦ ᠬᠥᠭᠦᠷᠭᠡᠨ ᠪᠠᠬᠢᠯᠡᠯᠲᠡ ᠶᠢ ᠪᠥᠲᠥᠭᠡᠨ ᠪᠠᠶᠢᠭᠤᠯᠬᠤ ᠠᠵᠢᠯᠯᠠᠭᠠᠨ ᠤ ᠲᠥᠰᠦᠯ︾ ︵ᠥᠪᠥᠷ ᠨᠠᠮ ᠲᠠᠷᠬᠠᠭᠠᠭᠰᠠᠨ ﹇2021﹈ 23 ᠳ᠋ᠤᠭᠠᠷ ᠲᠣᠭᠠᠲᠤ︶ ᠢ ᠲᠦᠷᠭᠡᠳᠬᠡᠨ ᠨᠠᠶᠢᠳᠠᠪᠤᠷᠢᠵᠢᠭᠤᠯᠵᠤ᠂ ᠭᠠᠳᠠᠭᠠᠳᠤ ᠠᠷᠠᠯᠵᠢᠶ᠎ᠠ ᠭᠠᠳᠠᠭᠠᠳᠤ ᠪᠠᠯᠠ ᠶᠢᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠤᠨ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠶ ᠲᠤᠭ᠎ᠠ ᠶᠢ 8% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ᠃ ᠰᠠᠭᠤᠷᠢ ᠪᠡᠯᠡᠳᠬᠡᠮᠵᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠴᠢᠩᠭᠠᠳᠬᠠᠨ᠂ ︽ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡᠨ ᠤ ᠲᠡᠭᠡᠭᠡᠪᠦᠷᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠬᠡᠷᠡᠭᠵᠢᠭᠦᠯᠬᠦ ᠲᠥᠰᠦᠯ︾ ︵ᠬᠥᠭᠵᠢᠭᠦᠯᠦᠯᠲᠡ ᠥᠭᠡᠷᠡᠴᠢᠯᠡᠯᠲᠡ ᠰᠠᠭᠤᠷᠢ ﹇2021﹈ 867 ᠳ᠋ᠤᠭᠠᠷ ᠲᠣᠭᠠᠲᠤ︶ ᠤᠨ ᠭᠤᠣᠯᠳᠠᠯᠭ᠎ᠠ ᠪᠣᠯᠬᠤ ᠲᠥᠷᠥᠯ ᠵᠦᠢᠯ ᠢ ᠠᠬᠢᠭᠤᠯᠤᠨ ᠬᠡᠷᠡᠭᠵᠢᠭᠦᠯᠵᠦ᠂ ᠬᠢᠯᠢ ᠶᠢᠨ ᠪᠣᠭᠤᠮᠲᠠ ᠶᠢᠨ ᠰᠠᠭᠤᠷᠢ ᠪᠡᠯᠡᠳᠬᠡᠮᠵᠢ ᠶᠢ ᠰᠠᠶᠢᠵᠢᠷᠠᠭᠤᠯᠤᠨ᠎ᠠ᠃ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡᠨ ᠤ ᠬᠤᠣᠰ ᠴᠢᠭᠯᠡᠯ ᠢᠶᠠᠷ ᠪᠠᠶᠢᠩᠭᠤ ᠠᠵᠢᠯᠯᠠᠭᠤᠯᠬᠤ ᠦᠷ᠎ᠡ ᠠᠰᠢᠭ ᠢ ᠳᠡᠭᠡᠭᠰᠢᠯᠡᠭᠦᠯᠵᠦ᠂ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡᠨ ᠤ 300 ᠭᠠᠷᠤᠢ ᠴᠤᠪᠤᠭ᠎ᠠ ᠶᠢᠨ ᠲᠣᠭᠲᠠᠭᠤᠨ ᠢᠶᠠᠷ ᠲᠡᠭᠡᠭᠡᠪᠦᠷᠢᠯᠡᠨ ᠡᠵᠡᠩᠨᠡᠬᠦ ᠶᠢ ᠠᠬᠢᠭᠤᠯᠤᠨ᠎ᠠ᠃ ᠳᠤᠮᠳᠠᠳᠤ ᠤᠯᠤᠰ ︵ᠥᠪᠥᠷ ᠮᠣᠩᠭᠤᠯ︶ ᠤᠨ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠲᠣᠭᠤᠷᠢᠭ ᠢ ᠪᠠᠶᠢᠭᠤᠯᠬᠤ ᠪᠠᠷ ᠢᠳᠡᠪᠬᠢᠲᠡᠶ ᠭᠤᠶᠤᠴᠢᠯᠠᠨ ᠮᠡᠳᠡᠭᠦᠯᠦᠨ᠎ᠡ᠃ ᠤᠯᠤᠰ ᠤᠨ ᠳᠣᠲᠣᠭᠠᠳᠤ ᠳᠠᠬᠢ ᠣᠷᠣᠨ ᠪᠦᠰᠡ ᠶᠢᠨ ᠠᠵᠤ ᠠᠬᠤᠶ ᠶᠢᠨ ᠬᠠᠮᠵᠢᠯᠴᠠᠭ᠎ᠠ ᠶᠢ ᠴᠢᠩᠭᠠᠳᠬᠠᠨ᠂ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠶ ᠪᠠᠷ ᠵᠠᠯᠭᠠᠨ ᠠᠪᠴᠤ᠂ ᠣᠷᠣᠨ ᠤ ᠳᠣᠲᠣᠷᠠᠬᠢ ᠠᠵᠤ ᠦᠢᠯᠡᠰ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ᠂ ᠪᠠᠷᠠᠭᠠᠨ ᠤ ᠭᠦᠢᠯᠭᠡᠭᠡᠨ ᠤ ᠬᠡᠯᠬᠢᠶ᠎ᠡ᠂ ᠥᠷᠲᠡᠭ ᠤᠨ ᠬᠡᠯᠬᠢᠶ᠎ᠡ ᠶᠢ ᠪᠥᠬᠦ ᠤᠯᠤᠰ ᠤᠨ ᠲᠣᠮᠣ ᠵᠠᠬ᠎ᠠ ᠳᠡᠯᠭᠡᠭᠦᠷ ᠯᠦᠭᠡ ᠪᠥᠬᠦ ᠲᠠᠯ᠎ᠠ ᠪᠠᠷ ᠵᠣᠯᠭᠠᠭᠤᠯᠬᠤ ᠪᠠ ᠭᠦᠨᠵᠡᠭᠡᠶ ᠠᠭᠤᠰᠤᠯᠴᠠᠭᠤᠯᠬᠤ ᠶᠢ ᠠᠬᠢᠭᠤᠯᠤᠨ᠎ᠠ᠃      ︵ᠭᠤᠷᠪᠠ︶ ᠬᠤᠲᠠ ᠬᠥᠳᠡᠭᠡ ᠠᠭᠤᠰᠤᠯᠴᠠᠭᠰᠠᠨ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠤᠨ᠎ᠠ᠃ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠣᠷᠣᠨ ᠪᠦᠰᠡ ᠶᠢᠨ ᠪᠠᠶᠢᠷᠢᠰᠢᠯ ᠢ ᠪᠤᠢ ᠪᠣᠯᠭᠠᠨ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠵᠡᠷᠭᠡ ᠴᠢᠬᠤᠯᠠ ᠶᠡᠭᠡ ᠣᠷᠣᠨ ᠪᠦᠰᠡ ᠶᠢᠨ ᠪᠠᠶᠢᠯᠳᠤᠬᠤ ᠪᠤᠳᠤᠯᠭ᠎ᠠ ᠶᠢ ᠪᠣᠳᠠᠲᠠᠢ ᠪᠥᠭᠡᠳ ᠨᠠᠷᠢᠯᠢᠭ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠶᠡᠷᠦᠩᠬᠡᠢ ᠱᠦᠵᠢ ᠰᠢ ᠶᠢᠨ ᠫᠢᠩ ᠤᠨ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠢ ᠠᠬᠢᠭᠤᠯᠬᠤ ᠰᠠᠭᠤᠳᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠢ ᠬᠡᠷᠡᠭᠵᠢᠭᠦᠯᠵᠦ᠂ ᠵᠡᠭᠦᠨ ᠳᠤᠮᠳᠠ ᠪᠠᠷᠠᠭᠤᠨ ᠬᠡᠰᠡᠭ ᠤᠨ ᠵᠦᠷᠢᠶᠡᠴᠢᠯᠡᠭᠰᠡᠨ ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠨ ᠪᠥᠬᠦ ᠲᠠᠯ᠎ᠠ ᠪᠠᠷ ᠠᠬᠢᠭᠤᠯᠤᠨ᠂ ᠶᠠᠳᠠᠭᠤ ᠠᠴᠠ ᠠᠩᠭᠢᠵᠢᠷᠠᠭᠤᠯᠤᠭᠰᠠᠨ ᠰᠢᠪᠲᠤᠯᠤᠯᠲᠠ ᠶᠢᠨ ᠦᠷ᠎ᠡ ᠪᠦᠲᠦᠮᠵᠢ ᠶᠢ ᠪᠠᠬᠢᠵᠢᠭᠦᠯᠦᠨ ᠥᠷᠭᠡᠳᠬᠡᠵᠦ᠂ ᠬᠥᠳᠡᠯᠦᠩᠭᠦᠶ ᠪᠠᠷ ᠬᠢᠨᠠᠨ ᠰᠢᠨᠵᠢᠬᠦ ᠪᠠ ᠲᠦᠢᠯ ᠤᠨ ᠣᠨᠣᠪᠴᠢᠲᠠᠶ ᠪᠠᠷ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠬᠡᠪᠴᠢᠶᠡᠲᠦ ᠴᠢᠨᠠᠷᠲᠠᠶ ᠪᠠᠷ ᠪᠤᠴᠠᠭᠠᠳ ᠶᠠᠳᠠᠭᠤᠷᠠᠬᠤ ᠪᠠᠶᠢᠳᠠᠯ ᠡᠭᠦᠰᠬᠦ ᠥᠬᠡᠶ ᠪᠠᠶᠢᠬᠤ ᠶᠢ ᠦᠨᠡᠨ ᠬᠦ ᠪᠠᠲᠤᠯᠠᠨ᠂ ᠣᠷᠣᠰᠢᠨ ᠰᠠᠭᠤᠬᠤ ᠳᠤ ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠥᠲᠥᠭᠡᠨ ᠪᠠᠶᠢᠭᠤᠯᠬᠤ ᠪᠠᠨ ᠲᠦᠷᠭᠡᠳᠬᠡᠵᠦ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭᠠᠨ ᠢ ᠥᠷᠨᠢᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠪᠠᠨ ᠠᠬᠢᠭᠤᠯᠵᠤ᠂ ᠤᠰᠤ ᠴᠠᠬᠢᠯᠭᠠᠨ ᠵᠠᠮ ᠬᠡᠶ ᠪᠠ ᠦᠶᠡᠷ ᠢ ᠰᠡᠷᠭᠡᠶᠢᠯᠡᠬᠦ ᠵᠡᠷᠭᠡ ᠶᠢᠨ ᠪᠡᠯᠡᠳᠬᠡᠮᠵᠢ ᠨᠥᠬᠦᠴᠡᠯ ᠢ ᠪᠥᠬᠦ ᠲᠠᠯ᠎ᠠ ᠪᠠᠷ ᠰᠠᠶᠢᠵᠢᠷᠠᠭᠤᠯᠤᠨ᠂ ᠵᠣᠷᠯᠣᠩ ᠤᠨ ᠬᠤᠪᠢᠰᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠰᠢᠨ᠎ᠡ ᠪᠠᠷ 5000 ᠭᠠᠷᠤᠢ ᠺᠢᠯᠣᠮᠧᠲᠷ ᠥᠭᠡᠷᠡᠴᠢᠯᠡᠨ ᠪᠠᠶᠢᠭᠤᠯᠤᠨ᠎ᠠ᠃ ᠬᠥᠮᠦᠨ ᠢᠶᠠᠷ ᠭᠤᠤᠯ ᠪᠣᠯᠭᠠᠭᠰᠠᠨ ᠰᠢᠨ᠎ᠡ ᠬᠡᠯᠪᠡᠷᠢ ᠶᠢᠨ ᠬᠤᠲᠠ ᠪᠠᠯᠭᠠᠰᠣᠵᠢᠯᠳᠡ ᠶᠢ ᠪᠥᠲᠥᠭᠡᠨ ᠪᠠᠶᠢᠭᠤᠯᠬᠤ ᠶᠠᠰᠤ ᠴᠢᠨᠠᠷ ᠢ ᠨᠢ ᠳᠡᠭᠡᠭᠰᠢᠯᠡᠭᠦᠯᠵᠦ᠂ ᠲᠣᠮᠣ ᠳᠤᠮᠳᠠ ᠵᠢᠵᠢᠭ ᠬᠤᠲᠠ ᠪᠠ ᠵᠢᠵᠢᠭ ᠬᠤᠲᠠ ᠪᠠᠯᠭᠠᠰᠤᠨ ᠤ ᠵᠣᠬᠢᠴᠠᠩᠭᠤᠢ ᠬᠤᠯᠪᠣᠭᠠᠯᠠᠨ ᠬᠥᠳᠡᠯᠦᠯᠴᠡᠵᠦ ᠣᠨᠴᠠᠯᠢᠭ ᠲᠠᠢ ᠬᠥᠭᠵᠢᠬᠦ ᠶᠢ ᠨᠢ ᠠᠬᠢᠭᠤᠯᠤᠨ᠂ ᠣᠷᠣᠨ ᠤ ᠲᠥᠪ ᠬᠤᠲᠠ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠢ ᠨᠢᠭᠡ ᠴᠣᠭᠴᠠᠵᠢᠭᠤᠯᠬᠤ ᠠᠬᠢᠴᠠ ᠪᠠᠨ ᠲᠦᠷᠭᠡᠳᠬᠡᠨ᠂ ᠬᠤᠲᠠ ᠳᠠᠬᠢ ᠰᠠᠭᠤᠷᠢᠰᠢᠵᠤ ᠠᠵᠢᠯᠯᠠᠬᠤ ᠳᠤ ᠲᠣᠬᠢᠷᠠᠬᠤ ᠴᠢᠳᠠᠮᠵᠢ ᠶᠢ ᠨᠢ ᠲᠡᠭᠦᠯᠳᠡᠷᠵᠢᠭᠦᠯᠵᠦ᠂ ᠰᠢᠶᠠᠨ ᠤ ᠬᠡᠪᠴᠢᠶᠡᠨ ᠤ ᠠᠵᠤ ᠠᠬᠤᠶ ᠶᠢᠨ ᠶᠡᠷᠦᠩᠬᠡᠶᠢᠯᠡᠭᠰᠡᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠦᠨ᠎ᠡ᠃      ᠳᠣᠯᠤᠭ᠎ᠠ᠂ ᠠᠵᠤ ᠠᠬᠤᠢ ᠶᠢᠨ ᠬᠥᠭᠵᠢᠯᠲᠡ ᠪᠠ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠨᠢᠭᠡᠳᠦᠯᠲᠡᠢ ᠲᠥᠯᠥᠪᠯᠡᠵᠦ ᠠᠬᠢᠭᠤᠯᠤᠨ᠂ ᠠᠷᠠᠳ ᠤᠨ ᠠᠮᠢᠳᠤᠷᠠᠯ ᠢ ᠰᠠᠭᠤᠷᠢ ᠠᠴᠠ ᠨᠢ ᠪᠠᠲᠤᠯᠠᠬᠤ ᠪᠠᠨ ᠪᠠᠲᠤᠲᠠᠢ ᠰᠠᠶᠢᠲᠤᠷ ᠳᠠᠭᠠᠭᠠᠵᠤ ᠪᠠᠲᠤᠯᠠᠨ᠎ᠠ      ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠣᠨᠣᠪᠴᠠᠵᠢᠭᠤᠯᠬᠤ᠂ ᠣᠯᠠᠨ ᠨᠡᠶᠢᠲᠡ ᠶᠢᠨ ᠦᠢᠯᠡᠴᠢᠯᠡᠭᠡ ᠶᠢ ᠲᠡᠩᠴᠡᠭᠦᠷᠢᠰᠢᠭᠦᠯᠬᠦ᠂ ᠨᠡᠶᠢᠭᠡᠮ ᠤᠨ ᠵᠠᠰᠠᠯᠲᠠ ᠶᠢ ᠣᠳᠣᠬᠢᠴᠢᠯᠠᠬᠤ ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠂ ᠪᠦᠲᠦᠮᠵᠢᠲᠡᠶ ᠠᠷᠭ᠎ᠠ ᠬᠡᠮᠵᠢᠶ᠎ᠡ ᠪᠠᠷ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠨᠠᠶᠢᠳᠠᠪᠤᠷᠢᠵᠢᠭᠤᠯᠵᠤ᠂ ᠬᠠᠮᠲᠤ ᠪᠠᠷ ᠪᠠᠶᠠᠵᠢᠬᠤ ᠶᠢ ᠠᠬᠢᠭᠤᠯᠤᠨ᠎ᠠ᠃      ︵ᠨᠢᠭᠡ︶ ᠣᠯᠠᠨ ᠨᠡᠶᠢᠲᠡ ᠶᠢᠨ ᠦᠢᠯᠡᠴᠢᠯᠡᠭᠡ ᠪᠠ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠨ᠂ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠡᠭᠦᠳᠦᠨ ᠪᠠᠶᠢᠭᠤᠯᠬᠤ ᠠᠵᠢᠯ ᠢ ᠭᠦᠨᠵᠡᠭᠡᠢ ᠪᠥᠭᠡᠳ ᠤᠳᠠᠭᠠᠨ ᠳᠠᠭᠠᠭᠠᠮᠠᠭᠠᠢ ᠥᠷᠨᠢᠭᠦᠯᠦᠨ᠎ᠡ᠃ ᠣᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠪᠠᠶᠢᠩᠭᠤ ᠰᠠᠭᠤᠭ᠎ᠠ ᠭᠠᠵᠠᠷ ᠲᠤ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠬᠠᠩᠭᠠᠬᠤ ᠳᠦᠷᠢᠮ ᠢ ᠪᠦᠷᠢᠨᠰᠢᠭᠦᠯᠵᠦ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠡᠪᠴᠢᠶ᠎ᠡ ᠪᠠ ᠪᠠᠷᠢᠮᠵᠢᠶ᠎ᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ ᠨᠠᠰᠤᠲᠠᠨ ᠪᠠ ᠨᠢᠯᠬ᠎ᠠ ᠶᠢᠨ ᠬᠥᠮᠦᠨ ᠠᠮᠠ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠲᠥᠷᠥᠵᠦ ᠬᠥᠩᠭᠡᠵᠢᠬᠦ ᠲᠠᠯ᠎ᠠ ᠶᠢᠨ ᠲᠥᠬᠦᠷ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠪᠠ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠢ ᠰᠠᠶᠢᠲᠤᠷ ᠬᠢᠵᠦ᠂ ᠨᠡᠶᠢᠳᠡᠮ ᠬᠠᠷᠠᠭᠠᠯᠵᠠᠯ ᠬᠦᠷᠲᠡᠭᠡᠬᠦ ᠨᠠᠰᠤᠵᠢᠯ ᠤᠨ ᠦᠢᠯᠡᠴᠢᠯᠡᠭᠡᠨ ᠢ ᠬᠥᠭᠵᠢᠭᠦᠯᠦᠨ᠎ᠡ᠃ ᠨᠡᠶᠢᠭᠡᠮ ᠤᠨ ᠪᠠᠲᠤᠯᠠᠭ᠎ᠠ ᠶᠢᠨ ᠳᠦᠷᠢᠮ ᠢ ᠪᠦᠷᠢᠨᠰᠢᠭᠦᠯᠵᠦ᠂ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠦᠨ᠂ ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠠᠵᠢᠯ ᠠᠯᠳᠠᠯᠲᠠ ᠶᠢᠨ ᠳᠠᠭᠠᠳᠬᠠᠯ ᠢ ᠥᠪᠡᠷᠲᠡᠭᠡᠨ ᠵᠠᠰᠠᠬᠤ ᠣᠷᠣᠨ ᠤ ᠱᠠᠲᠤᠨ ᠳᠤ ᠨᠢᠭᠡᠳᠦᠯᠲᠡᠶ ᠲᠥᠯᠥᠪᠯᠡᠬᠦ ᠳᠦᠷᠢᠮ ᠢ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠢ ᠪᠦᠬᠦ ᠤᠯᠤᠰ ᠲᠤ ᠨᠢᠭᠡᠳᠦᠯᠲᠡᠶ ᠲᠥᠯᠥᠪᠯᠡᠬᠦ ᠯᠦᠭᠡ ᠲᠣᠭᠲᠠᠭᠤᠨ ᠢᠶᠠᠷ ᠵᠣᠯᠭᠠᠭᠤᠯᠦᠨ᠎ᠡ᠃ ᠨᠡᠶᠢᠭᠡᠮ ᠤᠨ ᠪᠠᠲᠤᠯᠠᠭ᠎ᠠ ᠪᠠᠷ ᠰᠠᠭᠤᠷᠢ ᠠᠴᠠ ᠨᠢ ᠪᠠᠲᠤᠯᠠᠬᠤ ᠶᠢ ᠴᠢᠩᠭᠠᠳᠬᠠᠨ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠭᠰᠡᠳ᠂ ᠣᠷᠣᠯᠭ᠎ᠠ ᠪᠠᠭᠠᠲᠠᠶ ᠬᠥᠮᠥᠰ ᠲᠤ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠵᠦ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠨ᠎ᠠ᠃ ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠡᠮᠳᠡᠭᠴᠦᠳ᠂ ᠥᠨᠥᠴᠢᠨ ᠬᠡᠦᠬᠡᠳ ᠵᠡᠷᠭᠡ ᠶᠢᠨ ᠨᠡᠶᠢᠭᠡᠮ ᠤᠨ ᠠᠰᠠᠷᠠᠮᠵᠢ ᠶᠢᠨ ᠲᠦᠷᠢᠮ ᠢ ᠲᠡᠭᠦᠯᠳᠡᠷᠵᠢᠭᠦᠯᠦᠨ᠎ᠡ᠃ ᠠᠮᠤᠷ ᠠᠮᠤᠭᠤᠯᠠᠩ ᠥᠪᠥᠷ ᠮᠣᠩᠭᠤᠯ᠂ ᠬᠠᠤᠯᠢᠵᠢᠯ ᠤᠨ ᠥᠪᠥᠷ ᠮᠣᠩᠭᠤᠯ ᠤᠨ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠪᠠ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠨ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠠᠶᠢᠭᠤᠯᠤᠯᠲᠠ ᠶᠢ ᠳᠡᠮᠵᠢᠵᠦ᠂ ᠡᠬᠡ ᠤᠯᠤᠰ ᠤᠨ ᠤᠮᠠᠷᠠᠲᠤ ᠶᠢᠨ ᠠᠮᠤᠷ ᠲᠣᠭᠲᠠᠭᠤᠨ ᠢ ᠰᠠᠬᠢᠨ ᠬᠠᠮᠠᠭᠠᠯᠠᠨ᠎ᠠ᠃      ︵ᠬᠤᠶᠠᠷ︶ ᠨᠡᠶᠢᠭᠡᠮ ᠤᠨ ᠠᠵᠢᠯ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠴᠢᠨᠠᠷ ᠰᠠᠶᠢᠲᠠᠶ ᠰᠤᠷᠭᠠᠨ ᠬᠥᠮᠦᠵᠢᠯ ᠤᠨ ᠲᠣᠭᠲᠠᠯᠴᠠᠭ᠎ᠠ ᠶᠢ ᠪᠠᠶᠢᠭᠤᠯᠵᠤ᠂ ᠶᠣᠰᠣ ᠰᠤᠷᠲᠠᠬᠤᠨ ᠢᠶᠠᠷ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠢ ᠭᠦᠨᠵᠡᠭᠡᠶ ᠥᠷᠨᠢᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠤᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠳᠠᠬᠢ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠪᠠ ᠰᠢᠶᠠᠨ ᠤ ᠬᠡᠪᠴᠢᠶᠡᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠥᠭᠵᠢᠯᠲᠡ ᠶᠢ ᠳᠡᠭᠡᠭᠰᠢᠯᠡᠭᠦᠯᠬᠦ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠤᠨ᠂ ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠬᠦ ᠶᠢ ᠠᠬᠢᠭᠤᠯᠵᠤ᠂ ︽ᠬᠤᠶᠠᠷ ᠢ ᠬᠥᠩᠭᠡᠷᠡᠭᠦᠯᠬᠦ︾ ᠦᠷ᠎ᠡ ᠪᠦᠲᠦᠮᠵᠢ ᠪᠠᠨ ᠦᠷᠭᠦᠯᠵᠢᠯᠡᠨ ᠳᠡᠭᠡᠭᠰᠢᠯᠡᠭᠦᠯᠵᠦ᠂ ᠬᠥᠳᠡᠯᠮᠦᠷᠢ᠂ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠥᠵᠢᠯ ᠢ ᠴᠢᠩᠭᠠᠳᠬᠠᠨ ᠰᠠᠶᠢᠵᠢᠷᠠᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ ᠰᠢᠯᠢᠳᠡᠭᠵᠢᠭᠦᠯᠦᠨ ᠬᠥᠮᠥᠵᠢᠭᠦᠯᠬᠦ ᠠᠵᠢᠯᠯᠠᠭᠠᠨ ᠤ ᠲᠥᠯᠥᠪᠯᠡᠭᠡ ᠶᠢ ᠴᠢᠨᠠᠷ ᠰᠠᠶᠢᠲᠠᠶ ᠬᠡᠷᠡᠭᠵᠢᠭᠦᠯᠦᠨ᠂ ︽ᠬᠤᠤᠰ ᠲᠡᠷᠢᠭᠦᠨ ᠲᠠᠰ︾ ᠤᠨ ᠪᠠᠶᠢᠭᠤᠯᠤᠯᠲᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ᠡᠷᠡᠭᠦᠯ ᠡᠩᠬᠡ ᠥᠪᠥᠷ ᠮᠣᠩᠭᠤᠯ ᠤᠨ ᠪᠠᠶᠢᠭᠤᠯᠤᠯᠲᠠ ᠶᠢ ᠠᠬᠢᠭᠤᠯᠵᠤ᠂ ᠣᠷᠣᠨ ᠪᠦᠰᠡ ᠶᠢᠨ ᠡᠮᠴᠢᠯᠡᠭᠡᠨ ᠤ ᠲᠥᠪ ᠤᠨ ᠪᠠᠶᠢᠭᠤᠯᠤᠯᠲᠠ ᠶᠢ ᠴᠢᠩᠭᠠᠳᠬᠠᠨ᠂ ᠱᠠᠲᠤ ᠬᠤᠪᠢᠶᠠᠵᠤ ᠣᠨᠣᠰᠢᠯᠠᠨ ᠡᠮᠨᠡᠬᠦ ᠲᠣᠭᠲᠠᠯᠴᠠᠭ᠎ᠠ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠢᠶᠠᠨ ᠤ ᠬᠡᠪᠴᠢᠶᠡᠨ ᠤ ᠨᠢᠭᠲᠠᠷᠠᠭᠰᠠᠨ ᠬᠡᠯᠪᠡᠷᠢ ᠪᠦᠬᠦᠢ ᠡᠮᠴᠢᠯᠡᠭᠡᠨ ᠤ ᠬᠠᠮᠲᠤ ᠶᠢᠨ ᠴᠣᠭᠴᠠ ᠶᠢᠨ ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢ ᠠᠬᠢᠭᠤᠯᠤᠨ᠂ ᠶᠡᠷᠦᠩᠬᠡᠶ ᠰᠠᠯᠠᠭᠠᠨ ᠤ ᠡᠮᠴᠢ ᠪᠠ ᠬᠥᠳᠡᠭᠡ ᠲᠣᠰᠬᠤᠨ ᠤ ᠡᠮᠴᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ︽ᠢᠨᠲ᠋ᠧᠷ ᠰᠦᠯᠵᠢᠶ᠎ᠡ + ᠡᠮᠴᠢᠯᠡᠭᠡ ᠡᠷᠡᠭᠦᠯ ᠮᠡᠨᠳᠦ︾ ᠶᠢ ᠵᠢᠷᠤᠮᠵᠢᠭᠤᠯᠤᠨ ᠬᠥᠭᠵᠢᠭᠦᠯᠬᠦ ᠶᠢ ᠠᠬᠢᠭᠤᠯᠤᠨ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠬᠥᠭᠵᠢᠭᠦᠯᠦᠨ ᠮᠠᠨᠳᠤᠭᠤᠯᠬᠤ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠵᠦ᠂ ᠡᠪᠡᠳᠴᠢᠨ ᠡᠮᠭᠡᠭ ᠢ ᠰᠡᠷᠭᠡᠶᠢᠯᠡᠵᠦ ᠬᠤᠷᠢᠭᠯᠠᠬᠤ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠤᠨ᠂ ᠤᠨᠳᠤᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠨᠢ ᠰᠢᠭᠤᠳ ᠳ᠋ᠦᠩᠨᠡᠨ ᠪᠤᠳᠤᠬᠤ ᠶᠢ ᠰᠢᠯᠢᠳᠡᠭᠵᠢᠭᠦᠯᠵᠦ᠂ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠨᠡᠶᠢᠳᠡᠮ ᠬᠡᠷᠡᠭᠯᠡᠵᠦ ᠪᠣᠯᠬᠤ ᠶᠢ ᠨᠢ ᠲᠦᠷᠭᠡᠳᠬᠡᠨ ᠠᠬᠢᠭᠤᠯᠤᠨ᠎ᠠ ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠡᠷᠴᠢᠮ ᠢ ᠴᠢᠩᠭᠠᠷᠠᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠪᠠ ᠪᠣᠳᠠᠰ ᠤᠨ ᠪᠤᠰᠤ ᠰᠣᠶᠣᠯ ᠤᠨ ᠥᠪ ᠤᠨ ᠰᠢᠰᠲ᠋ᠧᠮᠲᠦ ᠴᠢᠨᠠᠷᠲᠠᠢ ᠬᠠᠮᠠᠭᠠᠯᠠᠯᠲᠠ ᠶᠢ ᠴᠢᠩᠭᠠᠳᠬᠠᠵᠤ᠂ ᠤᠷᠳᠤ ᠴᠠᠭᠠᠨ ᠬᠡᠷᠡᠮ ᠤᠨ ᠤᠯᠤᠰ ᠤᠨ ᠰᠣᠶᠣᠯ ᠤᠨ ᠴᠡᠴᠡᠷᠯᠢᠭ᠂ ᠬᠠᠳᠤᠨ ᠭᠤᠣᠯ ᠤᠨ ᠤᠯᠤᠰ ᠤᠨ ᠰᠣᠶᠣᠯ ᠤᠨ ᠴᠡᠴᠡᠷᠯᠢᠭ᠂ ᠬᠤᠷᠢᠨᠭᠡᠷ ᠡᠷᠲᠡᠨ ᠤ ᠰᠢᠷᠣᠢ ᠶᠢᠨ ᠬᠤᠳᠠ ᠶᠢᠨ ᠬᠠᠭᠤᠴᠢ ᠰᠤᠳᠤᠯᠤᠯ ᠤᠨ ᠴᠡᠴᠡᠷᠯᠢᠭ ᠵᠡᠷᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠪᠡᠶ᠎ᠡ ᠶᠢᠨ ᠲᠠᠮᠢᠷ ᠤᠨ ᠦᠢᠯᠡᠰ ᠢ ᠬᠥᠭᠵᠢᠭᠦᠯᠵᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠪᠡᠶ᠎ᠡ ᠶᠢᠨ ᠲᠠᠮᠢᠷ ᠤᠨ ᠴᠡᠴᠡᠷᠯᠢᠭ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ᠂ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠠᠶ ᠵᠡᠷᠭᠡ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠮᠥᠰᠥ ᠴᠠᠰᠤᠨ ᠤ ᠬᠥᠳᠡᠯᠭᠡᠭᠡᠨ ᠢ ᠶᠡᠭᠡ ᠪᠠᠷ ᠬᠥᠭᠵᠢᠭᠦᠯᠦᠨ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠬᠠᠮᠵᠢᠯᠴᠠᠨ ᠰᠠᠶᠢᠲᠤᠷ ᠡᠷᠬᠢᠯᠡᠨ᠎ᠡ᠃ ᠨᠡᠶᠢᠭᠡᠮ ᠤᠨ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢ ᠴᠢᠩᠭᠠᠳᠬᠠᠨ᠎ᠠ᠃      ︵ᠭᠤᠷᠪᠠ︶ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠣᠨᠣᠴᠠᠲᠠᠢ ᠰᠠᠶᠢᠲᠤᠷ ᠬᠢᠨ᠎ᠡ᠃ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠤ ᠪᠠᠨ ᠳᠠᠬᠢᠨ ᠡᠭᠦᠰᠬᠦ ᠶᠢ ᠰᠡᠷᠭᠡᠶᠢᠯᠡᠬᠦ︾ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠬᠦ ᠪᠠ ᠰᠢᠢᠳᠪᠦᠷᠢᠯᠡᠬᠦ ᠬᠢᠷᠢ ᠲᠦᠪᠰᠢᠨ ᠢᠶᠠᠨ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠢᠯᠢ ᠶᠢᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢᠶᠠᠨ ᠴᠢᠩᠭ᠎ᠠ ᠵᠢᠷᠤᠮᠵᠢᠭᠤᠯᠤᠨ ᠰᠠᠶᠢᠲᠤᠷ ᠬᠢᠵᠦ᠂ ᠬᠢᠯᠢ ᠶᠢᠨ ᠪᠣᠭᠤᠮᠲᠠ ᠳᠠᠬᠢ ᠬᠥᠮᠦᠨ᠂ ᠪᠣᠳᠠᠰ᠂ ᠣᠷᠴᠢᠨ ᠲᠣᠭᠤᠷᠢᠨ ᠤ ᠪᠢᠲᠡᠭᠦᠦ ᠴᠥᠷᠬᠡᠯᠡᠭᠡ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ︾ ᠰᠡᠷᠭᠡᠶᠢᠯᠡᠯᠲᠡ ᠶᠢᠨ ᠱᠤᠭᠤᠮ ᠢ ᠡᠷᠡᠰ ᠰᠠᠬᠢᠨ᠎ᠠ᠃ ᠴᠠᠭᠠᠨ ᠰᠠᠷ᠎ᠠ ᠵᠢᠴᠢ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢᠶᠠᠨ ᠴᠢᠩᠭᠠᠳᠬᠠᠵᠤ᠂ ᠵᠠᠩᠭᠢᠯᠠᠭ᠎ᠠ ᠪᠣᠯᠬᠤ ᠭᠠᠵᠠᠷ᠂ ᠴᠢᠬᠤᠯᠠ ᠲᠠᠯᠠᠪᠤᠷ ᠭᠠᠵᠠᠷ ᠪᠠ ᠭᠤᠣᠯᠳᠠᠯᠭ᠎ᠠ ᠪᠣᠯᠬᠤ ᠬᠥᠮᠦᠰ ᠢ ᠣᠨᠣᠴᠠᠲᠠᠢ ᠪᠠᠷ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢᠶᠠᠨ ᠪᠠᠶᠢᠩᠭᠤᠵᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠤᠯᠠᠷᠠᠭᠤᠯᠤᠯ ᠥᠬᠡᠶ ᠠᠳᠬᠤᠬᠤ ᠶᠢ ᠪᠠᠷᠢᠮᠲᠠᠯᠠᠨ᠂ ᠰᠡᠷᠭᠡᠶᠢᠯᠡᠨ ᠡᠵᠡᠮᠳᠡᠬᠦ ᠠᠵᠢᠯ ᠤᠨ ᠳᠤᠲᠠᠭᠤᠳᠠᠯ ᠪᠠ ᠳᠤᠲᠠᠭᠳᠠᠯ ᠢ ᠴᠠᠭ ᠲᠤᠬᠠᠶ ᠳᠤ ᠨᠢ ᠪᠠᠶᠢᠴᠠᠭᠠᠨ ᠨᠥᠬᠦᠪᠥᠷᠢᠯᠡᠵᠦ᠂ ᠡᠮᠴᠢᠯᠡᠭᠡᠨ ᠤ ᠭᠤᠤᠯᠳᠠᠯᠭ᠎ᠠ ᠲᠠᠢ ᠰᠡᠷᠭᠡᠶᠢᠯᠡᠨ ᠡᠵᠡᠮᠳᠡᠬᠦ ᠡᠳ᠋ ᠪᠠᠷᠠᠭᠠᠨ ᠤ ᠪᠠᠷᠢᠮᠵᠢᠶ᠎ᠠ ᠪᠠᠷ ᠨᠥᠭᠡᠴᠡᠯᠡᠬᠦ ᠬᠡᠮᠵᠢᠶ᠎ᠡ ᠶᠢ ᠪᠠᠶᠢᠩᠭᠤᠵᠢᠭᠤᠯᠤᠨ ᠪᠠᠷᠢᠮᠲᠠᠯᠠᠨ᠎ᠠ᠃ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠲᠠᠷᠢᠬᠤ ᠠᠵᠢᠯ ᠢ ᠡᠮᠬᠢ ᠵᠢᠷᠤᠮ ᠲᠠᠢ ᠠᠬᠢᠭᠤᠯᠤᠨ᠎ᠠ᠃      ᠬᠠᠭᠤᠯᠤᠨ ᠢᠯᠡᠭᠡᠬᠦ ᠨᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠦᠴᠢᠷ᠂ ᠥᠪᠥᠷ ᠮᠣᠩᠭᠤᠯ ᠤᠨ ᠴᠡᠷᠢᠭ ᠤᠨ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ᠃      ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ᠂ ᠤᠯᠤᠰ ᠲᠥᠷᠥ ᠶᠢᠨ ᠵᠦᠪᠯᠡᠯᠭᠡᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠦᠪᠯᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠦᠨᠳᠦᠷ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠃      ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃                          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ                                2022 ᠣᠨ ᠤ 1 ᠳ᠋ᠤᠭᠡᠷ ᠰᠠᠷ᠎ᠠ ᠶᠢᠨ 30 ᠤ ᠡᠳᠦᠷ ᠳᠠᠷᠤᠮᠠᠯᠯᠠᠨ ᠲᠠᠷᠬᠠᠭᠠᠪᠠ 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ