6 ᠳ᠋ᠤᠭᠠᠷ ᠰᠠᠷ᠎ᠠ ᠶᠢᠨ 17 ᠤ ᠡᠳᠦᠷ ᠪᠣᠯ ᠳᠡᠯᠡᠬᠡᠢ ᠶᠢᠨ ᠴᠥᠯᠵᠢᠯᠲᠡ ᠪᠠ ᠭᠠᠩ ᠬᠠᠭᠰᠠᠷᠠᠭᠠᠨ ᠢ ᠰᠡᠷᠭᠡᠶᠢᠯᠡᠨ ᠵᠠᠰᠠᠬᠤ ᠡᠳᠦᠷ ᠪᠣᠯᠣᠨ᠎ᠠ᠃ ᠥᠪᠡᠷᠲᠡᠭᠡᠨ | ᠵᠠᠰᠠᠬᠤ ᠣᠷᠣᠨ ᠤ ᠤᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠦᠬᠦ | ᠣᠷᠣᠨ ᠳᠤ ᠵᠢᠯ ᠪᠦᠷᠢ ᠳᠤᠮᠳᠠᠴᠢ ᠪᠠᠷ 1200 ᠲᠦᠮᠡᠨ ᠮᠦ ᠡᠯᠡᠰᠦ ᠶᠢ ᠰᠡᠷᠭᠡᠶᠢᠯᠡᠨ ᠵᠠᠰᠠᠵᠤ᠂ ᠪᠦᠬᠦ ᠤᠯᠤᠰ ᠤᠨ ᠵᠠᠰᠠᠭᠰᠠᠨ ᠲᠠᠯᠠᠪᠠᠢ ᠶᠢᠨ 40% ᠠᠴᠠ | ᠳᠡᠭᠡᠭᠰᠢᠬᠢ ᠶᠢ ᠡᠵᠡᠯᠡᠵᠦ᠂ ᠴᠥᠯᠵᠢᠭᠰᠡᠨ ᠪᠠ ᠡᠯᠡᠰᠦᠷᠬᠡᠭᠵᠢᠭᠰᠡᠨ ᠭᠠᠵᠠᠷ ᠤᠨ ᠲᠠᠯᠠᠪᠠᠢ ᠤᠯᠠᠨ ᠵᠢᠯ ᠳᠠᠷᠠᠭᠠᠯᠠᠨ ︽ᠬᠤᠣᠰ ᠬᠠᠰᠤᠭᠳᠠᠯ︾ ᠢ ᠪᠠᠲᠤᠯᠠᠵᠤ᠂ ︽ᠡᠯᠡᠰᠦ | ᠤᠷᠤᠭᠰᠢᠯᠠᠵᠤ ᠬᠥᠮᠥᠨ ᠤᠬᠤᠷᠢᠬᠤ︾ ᠠᠴᠠ ︽ᠨᠣᠭᠤᠭᠠᠷᠠᠭᠤᠯᠤᠯᠲᠠ ᠤᠷᠤᠭᠰᠢᠯᠠᠵᠤ ᠡᠯᠡᠰᠦ ᠤᠬᠤᠷᠢᠬᠤ︾ ᠲᠡᠦᠬᠡᠲᠦ ᠴᠢᠨᠠᠷᠲᠠᠢ ᠬᠤᠪᠢᠷᠠᠯᠲᠠ ᠶᠢ ᠪᠡᠶᠡᠯᠡᠭᠦᠯᠵᠡᠢ᠃ | ᠥᠪᠥᠷ ᠮᠣᠩᠭᠤᠯ ᠪᠣᠯ ᠮᠠᠨ ᠤ ᠤᠯᠤᠰ ᠤᠨ ᠴᠥᠯᠵᠢᠭᠰᠡᠨ ᠪᠠ ᠡᠯᠡᠰᠦᠷᠬᠡᠭᠵᠢᠭᠰᠡᠨ ᠭᠠᠵᠠᠷ ᠬᠠᠮᠤᠭ ᠤᠨ ᠲᠥᠪᠯᠡᠷᠡᠭᠰᠡᠨ᠂ ᠬᠤᠣᠷ ᠬᠥᠨᠥᠭᠡᠯ ᠢᠶᠠᠷ ᠬᠠᠮᠤᠭ ᠤᠨ | ᠬᠦᠨᠳᠦ ᠨᠣᠴᠢᠲᠠᠢ ᠮᠤᠵᠢ ᠣᠷᠣᠨ ᠤ ᠨᠢᠭᠡ ᠪᠠᠶᠢᠵᠤ᠂ ᠬᠢᠵᠠᠭᠠᠷ ᠳᠣᠲᠣᠷ᠎ᠠ ᠪᠠᠳᠠᠢ ᠶᠢᠨ ᠵᠢᠷᠠᠨ᠂ ᠲᠡᠭᠷᠢ᠂ ᠤᠯᠠᠭᠠᠨᠪᠤᠬ᠎ᠠ᠂ ᠬᠥᠪᠴᠢ ᠵᠡᠷᠭᠡ ︽ᠳᠥᠷᠪᠡᠨ ᠶᠡᠭᠡ | ᠡᠯᠡᠰᠦᠨ ᠴᠥᠯ︾ ᠪᠠ ᠮᠤᠤᠠᠤᠰᠤ᠂ ᠬᠤᠯᠠᠨ ᠰᠢᠷᠭ᠎ᠠ ᠳᠠᠭ᠎ᠠ᠂ ᠬᠤᠷᠴᠢᠨ᠂ ᠬᠥᠯᠥᠨ ᠪᠤᠶᠢᠷ ︽ᠳᠥᠷᠪᠡᠨ ᠶᠡᠭᠡ ᠡᠯᠡᠰᠦᠷᠬᠡᠭ ᠭᠠᠵᠠᠷ︾ ᠲᠠᠷᠬᠠᠵᠤ᠂ ᠠᠮᠢ ᠠᠬᠤᠢ | ᠣᠷᠴᠢᠨ ᠲᠣᠭᠤᠷᠢᠨ ᠤ ᠰᠠᠭᠤᠷᠢ ᠲᠤᠶᠢᠯ ᠤᠨ ᠬᠡᠪᠡᠷᠡᠭ ᠪᠠᠶᠢᠳᠠᠭ᠃ | ᠤᠯᠠᠨ ᠵᠢᠯ ᠤᠨ ᠲᠤᠷᠰᠢ᠂ ᠥᠪᠥᠷ ᠮᠣᠩᠭᠤᠯ ᠡᠯᠡᠰᠦᠷᠬᠡᠭᠵᠢᠬᠦ ᠶᠢ ᠰᠡᠷᠭᠡᠶᠢᠯᠡᠨ ᠵᠠᠰᠠᠬᠤ ᠠᠵᠢᠯ ᠢ ᠰᠢᠨᠵᠢᠯᠡᠬᠦ ᠤᠬᠠᠭᠠᠨᠴᠢ ᠪᠠᠷ ᠠᠬᠢᠭᠤᠯᠵᠤ᠂ ︽ᠭᠤᠷᠪᠠᠨ | ᠤᠮᠠᠷᠠᠲᠤ︾ ᠶᠢᠨ ᠬᠠᠯᠬᠠᠪᠴᠢ ᠤᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ᠪᠠᠶᠢᠭᠠᠯᠢ ᠶᠢᠨ | ᠤᠢ ᠶᠢᠨ ᠡᠬᠢ ᠪᠠᠶᠠᠯᠢᠭ ᠢ ᠬᠠᠮᠠᠭᠠᠯᠠᠬᠤ᠂ ᠲᠠᠷᠢᠶᠠᠯᠠᠬᠤ ᠶᠢ ᠵᠣᠭᠰᠣᠭᠠᠵᠤ ᠤᠢ ᠡᠪᠡᠰᠦ ᠶᠢ ᠰᠡᠷᠭᠦᠭᠡᠬᠦ ᠵᠡᠷᠭᠡ ᠭᠤᠣᠯᠳᠠᠯᠭ᠎ᠠ ᠲᠠᠢ ᠢᠨᠵᠧᠨᠧᠷᠢᠩ ᠢ ᠭᠦᠨᠵᠡᠭᠡᠢ | ᠬᠡᠷᠡᠭᠵᠢᠭᠦᠯᠵᠦ᠂ ᠶᠡᠭᠡ ᠢᠨᠵᠧᠨᠧᠷᠢᠩ ᠢᠶᠠᠷ ᠶᠡᠭᠡ ᠵᠠᠰᠠᠯᠲᠠ ᠶᠢ ᠲᠠᠶᠢᠴᠢᠯᠠᠵᠠᠢ᠃ ᠡᠭᠦᠨ ᠤ ᠵᠡᠷᠭᠡ ᠳᠤ᠂ ᠬᠠᠮᠠᠭᠠᠯᠠᠯᠲᠠ ᠶᠢᠨ ᠴᠢᠩᠭ᠎ᠠ ᠠᠷᠭ᠎ᠠ ᠬᠡᠮᠵᠢᠶ᠎ᠡ ᠶᠢ | ᠬᠡᠷᠡᠭᠵᠢᠭᠦᠯᠵᠦ᠂ ᠡᠯᠡᠰᠦᠷᠬᠡᠭᠵᠢᠭᠰᠡᠨ ᠭᠠᠵᠠᠷ ᠤᠨ ᠬᠤᠷᠢᠭᠠᠲᠠᠢ ᠬᠠᠮᠠᠭᠠᠯᠠᠯᠲᠠ ᠶᠢᠨ ᠣᠷᠣᠨ ᠢ ᠬᠠᠤᠯᠢ ᠶᠣᠰᠣᠭᠠᠷ ᠵᠠᠭᠠᠭᠯᠠᠨ ᠲᠣᠭᠲᠠᠭᠠᠵᠤ᠂ ᠬᠠᠰᠢᠶᠠᠯᠠᠨ ᠲᠡᠵᠢᠭᠡᠬᠦ ᠶᠢ | ᠬᠡᠷᠡᠭᠵᠢᠭᠦᠯᠦᠨ᠂ ᠨᠤᠲᠤᠭ ᠪᠡᠯᠴᠢᠭᠡᠷ ᠤᠨ ᠱᠠᠩᠨᠠᠵᠤ ᠨᠥᠬᠦᠪᠦᠷᠢᠯᠡᠬᠦ ᠲᠣᠭᠲᠠᠴᠠ ᠪᠠ ᠮᠠᠯᠵᠢᠬᠤ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ ᠵᠡᠷᠭᠡ ᠢᠨᠵᠧᠨᠧᠷᠢᠩ ᠢ | ᠬᠡᠷᠡᠭᠵᠢᠭᠦᠯᠵᠦ᠂ ᠳᠤᠷ᠎ᠠ ᠪᠠᠷ ᠢᠶᠠᠨ ᠣᠭᠲᠣᠯᠬᠤ᠂ ᠳᠤᠷ᠎ᠠ ᠪᠠᠷ ᠢᠶᠠᠨ ᠲᠡᠭᠦᠵᠦ ᠮᠠᠯᠲᠠᠬᠤ᠂ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠵᠡᠷᠭᠡ ᠤᠷᠭᠤᠮᠠᠯ ᠤᠨ | ᠬᠤᠴᠢᠯᠭ᠎ᠠ ᠶᠢ ᠡᠪᠳᠡᠬᠦ ᠠᠵᠢᠯᠯᠠᠭ᠎ᠠ ᠶᠢ ᠡᠷᠡᠰ ᠬᠤᠷᠢᠭᠯᠠᠨ ᠵᠣᠭᠰᠣᠭᠠᠵᠤ᠂ ᠡᠯᠡᠰᠦᠷᠬᠡᠭ ᠣᠷᠣᠨ ᠤ ᠠᠮᠢ ᠠᠬᠤᠢ ᠶᠢᠨ ᠰᠢᠰᠲ᠋ᠧᠮ ᠢ ᠪᠦᠲᠦᠮᠵᠢᠲᠡᠶ ᠬᠠᠮᠠᠭᠠᠯᠠᠨ | ᠰᠡᠷᠭᠦᠭᠡᠪᠡ᠃ ᠣᠲᠣ ᠪᠣᠯᠲᠠᠯ᠎ᠠ᠂ ᠪᠥᠬᠦ ᠣᠷᠣᠨ ᠳᠤ ᠤᠯᠤᠰ ᠤᠨ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠬᠤᠷᠢᠭᠠᠲᠠᠢ ᠬᠠᠮᠠᠭᠠᠯᠠᠯᠲᠠ ᠶᠢᠨ ᠣᠷᠣᠨ ᠢ ᠨᠡᠶᠢᠲᠡ 18 | ᠪᠠᠶᠢᠭᠤᠯᠵᠤ᠂ ᠪᠢᠲᠡᠭᠦᠮᠵᠢᠯᠡᠭᠰᠡᠨ ᠲᠠᠯᠠᠪᠠᠶ ᠨᠢ 18.35 ᠲᠦᠮᠡᠨ ᠾᠧᠺᠲ᠋ᠠᠷ ᠲᠤ ᠬᠦᠷᠴᠡᠢ᠃ | ᠪᠦᠲᠦᠮᠵᠢᠲᠡᠢ ᠪᠠᠷ ᠵᠠᠰᠠᠬᠤ ᠪᠠ ᠴᠢᠩᠭ᠎ᠠ ᠬᠠᠮᠠᠭᠠᠯᠠᠬᠤ ᠤᠷᠢᠲᠠᠯ ᠳᠣᠣᠷ᠎ᠠ᠂ ᠥᠪᠥᠷ ᠮᠣᠩᠭᠤᠯ ᠪᠠᠰᠠ ᠡᠯᠡᠰᠦᠨ ᠤ ᠤᠷᠭᠤᠮᠠᠯ ᠲᠠᠷᠢᠬᠤ ᠪᠠ ᠨᠡᠭᠡᠭᠡᠨ ᠠᠰᠢᠭᠯᠠᠬᠤ᠂ | ᠣᠨᠴᠠ ᠲᠦᠷᠦᠯ ᠤᠨ ᠡᠮᠲᠦ ᠤᠷᠭᠤᠮᠠᠯ ᠲᠠᠷᠢᠬᠤ ᠪᠠ ᠡᠳ᠋ᠰᠢᠭᠦᠯᠦᠨ ᠡᠵᠡᠩᠨᠡᠬᠦ᠂ ᠤᠢ ᠬᠢᠭᠡᠳ ᠴᠠᠭᠠᠰᠤ ᠶᠢ ᠨᠢᠭᠡ ᠴᠣᠭᠴᠠᠵᠢᠭᠤᠯᠬᠤ ᠪᠠ ᠠᠮᠢᠳᠤ ᠪᠣᠳᠠᠰ ᠤᠨ ᠮᠠᠰ ᠤᠨ | ᠡᠨᠧᠷᠭᠢ ᠶᠢ ᠠᠵᠤ ᠦᠢᠯᠡᠰᠵᠢᠭᠦᠯᠬᠦ ᠵᠡᠷᠭᠡ ᠵᠢᠷᠭᠤᠭᠠᠨ ᠶᠡᠭᠡ ᠲᠦᠷᠦᠯ ᠤᠨ ᠡᠯᠡᠰᠦᠨ ᠤ ᠠᠵᠤ ᠦᠢᠯᠡᠰ ᠢ ᠪᠣᠶᠢᠵᠢᠭᠤᠯᠤᠨ ᠬᠥᠭᠵᠢᠭᠦᠯᠵᠦ᠂ ᠡᠯᠡᠰᠦ ᠮᠠᠩᠬᠠᠨ ᠤ | ᠨᠣᠭᠤᠭᠠᠷᠠᠭᠤᠯᠤᠯᠲᠠ ᠶᠢ ᠨᠡᠮᠡᠭᠳᠡᠭᠦᠯᠬᠦ᠂ ᠠᠷᠠᠳ ᠤᠯᠠᠨ ᠤ ᠣᠷᠣᠯᠭ᠎ᠠ ᠶᠢ ᠨᠡᠮᠡᠭᠳᠡᠭᠦᠯᠬᠦ᠂ ᠠᠵᠤ ᠠᠬᠤᠶᠢᠯᠠᠯ ᠤᠨ ᠦᠷ᠎ᠡ ᠠᠰᠢᠭ ᠢ ᠨᠡᠮᠡᠭᠳᠡᠭᠦᠯᠬᠦ ᠬᠥᠭᠵᠢᠯᠲᠡ ᠶᠢᠨ | ᠵᠠᠮ ᠢ ᠨᠡᠭᠡᠭᠡᠵᠡᠢ᠃ | ᠡᠯᠡᠰᠦ ᠮᠠᠩᠬ᠎ᠠ ᠨᠣᠭᠤᠭᠠᠨ ᠪᠦᠷᠢᠳᠦ ᠪᠣᠯᠵᠤ᠂ ᠠᠭᠯᠠᠭ ᠠᠭᠤᠯᠠ ᠬᠥᠬᠡᠷᠡᠨ ᠨᠣᠭᠤᠭᠠᠷᠠᠪᠠ᠃ ᠤᠷᠳᠤ ᠬᠤᠭᠤᠴᠠᠭᠠᠨ ᠤ ᠡᠯᠡᠰᠦᠷᠬᠡᠭᠵᠢᠬᠦ ᠶᠢ ᠰᠡᠷᠭᠡᠶᠢᠯᠡᠨ | ᠵᠠᠰᠠᠬᠤ ᠦᠢᠯᠡᠳᠦᠯᠭᠡ ᠳᠤᠮᠳᠠ᠂ ᠥᠪᠥᠷ ᠮᠣᠩᠭᠤᠯ ᠳᠤ ᠡᠯᠡᠰᠦᠷᠬᠡᠭᠵᠢᠬᠦ ᠶᠢ ᠰᠡᠷᠭᠡᠶᠢᠯᠡᠨ ᠵᠠᠰᠠᠬᠤ ᠨᠢᠭᠡ ᠪᠦᠯᠦᠭ ᠠᠮᠵᠢᠯᠲᠠ ᠲᠠᠢ ᠵᠠᠭᠪᠤᠷ ᠢ ᠪᠦᠷᠢᠯᠳᠦᠭᠦᠯᠦᠭᠰᠡᠨ | ᠪᠥᠭᠡᠳ ︽ᠡᠯᠡᠰᠦ ᠶᠢ ᠵᠠᠰᠠᠭᠰᠠᠨ ᠪᠠᠭᠠᠲᠤᠷ︾ ᠪᠦᠯᠦᠭ ᠪᠦᠯᠦᠭ ᠢᠶᠠᠷ ᠴᠣᠯᠭᠤᠷᠠᠨ ᠭᠠᠷᠴᠠᠭᠠᠪᠠ᠃ ᠣᠷᠳᠣᠰ ᠬᠤᠳᠠ ︽ᠨᠠᠮ ᠵᠠᠰᠠᠭ ᠠᠴᠠ ᠳᠦᠷᠦ ᠶᠢᠨ | ᠪᠣᠳᠣᠯᠭ᠎ᠠ ᠶᠢᠨ ᠴᠢᠨᠠᠷᠲᠠᠢ ᠪᠠᠷ ᠭᠤᠣᠯᠯᠠᠨ ᠤᠳᠤᠷᠢᠳᠬᠤ᠂ ᠠᠵᠤ ᠠᠬᠤᠶᠢᠯᠠᠯ ᠠᠴᠠ ᠠᠵᠤ ᠦᠢᠯᠡᠰᠵᠢᠭᠦᠯᠦᠨ ᠠᠵᠢᠯᠯᠠᠬᠤ᠂ ᠮᠠᠯᠴᠢᠨ ᠲᠠᠷᠢᠶᠠᠴᠢᠨ ᠵᠠᠬ᠎ᠠ | ᠳᠡᠯᠭᠡᠭᠦᠷᠴᠢᠯᠡᠨ ᠣᠷᠣᠯᠴᠠᠬᠤ᠂ ᠮᠡᠷᠭᠡᠵᠢᠯ ᠳᠤ ᠪᠠᠨ ᠦᠷᠭᠦᠯᠵᠢᠯᠡᠨ ᠰᠢᠨ᠎ᠡ ᠶᠢ ᠡᠭᠦᠳᠬᠦ︾ ᠬᠥᠪᠴᠢ ᠶᠢᠨ ᠡᠯᠡᠰᠦ ᠶᠢ ᠵᠠᠰᠠᠬᠤ ᠵᠠᠭᠪᠤᠷ ᠢ ᠬᠠᠶᠢᠨ ᠰᠦᠪᠡᠭᠴᠢᠯᠡᠵᠦ᠂ | 1.86 ᠲᠦᠮᠡᠨ ᠺᠦᠸᠠᠳ᠋ ᠺᠢᠯᠣᠮᠧᠲᠷ ᠤᠨ ᠡᠯᠡᠰᠦ ᠮᠠᠩᠬ᠎ᠠ ᠶᠢᠨ ᠭᠤᠷᠪᠠᠨ ᠤ ᠨᠢᠭᠡ ᠶᠢ ᠨᠣᠭᠤᠭᠠᠷᠠᠭᠤᠯᠵᠤ᠂ ᠳᠡᠯᠡᠬᠡᠢ ᠶᠢᠨ ᠴᠥᠯᠵᠢᠯᠲᠡ ᠶᠢ ᠰᠡᠷᠭᠡᠶᠢᠯᠡᠨ ᠵᠠᠰᠠᠬᠤ ᠳᠤ | ︽ᠳᠤᠮᠳᠠᠳᠤ ᠤᠯᠤᠰ ᠤᠨ ᠲᠥᠰᠥᠯ︾ ᠢ ᠬᠠᠩᠭᠠᠵᠠᠢ᠃ ᠪᠠᠶᠠᠨᠨᠠᠭᠤᠷ ᠬᠤᠳᠠ ᠪᠦᠬᠦ ᠨᠡᠶᠢᠭᠡᠮ ᠢᠶᠠᠷ ᠢᠶᠠᠨ ᠤᠯᠠᠭᠠᠨᠪᠤᠬ᠎ᠠ ᠶᠢᠨ ᠡᠯᠡᠰᠦ ᠶᠢ ᠰᠡᠷᠭᠡᠶᠢᠯᠡᠨ ᠵᠠᠰᠠᠬᠤ ᠳᠤ | ᠥᠷᠭᠡᠨ ᠢᠶᠠᠷ ᠣᠷᠤᠯᠴᠠᠬᠤ ᠶᠢ ᠬᠥᠲᠥᠯᠥᠨ ᠵᠢᠯᠤᠭᠤᠳᠴᠤ᠂ ᠴᠠᠭᠠᠨ ᠭᠤᠶᠣᠣ᠂ ᠡᠯᠡᠰᠦᠨ ᠦᠵᠦᠮ᠂ ᠡᠯᠡᠰᠦᠨ ᠤ ᠣᠷᠭᠠᠨᠢᠭ ᠮᠠᠯ ᠠᠵᠤ ᠠᠬᠤᠢ ᠪᠣᠯᠣᠨ ᠠᠮᠢ | ᠠᠬᠤᠢ ᠶᠢᠨ ᠵᠤᠭᠠᠴᠠᠯ ᠤᠨ ᠦᠢᠯᠡᠰ ᠢᠶᠠᠷ ᠭᠤᠣᠯᠯᠠᠭᠰᠠᠨ ᠡᠯᠡᠰᠦᠨ ᠤ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠡᠯᠡᠰᠦ ᠶᠢ ᠵᠠᠰᠠᠬᠤ ᠪᠠ | ᠪᠠᠶᠠᠵᠢᠭᠤᠯᠬᠤ ᠶᠢᠨ ᠬᠤᠣᠰ ᠠᠮᠵᠢᠯᠲᠠ ᠶᠢ ᠪᠡᠶᠡᠯᠡᠭᠦᠯᠪᠡ᠃ ᠪᠣᠷᠣᠯᠳᠠᠢ᠂ ᠶᠢᠨ ᠢᠦᠢ ᠵᠧᠨ ᠢᠶᠠᠷ ᠲᠥᠯᠥᠭᠡᠯᠡᠭᠦᠯᠦᠭᠰᠡᠨ ︽ᠪᠣᠬᠢᠷᠳᠤᠯ ᠦᠭᠡᠢ ᠦᠦᠰᠢᠨ︾ ᠤ | ᠡᠯᠡᠰᠦ ᠶᠢ ᠵᠠᠰᠠᠬᠤ ᠬᠥᠮᠥᠰ 60 ᠵᠢᠯ ᠤᠨ ᠲᠤᠷᠰᠢ ᠪᠤᠤᠬᠢᠶ᠎ᠠ ᠵᠠᠯᠭᠠᠨ ᠨᠣᠭᠤᠭᠠᠷᠠᠭᠤᠯᠵᠤ᠂ ︽ᠦᠬᠦᠯ ᠤᠨ ᠭᠠᠵᠠᠷ︾ ᠮᠤᠤᠠᠤᠰᠤ ᠶᠢᠨ ᠡᠯᠡᠰᠦᠷᠬᠡᠭ ᠭᠠᠵᠠᠷ ᠢ | ᠵᠠᠰᠠᠭᠰᠠᠨ ᠨᠣᠷᠮ᠎ᠠ ᠨᠢ 70% ᠳᠤ ᠬᠦᠷᠴᠦ᠂ ᠠᠮᠢ ᠠᠬᠤᠢ ᠶᠢᠨ ᠪᠠᠶᠢᠳᠠᠯ ᠢ ᠣᠶᠢᠷ᠎ᠠ ᠶᠢᠨ ᠵᠠᠭᠤᠨ ᠵᠢᠯ ᠤᠨ ᠲᠤᠷᠰᠢᠬᠢ ᠬᠠᠮᠤᠭ ᠤᠨ ᠰᠠᠶᠢᠨ ᠲᠦᠪᠰᠢᠨ ᠳᠤ | ᠬᠦᠷᠭᠡᠪᠡ︔ ︽ᠡᠯᠡᠰᠦ ᠶᠢ ᠵᠠᠰᠠᠭᠰᠠᠨ ᠲᠡᠨᠡᠭ ᠡᠪᠦᠭᠡᠨ︾ ᠰᠦᠬᠡ ᠠᠵᠢᠯ ᠠᠴᠠ ᠪᠠᠨ ᠠᠮᠠᠷᠠᠭᠰᠠᠨ ᠤ ᠳᠠᠷᠠᠭᠠᠬᠢ ᠠᠮᠤᠷ ᠵᠢᠮᠤᠷ ᠠᠮᠢᠳᠤᠷᠠᠯ ᠢᠶᠠᠨ ᠲᠠᠶᠠᠭᠳᠠᠵᠤ᠂ | ᠠᠷᠪᠠᠨ ᠵᠢᠯ ᠢ ᠨᠢᠭᠡ ᠡᠳᠦᠷ ᠮᠡᠲᠦ ᠪᠠᠷ ᠭᠤᠪᠢ ᠴᠥᠯ ᠢ ᠰᠠᠬᠢᠵᠤ᠂ 9 ᠲᠦᠮᠡ ᠭᠠᠷᠤᠢ ᠵᠠᠭ ᠮᠣᠳᠣ ᠲᠠᠷᠢᠵᠤ᠂ 4800 ᠮᠦ ᠵᠠᠭ ᠤᠨ ᠤᠢ ᠶᠢ ᠨᠥᠬᠦᠵᠦ ᠲᠠᠷᠢᠵᠦ᠂ | ᠡᠵᠡᠨ᠎ᠡ ᠬᠤᠰᠢᠭᠤᠨ ᠤ ᠨᠡᠯᠦᠭᠡᠷ ᠭᠤᠪᠢ ᠳᠤ ᠨᠣᠭᠤᠭᠠᠨ ᠬᠠᠯᠬᠠᠪᠴᠢ ᠪᠣᠰᠬᠠᠵᠠᠢ᠃ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠥᠪᠥᠷ ᠮᠣᠩᠭᠤᠯ ᠡᠯᠡᠰᠦ ᠶᠢ ᠵᠠᠰᠠᠭᠰᠠᠨ ᠦᠷ᠎ᠡ ᠪᠦᠲᠦᠭᠡᠯ ᠢᠶᠠᠨ | ᠪᠦᠬᠦ ᠬᠦᠴᠦᠨ ᠢᠶᠠᠷ ᠢᠶᠠᠨ ᠪᠠᠬᠢᠵᠢᠭᠦᠯᠵᠦ᠂ ᠡᠯᠡᠰᠦ ᠶᠢ ᠰᠡᠷᠭᠡᠶᠢᠯᠡᠨ ᠵᠠᠰᠠᠬᠤ ᠡᠭᠦᠷᠭᠡ ᠪᠠᠨ 2650 ᠲᠦᠮᠡᠨ ᠮᠦ ᠪᠡᠶᠡᠯᠡᠭᠦᠯᠵᠦ᠂ ᠰᠠᠶᠢᠨ ᠰᠠᠶᠢᠬᠠᠨ ᠠᠮᠢ ᠠᠬᠤᠢ | ᠣᠷᠴᠢᠨ ᠲᠣᠭᠤᠷᠢᠨ ᠢᠶᠠᠷ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠪᠠᠷ ᠪᠣᠢ᠃ |