ᠥᠪᠡᠷᠲᠡᠭᠡᠨ ᠵᠠᠰᠠᠬᠤ ᠣᠷᠣᠨ ᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠴᠡᠷᠢᠭ ᠤᠨ ᠠᠯᠪᠠ | ᠬᠠᠭᠠᠬᠤ ᠲᠣᠭᠲᠠᠭᠰᠠᠨ ᠬᠤᠭᠤᠴᠠᠭ᠎ᠠ ᠨᠢ ᠳᠦᠭᠦᠷᠦᠭᠰᠡᠨ ᠣᠹᠢᠼᠧᠷ ᠪᠣᠯᠣᠨ ᠲᠦᠷᠦᠭᠦᠴᠢ ᠨᠢ ᠴᠡᠷᠢᠭ ᠤᠨ ᠠᠯᠪᠠᠨ ᠠᠴᠠ ᠬᠠᠯᠠᠭᠳᠠᠭᠰᠠᠳ ᠢ ᠲᠥᠪᠬᠢᠨᠡᠭᠦᠯᠬᠦ ᠰᠢᠨ᠎ᠡ | ᠠᠷᠭ᠎ᠠ ︱ ᠴᠡᠷᠢᠭ ᠤᠨ ᠠᠯᠪᠠᠨ ᠠᠴᠠ ᠬᠠᠯᠠᠭᠳᠠᠭᠰᠠᠨ ᠮᠥᠩᠭᠦ ᠪᠠᠨ ᠰᠠᠷ᠎ᠠ ᠳᠠᠷᠠᠭᠠᠯᠠᠨ ᠠᠪᠬᠤ ᠶᠢ ᠰᠣᠩᠭᠤᠵᠤ ᠪᠣᠯᠣᠨ᠎ᠠ᠃ | ᠣᠶᠢᠯᠠᠭᠠᠭᠰᠠᠨ ᠢᠶᠠᠷ᠂ ᠪᠥᠬᠦ ᠣᠷᠣᠨ ᠤ ᠴᠡᠷᠢᠭ ᠤᠨ ᠠᠯᠪᠠᠨ ᠠᠴᠠ ᠬᠠᠯᠠᠭᠳᠠᠭᠰᠠᠨ ᠮᠥᠩᠭᠦ ᠶᠢ ᠰᠠᠷ᠎ᠠ ᠳᠠᠷᠠᠭᠠᠯᠠᠨ ᠠᠪᠬᠤ ᠭᠡᠵᠦ ᠪᠠᠶᠢᠭ᠎ᠠ ᠠᠩᠬᠠᠨ ᠤ ᠪᠦᠯᠦᠭ | ᠬᠥᠮᠥᠰ ᠤᠨ ᠨᠡᠷ᠎ᠡ ᠮᠡᠳᠡᠭᠦᠯᠬᠦ ᠠᠵᠢᠯ 6 ᠳ᠋ᠤᠭᠠᠷ ᠰᠠᠷ᠎ᠠ ᠳᠤ ᠪᠥᠬᠦ ᠲᠠᠯ᠎ᠠ ᠪᠠᠷ ᠡᠬᠢᠯᠡᠪᠡ᠃ ᠡᠭᠦᠨ ᠤ ᠰᠡᠭᠦᠯ ᠳᠤ᠂ ᠴᠡᠷᠢᠭ ᠤᠨ ᠠᠯᠪᠠᠨ ᠠᠴᠠ ᠬᠠᠯᠠᠭᠳᠠᠭᠰᠠᠨ ᠤ | ᠲᠠᠷᠠᠭ᠎ᠠ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠠᠯᠪᠠ ᠬᠠᠭᠠᠭᠰᠠᠨ ᠬᠤᠭᠤᠴᠠᠭ᠎ᠠ ᠪᠠ ᠬᠤᠪᠢ ᠨᠡᠮᠡᠷᠢ ᠶᠢ ᠨᠢ ᠦᠨᠳᠦᠰᠦᠯᠡᠨ ᠪᠣᠳᠠᠲᠠᠢ ᠪᠠᠷ ᠪᠤᠳᠤᠬᠤ ᠶᠢᠨ | ᠬᠠᠮᠲᠤ ᠴᠡᠷᠢᠭ ᠤᠨ ᠠᠯᠪᠠᠨ ᠠᠴᠠ ᠬᠠᠯᠠᠭᠳᠠᠭᠰᠠᠨ ᠮᠥᠩᠭᠦ ᠶᠢ ᠰᠠᠷ᠎ᠠ ᠪᠠᠷ ᠥᠭᠴᠦ ᠪᠣᠯᠣᠨ᠎ᠠ︔ ᠤᠯᠤᠰ ᠤᠨ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠭᠤᠬᠤ | ᠨᠠᠰᠤᠨ ᠳᠤ ᠬᠦᠷᠦᠭᠰᠡᠨ ᠤ ᠲᠠᠷᠠᠭ᠎ᠠ᠂ ᠴᠡᠷᠢᠭ ᠤᠨ ᠠᠯᠪᠠᠨ ᠠᠴᠠ ᠬᠠᠯᠠᠭᠳᠠᠭᠰᠠᠨ ᠮᠥᠩᠭᠦ ᠶᠢ ᠵᠣᠬᠢᠬᠤ ᠬᠠᠷᠢᠴᠠᠯ ᠢᠶᠠᠷ ᠦᠯᠡᠳᠡᠭᠡᠵᠦ ᠨᠠᠰᠤᠨ ᠲᠤᠷᠰᠢᠲᠠ ᠣᠯᠭᠤᠬᠤ | ᠪᠥᠭᠡᠳ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠲᠤᠰᠢᠶᠠᠭᠰᠠᠨ ᠪᠠᠶᠢᠳᠠᠯ ᠢ ᠨᠢ ᠦᠨᠳᠦᠰᠦᠯᠡᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠠᠭᠠᠯᠵᠠᠯ ᠢ | ᠤᠯᠠᠮ ᠨᠢᠭᠡ ᠠᠯᠬᠤᠮ ᠬᠦᠷᠲᠡᠭᠡᠨ᠎ᠡ᠃ ᠡᠭᠦᠨ ᠠᠴᠠ ᠭᠠᠳᠠᠨ᠎ᠠ᠂ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠶᠠᠪᠤᠳᠠᠯ ᠤᠨ ᠰᠠᠯᠠᠭ᠎ᠠ ᠮᠥᠴᠢᠷ᠂ ᠴᠡᠷᠢᠭ ᠤᠨ | ᠠᠯᠪᠠᠨ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠪᠠᠶᠢᠭᠤᠯᠤᠮᠵᠢ ᠨᠢ ᠴᠡᠷᠢᠭ ᠤᠨ ᠠᠯᠪᠠᠨ ᠠᠴᠠ ᠬᠠᠯᠠᠭᠳᠠᠭᠰᠠᠨ ᠮᠥᠩᠭᠦ ᠪᠠᠨ ᠰᠠᠷ᠎ᠠ ᠳᠠᠷᠠᠭᠠᠯᠠᠨ ᠠᠪᠬᠤ ᠭᠡᠵᠦ | ᠪᠠᠶᠢᠭ᠎ᠠ ᠬᠥᠮᠥᠰ ᠲᠠᠢ ᠲᠣᠭᠲᠠᠮᠠᠯ ᠬᠤᠭᠤᠴᠠᠭ᠎ᠠ ᠲᠠᠢ ᠪᠠᠷ ᠬᠠᠷᠢᠯᠴᠠᠵᠤ᠂ ᠬᠦᠨᠳᠦ ᠡᠪᠡᠳᠴᠢᠨ ᠳᠤ ᠨᠡᠷᠪᠡᠭᠳᠡᠭᠰᠡᠨ᠂ ᠬᠦᠨᠳᠦ ᠶᠡᠭᠡ ᠭᠡᠨᠡᠳᠲᠡ ᠶᠢᠨ ᠪᠠᠶᠢᠳᠠᠯ ᠳᠤ | ᠤᠴᠠᠷᠠᠭᠰᠠᠨ ᠵᠡᠷᠭᠡ ᠠᠴᠠ ᠪᠣᠯᠵᠤ ᠠᠮᠢᠳᠤᠷᠠᠯ ᠨᠢ ᠬᠦᠴᠢᠷᠳᠡᠯ ᠲᠠᠢ ᠪᠣᠯᠤᠭᠰᠠᠨ ᠴᠡᠷᠢᠭ ᠤᠨ ᠠᠯᠪᠠᠨ ᠠᠴᠠ ᠬᠠᠯᠠᠭᠳᠠᠭᠰᠠᠨ ᠮᠥᠩᠭᠦ ᠪᠠᠨ ᠰᠠᠷ᠎ᠠ ᠳᠠᠷᠠᠭᠠᠯᠠᠨ ᠠᠪᠬᠤ | ᠭᠡᠵᠦ ᠪᠠᠶᠢᠭ᠎ᠠ ᠬᠥᠮᠥᠰ ᠢ ᠲᠣᠭᠲᠠᠭᠠᠯ ᠶᠣᠰᠣᠭᠠᠷ ᠬᠠᠪᠰᠤᠷᠤᠨ ᠲᠡᠳᠬᠦᠵᠦ ᠲᠤᠰᠠᠯᠠᠨ᠎ᠠ᠃ | ᠬᠤᠲᠠ᠂ ᠰᠢᠶᠠᠨ ᠤ ᠱᠠᠲᠤᠨ ᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠶᠠᠪᠤᠳᠠᠯ ᠤᠨ ᠰᠠᠯᠠᠭ᠎ᠠ ᠮᠥᠴᠢᠷ᠂ ᠴᠡᠷᠢᠭ ᠤᠨ ᠠᠯᠪᠠᠨ ᠠᠴᠠ | ᠬᠠᠯᠠᠭᠳᠠᠭᠰᠠᠳ ᠤᠨ ᠦᠢᠯᠡᠴᠢᠯᠡᠭᠡᠨ ᠤ ᠪᠠᠶᠢᠭᠤᠯᠤᠮᠵᠢ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠤᠯᠠᠮ ᠨᠢᠭᠡ ᠠᠯᠬᠤᠮ ᠵᠣᠬᠢᠴᠠᠭᠤᠯᠵᠤ ᠪᠠᠶᠢᠭᠠᠳ ᠴᠡᠷᠢᠭ ᠤᠨ | ᠠᠯᠪᠠᠨ ᠠᠴᠠ ᠬᠠᠯᠠᠭᠳᠠᠭᠰᠠᠨ ᠮᠥᠩᠭᠦ ᠪᠠᠨ ᠰᠠᠷ᠎ᠠ ᠳᠠᠷᠠᠭᠠᠯᠠᠨ ᠠᠪᠬᠤ ᠭᠡᠵᠦ ᠪᠠᠶᠢᠭ᠎ᠠ ᠬᠥᠮᠥᠰ ᠤᠨ ᠨᠠᠮ ᠤᠨ ᠭᠡᠰᠢᠭᠦᠨ ᠤ ᠵᠣᠬᠢᠶᠠᠨ ᠪᠠᠶᠢᠭᠤᠯᠤᠯᠲᠠ ᠶᠢᠨ | ᠬᠠᠷᠢᠴᠠᠭ᠎ᠠ ᠶᠢ ᠰᠢᠯᠵᠢᠭᠦᠯᠦᠨ ᠵᠠᠯᠭᠠᠬᠤ᠂ ᠡᠷᠦᠬᠡ ᠠᠮᠠ ᠣᠷᠣᠭᠤᠯᠬᠤ᠂ ᠨᠡᠶᠢᠭᠡᠮ ᠤᠨ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠦᠨ ᠵᠠᠯᠭᠠᠬᠤ᠂ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠰᠢᠯᠵᠢᠭᠦᠯᠦᠨ ᠵᠠᠯᠭᠠᠬᠤ᠂ ᠪᠡᠯᠡᠳᠬᠡᠯ ᠠᠯᠪᠠᠨ ᠤ ᠳᠠᠩᠰᠠᠯᠠᠯᠲᠠ ᠬᠢᠬᠦ᠂ ᠪᠠᠩᠬᠢ ᠶᠢᠨ ᠲᠠᠩᠰᠠᠨ ᠡᠷᠦᠬᠡ | ᠨᠡᠭᠡᠭᠡᠬᠦ ᠵᠡᠷᠭᠡ ᠠᠵᠢᠯ ᠢ ᠰᠠᠶᠢᠲᠤᠷ ᠵᠣᠬᠢᠶᠠᠨ ᠪᠠᠶᠢᠭᠤᠯᠵᠤ᠂ ᠠᠯᠢ ᠴᠢᠳᠠᠬᠤ ᠪᠠᠷ ︽ᠨᠢᠭᠡ ᠥᠷᠲᠡᠭᠡᠨ ᠤ ᠮᠠᠶ᠋ᠢᠭ︾ ᠤᠨ ᠦᠢᠯᠡᠴᠢᠯᠡᠭᠡ ᠬᠠᠩᠭᠠᠵᠤ᠂ ᠠᠵᠢᠯ ᠤᠨ ᠦᠷ᠎ᠡ | ᠪᠦᠲᠦᠮᠵᠢ ᠪᠠᠨ ᠳᠡᠭᠡᠭᠰᠢᠯᠡᠭᠦᠯᠦᠨ᠂ ᠦᠢᠯᠡᠴᠢᠯᠡᠭᠡᠨ ᠤ ᠶᠠᠰᠤ ᠴᠢᠨᠠᠷ ᠢᠶᠠᠨ ᠰᠢᠯᠢᠳᠡᠭᠵᠢᠭᠦᠯᠬᠦ ᠬᠡᠷᠡᠭᠲᠡᠢ᠃ |