ᠪᠦᠬᠦ ᠣᠷᠣᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠵᠢᠴᠢ ᠵᠧᠩᠵᠧᠦ ᠶᠢᠨ ︽7 · 20︾ ᠤ ᠣᠨᠴᠠ ᠶᠡᠭᠡ ᠰᠢᠷᠦᠭᠦᠨ ᠪᠣᠷᠣᠭᠠᠨ ᠤ ᠭᠠᠮᠰᠢᠭ ᠤᠨ ᠬᠡᠷᠡᠭ ᠤᠨ ᠵᠢᠱᠢᠶ᠎ᠡ ᠳᠤ ᠵᠠᠳᠠᠯᠤᠯᠲᠠ ᠬᠢᠬᠦ ᠲᠧᠯᠸᠢᠰ ᠤᠲᠠᠰᠤᠲᠤ ᠬᠤᠷᠠᠯ ᠬᠤᠷᠠᠯᠳᠤᠪᠠ  ᠬᠤᠸᠠᠩ ᡁᠢ ᠴᠢᠶᠠᠩ ᠶᠠᠷᠢᠶ᠎ᠠ ᠲᠠᠯᠪᠢᠵᠤ  ᠯᠢ ᠪᠢᠩ ᠷᠦᠩ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2022/6/15
      6 ᠳ᠋ᠤᠭᠠᠷ ᠰᠠᠷ᠎ᠠ ᠶᠢᠨ 13 ᠤ ᠡᠳᠦᠷ᠂ ᠪᠥᠬᠦ ᠣᠷᠣᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠵᠢᠴᠢ ᠵᠧᠩᠵᠧᠦ ᠶᠢᠨ︽7 · 20︾ ᠤ ᠣᠨᠴᠠ ᠶᠡᠭᠡ ᠰᠢᠷᠦᠭᠦᠨ ᠪᠣᠷᠣᠭᠠᠨ ᠤ ᠭᠠᠮᠰᠢᠭ ᠤᠨ ᠬᠡᠷᠡᠭ ᠤᠨ ᠵᠢᠱᠢᠶ᠎ᠡ ᠳᠤ ᠵᠠᠳᠠᠯᠤᠯᠲᠠ ᠬᠢᠬᠦ ᠲᠧᠯᠸᠢᠰ ᠤᠲᠠᠰᠤᠲᠤ ᠬᠤᠷᠠᠯ ᠬᠤᠷᠠᠯᠳᠤᠵᠤ᠂ ᠪᠥᠬᠦ ᠣᠷᠣᠨ ᠤ ᠭᠠᠩ ᠤᠰᠤᠲᠤᠯ ᠤᠨ ᠭᠠᠮᠰᠢᠭ ᠤᠨ ᠪᠠᠶᠢᠳᠠᠯ ᠢ ᠵᠠᠳᠠᠯᠵᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢ ᠪᠢᠩ ᠷᠦᠩ ᠬᠤᠷᠠᠯ ᠢ ᠡᠷᠬᠢᠯᠡᠪᠡ᠃      ᠬᠤᠸᠠᠩ ᡁᠢ ᠴᠢᠶᠠᠩ ᠶᠠᠷᠢᠬᠤ ᠳᠤ ᠪᠠᠨ᠂ ᠮᠠᠨ ᠤ ᠣᠷᠣᠨ ᠪᠦᠬᠦ ᠲᠠᠯ᠎ᠠ ᠪᠠᠷ ᠦᠶᠡᠷ ᠤᠨ ᠬᠤᠭᠤᠴᠠᠭᠠᠨ ᠳᠤ ᠣᠷᠣᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ︽ᠴᠠᠭ ᠢᠮᠠᠭᠲᠠ ᠠᠩᠬᠠᠷᠤᠯ ᠲᠠᠯᠪᠢᠬᠤ︾ ᠬᠠᠷᠢᠭᠤᠴᠠᠯᠭᠠᠲᠤ ᠰᠡᠳᠬᠢᠯᠭᠡ ᠪᠠᠷ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠡᠨᠡ ᠬᠦ ᠬᠥᠪᠴᠢ ᠶᠢ ᠴᠢᠩᠭᠠᠯᠠᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠣᠷᠣᠨ ᠤ ᠳᠣᠲᠣᠷ᠎ᠠ ᠭᠠᠳᠠᠨᠠᠬᠢ ᠭᠠᠮᠰᠢᠭ ᠠᠴᠠ ᠭᠦᠨᠵᠡᠭᠡᠢ ᠰᠤᠷᠭᠠᠮᠵᠢ ᠠᠪᠴᠤ᠂ ︽ᠶᠠᠪᠤᠳᠠᠯ ᠪᠦᠬᠦᠨ ᠢ ᠭᠠᠷ ᠲᠤ ᠪᠠᠨ ᠠᠳᠬᠤᠬᠤ︾ ᠬᠡᠷᠡᠭᠵᠢᠭᠦᠯᠬᠦ ᠬᠦᠴᠦᠨ ᠢᠶᠠᠷ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠢ᠃ ᠡᠯ᠎ᠡ ᠱᠠᠲᠤᠨ ᠤ ᠨᠠᠮ ᠵᠠᠰᠠᠭ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂︽ᠬᠥᠮᠥᠨ ᠪᠦᠬᠦᠨ ᠬᠠᠷᠢᠭᠤᠴᠠᠯᠭ᠎ᠠ ᠡᠭᠦᠷᠭᠡᠯᠡᠬᠦ︾ ᠵᠣᠷᠢᠭ ᠰᠠᠨᠠᠭ᠎ᠠ ᠪᠠᠷ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃      ᠬᠤᠷᠠᠯ ᠢ ᠸᠢᠳᠢᠤ᠋ ᠬᠡᠯᠪᠡᠷᠢ ᠪᠠᠷ ᠠᠶᠢᠮᠠᠭ ᠬᠤᠳᠠ ᠪᠣᠯᠣᠨ ᠡᠯ᠎ᠡ ᠬᠤᠰᠢᠭᠤ ᠰᠢᠶᠠᠨ ᠲᠣᠭᠤᠷᠢᠭ ᠲᠤ ᠬᠦᠷᠲᠡᠯ᠎ᠡ ᠬᠤᠷᠠᠯᠳᠤᠪᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ