ᠮᠠᠨ ᠤ ᠣᠷᠣᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠳᠤ ᠠᠩᠬ᠎ᠠ ᠤᠳᠠᠭ᠎ᠠ ︽ᠮᠣᠷᠢᠨ ᠤᠷᠤᠯᠳᠤᠭᠠᠨ ᠤ ᠳᠦᠷᠢᠮ︾ ᠢ ᠡᠬᠢᠯᠡᠨ ᠬᠡᠷᠡᠭᠯᠡᠪᠡ
ᠨᠡᠶᠢᠲᠡᠯᠡᠭᠰᠡᠨ ᠴᠠᠭ᠄
2022/6/17
      ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠠᠴᠠ 2022 ᠣᠨ ᠤ ᠥᠪᠡᠷᠲᠡᠭᠡᠨ ᠵᠠᠰᠠᠬᠤ ᠣᠷᠣᠨ ᠤ ᠲᠠᠷᠢᠮᠠᠯ ᠤᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠤᠨ ᠲᠥᠷᠥᠯ ᠵᠦᠢᠯ ᠢ ᠲᠣᠭᠲᠠᠭᠠᠬᠤ ᠨᠡᠷᠡᠰ ᠢ ᠨᠡᠶᠢᠲᠡᠯᠡᠵᠦ᠂ 12 ᠵᠦᠢᠯ ᠤᠨ ᠨᠡᠷᠡᠰ ᠤᠨ ᠵᠢᠭᠰᠠᠭᠠᠯᠲᠠ ᠳᠤ ᠨᠡᠶᠢᠲᠡ 14 ᠲᠥᠷᠥᠯ ᠵᠦᠢᠯ ᠢ ᠳᠡᠮᠵᠢᠵᠦ᠂ ᠡᠭᠦᠨ ᠳᠤ 2 ᠨᠡᠷᠡᠰ ᠤᠨ ᠵᠢᠭᠰᠠᠭᠠᠯᠲᠠ ᠳᠤ ︽ᠮᠣᠷᠢᠨ ᠤᠷᠤᠯᠳᠤᠭᠠᠨ ᠤ ᠳᠦᠷᠢᠮ︾ ᠢ ᠬᠡᠷᠡᠭᠯᠡᠨ ᠵᠡᠷᠭᠡ ᠪᠠᠷ ᠨᠡᠶᠢᠲᠡᠯᠡᠵᠦ ᠪᠣᠭᠤᠮᠲᠠ ᠰᠢᠪᠲᠤᠯᠪᠠ᠂ ᠡᠨᠡ ᠨᠢ ᠮᠥᠨ ᠴᠦ ᠮᠠᠨ ᠤ ᠣᠷᠣᠨ ᠤ ᠠᠩᠬ᠎ᠠ ᠤᠳᠠᠭ᠎ᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠳᠤ ︽ᠮᠣᠷᠢᠨ ᠤᠷᠤᠯᠳᠤᠭᠠᠨ ᠤ ᠳᠦᠷᠢᠮ︾ ᠢ ᠡᠬᠢᠯᠡᠵᠦ ᠬᠡᠷᠡᠭᠯᠡᠭᠰᠡᠨ ᠶᠠᠪᠤᠳᠠᠯ ᠪᠣᠯᠣᠨ᠎ᠠ᠃      ︽ᠮᠣᠷᠢᠨ ᠤᠷᠤᠯᠳᠤᠭᠠᠨ ᠤ ᠳᠦᠷᠢᠮ︾ ᠭᠡᠳᠡᠭ ᠨᠢ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠢ ᠲᠣᠭᠲᠠᠭᠠᠬᠤ ᠦᠶ᠎ᠡ ᠳᠤ᠂ ᠰᠢᠯᠢᠳᠡᠭ ᠢ ᠨᠢ ᠰᠣᠩᠭᠤᠵᠤ ᠣᠯᠠᠨ ᠭᠤᠣᠯ ᠴᠣᠭᠴᠠ ᠳᠤ ᠵᠡᠷᠭᠡ ᠪᠠᠷ ᠪᠣᠭᠤᠮᠲᠠ ᠰᠢᠪᠲᠤᠯᠵᠤ᠂ ᠲᠥᠷᠥᠯ ᠵᠦᠢᠯ ᠢ ᠥᠷᠨᠢᠭᠦᠯᠬᠦ ᠶᠠᠪᠤᠴᠠ ᠳᠤ ᠱᠠᠲᠤᠴᠢ ᠴᠢᠨᠠᠷᠲᠠᠢ ᠪᠠᠷ ᠰᠢᠯᠭᠠᠨ ᠬᠢᠨᠠᠬᠤ᠂ ᠥᠷᠢᠰᠦᠯᠳᠦᠭᠡᠨ ᠤ ᠴᠢᠨᠠᠷᠲᠠᠢ ᠪᠠᠷ ᠰᠢᠭᠰᠢᠭᠳᠡᠭᠦᠯᠬᠦ ᠲᠣᠭᠲᠠᠴᠠ ᠶᠢ ᠬᠡᠷᠡᠭᠯᠡᠨ᠂ ᠦᠨᠡᠨ ᠬᠦ ᠰᠠᠶᠢᠨ ᠠᠵᠢᠯᠯᠠᠭᠰᠠᠨ ᠭᠤᠣᠯ ᠴᠣᠭᠴᠠ ᠶᠢ ᠴᠣᠯᠭᠤᠷᠠᠭᠤᠯᠵᠤ᠂ ︽ᠠᠵᠢᠨᠠᠢ ᠬᠦᠯᠦᠭ︾ ᠢᠶᠠᠷ ᠰᠣᠩᠭᠤᠨ ᠭᠠᠷᠭᠠᠬᠤ ᠶᠢ ᠵᠢᠭᠠᠵᠤ ᠪᠣᠶ᠃      ᠲᠤᠰ ᠤᠳᠠᠭᠠᠨ ᠤ ︽ᠮᠣᠷᠢᠨ ᠤᠷᠤᠯᠳᠤᠭᠠᠨ ᠤ ᠳᠦᠷᠢᠮ︾ ᠢ ᠬᠡᠷᠡᠭᠯᠡᠵᠦ ᠨᠡᠶᠢᠲᠡᠯᠡᠭᠰᠡᠨ 2 ᠨᠡᠷᠡᠰ ᠤᠨ ᠵᠢᠭᠰᠠᠭᠠᠯᠲᠠ ᠤᠨ ᠨᠢᠭᠡ ᠨᠢ ︽ᠥᠪᠥᠷ ᠮᠣᠩᠭᠤᠯ ᠣᠷᠣᠨ ᠤ ᠠᠯᠠᠰᠢᠨ ᠦᠬᠡᠷ ᠤᠨ ᠭᠤᠣᠯᠯᠠᠬᠤ ᠡᠭᠦᠯᠳᠡᠷ ᠤᠨ ᠪᠠᠶᠢᠭᠤᠯᠤᠯᠲᠠ ᠬᠢᠭᠡᠳ ᠰᠢᠨ᠎ᠡ ᠡᠭᠦᠯᠳᠡᠷ ᠤᠨ ᠪᠣᠶᠢᠵᠢᠭᠤᠯᠤᠯᠲᠠ︾ ᠶᠢᠨ ᠨᠡᠷᠡᠰ ᠤᠨ ᠵᠢᠭᠰᠠᠭᠠᠯᠲᠠ ᠪᠣᠯᠣᠨ᠎ᠠ᠂ ᠡᠭᠦᠨ ᠳᠤ ᠨᠤᠲᠤᠭ ᠪᠡᠯᠴᠢᠭᠡᠷ ᠪᠠ ᠦᠬᠡᠷ ᠤᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠠᠴᠠ ᠲᠦᠷᠦᠭᠦᠯᠡᠨ ᠪᠠᠶᠢᠭᠤᠯᠤᠭᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠠᠰᠢᠨ ᠦᠬᠡᠷ ᠤᠨ ᠣᠲᠣ ᠦᠶ᠎ᠡ ᠶᠢᠨ ᠡᠭᠦᠯᠳᠡᠷ ᠤᠨ ᠦᠢᠯᠡᠰ ᠤᠨ ᠡᠭᠦᠯᠳᠡᠷ ᠪᠣᠶᠢᠵᠢᠭᠤᠯᠬᠤ ᠰᠢᠨ᠎ᠡ ᠶᠢ ᠡᠭᠦᠳᠬᠦ ᠬᠤᠯᠪᠣᠭᠠᠲᠤ ᠴᠣᠭᠴᠠ᠂ ᠥᠪᠥᠷ ᠮᠣᠩᠭᠤᠯ ᠤᠨ ᠺᠤᠸᠠᠢ ᠨᠢᠦ ᠲᠠᠷᠢᠶᠠᠯᠠᠩ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠠᠴᠠ ᠲᠦᠷᠦᠭᠦᠯᠡᠨ ᠪᠠᠶᠢᠭᠤᠯᠤᠭᠰᠠᠨ ᠦᠬᠡᠷ ᠤᠨ ᠤᠳᠤᠮᠯᠠᠯ ᠤᠨ ᠰᠠᠶᠢᠵᠢᠷᠠᠭᠤᠯᠤᠯᠲᠠ ᠬᠢᠭᠡᠳ ᠠᠮᠢᠳᠤ ᠪᠣᠳᠠᠰ ᠤᠨ ᠡᠭᠦᠯᠳᠡᠷ ᠪᠣᠶᠢᠵᠢᠭᠤᠯᠬᠤ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠵᠡᠷᠭᠡ ᠪᠠᠷ ᠨᠡᠶᠢᠲᠡᠯᠡᠪᠡ︔ ᠨᠥᠭᠦᠭᠡ ᠨᠢᠭᠡ ᠨᠢ ︽ᠴᠢᠨᠠᠷ ᠰᠠᠶᠢᠲᠠᠢ ᠴᠠᠷᠭᠠᠰᠤ ᠶᠢᠨ ᠰᠢᠨ᠎ᠡ ᠦᠷ᠎ᠡ ᠶᠢ ᠰᠣᠩᠭᠤᠨ ᠪᠣᠶᠢᠵᠢᠭᠤᠯᠬᠤ ᠵᠢᠴᠢ ᠠᠵᠤ ᠦᠢᠯᠡᠰᠵᠢᠭᠦᠯᠦᠨ ᠵᠢᠱᠢᠶ᠎ᠡ ᠦᠵᠡᠭᠦᠯᠬᠦ︾ ᠨᠡᠷᠡᠰ ᠤᠨ ᠵᠢᠭᠰᠠᠭᠠᠯᠲᠠ ᠪᠣᠯᠣᠨ᠎ᠠ᠂ ᠡᠭᠦᠨ ᠳᠤ ᠮᠧᠩ ᠼᠣᠣ ᠠᠮᠢ ᠠᠬᠤᠢ ᠶᠢᠨ ᠣᠷᠴᠢᠨ ᠲᠣᠭᠤᠷᠢᠨ ︵ᠪᠦᠯᠦᠭᠯᠡᠯ︶ ᠤ ᠬᠤᠪᠢᠴᠠᠭᠠᠲᠤ ᠬᠢᠵᠠᠭᠠᠷᠲᠤ ᠺᠣᠮᠫᠠᠨᠢ ᠠᠴᠠ ᠲᠦᠷᠦᠭᠦᠯᠡᠨ ᠪᠠᠶᠢᠭᠤᠯᠤᠭᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠪᠡᠰᠦᠨ ᠦᠷ᠎ᠡ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ᠂ ᠥᠪᠥᠷ ᠮᠣᠩᠭᠤᠯ ᠤᠨ ᠢ ᠾᠧ ᠯᠢᠦᠢ ᠶᠢᠨ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠠᠴᠠ ᠲᠦᠷᠦᠭᠦᠯᠡᠨ ᠪᠠᠶᠢᠭᠤᠯᠤᠭᠰᠠᠨ ᠥᠪᠥᠷ ᠮᠣᠩᠭᠤᠯ ᠤᠨ ᠴᠠᠷᠭᠠᠰᠤ ᠶᠢᠨ ᠦᠷ᠎ᠡ ᠶᠢᠨ ᠦᠢᠯᠡᠰ ᠤᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠵᠡᠷᠭᠡ ᠪᠠᠷ ᠨᠡᠶᠢᠲᠡᠯᠡᠪᠡ᠃      ︽ᠮᠣᠷᠢᠨ ᠤᠷᠤᠯᠳᠤᠭᠠᠨ︾ ᠤ ᠳᠦᠷᠢᠮ ᠢ ᠬᠡᠷᠡᠭᠵᠢᠭᠦᠯᠬᠦ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠤᠯᠪᠣᠭᠳᠠᠯ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠬᠤ ᠪᠥᠭᠡᠳ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ︽ᠵᠠᠷᠯᠠᠨ ᠮᠠᠩᠯᠠᠶᠢᠯᠠᠭᠤᠯᠬᠤ︾ ᠳᠦᠷᠢᠮ ᠢ ᠬᠡᠷᠡᠭᠵᠢᠭᠦᠯᠦᠭᠰᠡᠨ ᠤ ᠳᠠᠷᠠᠭᠠᠬᠢ᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠢ ᠵᠣᠬᠢᠶᠠᠨ ᠪᠠᠶᠢᠭᠤᠯᠵᠤ ᠬᠠᠮᠢᠶᠠᠷᠬᠤ ᠲᠣᠭᠲᠠᠴᠠ ᠶᠢᠨ ᠥᠭᠡᠷᠡᠴᠢᠯᠡᠯᠲᠡ ᠶᠢ ᠠᠬᠢᠭᠤᠯᠤᠭᠰᠠᠨ ᠪᠠᠰᠠ ᠨᠢᠭᠡᠨ ᠠᠰᠢᠭᠲᠠᠢ ᠰᠦᠪᠡᠭᠴᠢᠯᠡᠯᠲᠡ ᠪᠣᠯᠣᠨ᠎ᠠ᠃      ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠤ ᠪᠠᠨ᠂ ︽ᠮᠣᠷᠢᠨ ᠤᠷᠤᠯᠳᠤᠭᠠᠨ ᠤ ᠳᠦᠷᠢᠮ︾ ᠢ ᠡᠬᠢᠯᠡᠨ ᠬᠡᠷᠡᠭᠯᠡᠬᠦ ᠨᠢ ᠨᠢᠭᠡ ᠲᠠᠯ᠎ᠠ ᠪᠠᠷ ᠮᠡᠷᠭᠡᠵᠢᠯ ᠰᠣᠩᠭᠤᠬᠤ ᠲᠦᠭᠰᠢᠭᠦᠷᠢ ᠶᠢ ᠪᠦᠲᠦᠮᠵᠢᠲᠡᠶ ᠪᠠᠭᠤᠷᠠᠭᠤᠯᠵᠤ᠂ ᠨᠥᠭᠦᠭᠡ ᠲᠠᠯ᠎ᠠ ᠪᠠᠷ ᠲᠥᠷᠥᠯ ᠵᠦᠢᠯ ᠤᠨ ᠠᠮᠵᠢᠯᠲᠠ ᠣᠯᠬᠤ ᠨᠣᠷᠮ᠎ᠠ ᠪᠠ ᠵᠠᠷᠤᠳᠠᠯ ᠤᠨ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠣᠭᠤᠮᠳᠠ ᠰᠢᠪᠲᠤᠯᠤᠯᠲᠠ ᠳᠤ ᠭᠠᠭᠴᠠ ᠭᠤᠣᠯ ᠴᠣᠭᠴᠠ ᠠᠴᠠ ᠣᠯᠠᠨ ᠡᠰᠢᠵᠢᠭᠰᠡᠨ ᠥᠷᠢᠰᠦᠯᠳᠦᠭᠡᠨ ᠤ ᠭᠤᠣᠯ ᠴᠣᠭᠴᠠ ᠲᠡᠶᠢᠰᠢ ᠬᠤᠪᠢᠷᠠᠭᠤᠯᠬᠤ ᠶᠢ ᠪᠡᠶᠡᠯᠡᠭᠦᠯᠵᠦ ᠴᠢᠳᠠᠨ᠎ᠠ᠃ ᠲᠥᠷᠥᠯ ᠵᠦᠢᠯ ᠤᠨ ᠡᠮᠦᠨᠡᠬᠢ ᠬᠤᠭᠤᠴᠠᠭᠠᠨ ᠳᠤ᠂ ᠵᠡᠷᠭᠡᠴᠡᠭᠡ ᠪᠠᠷ ᠲᠤᠰᠠᠯᠠᠬᠤ ᠶᠢ ᠬᠡᠷᠡᠭᠵᠢᠭᠦᠯᠦᠨ᠎ᠡ︔ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤ᠂ ᠴᠠᠭ ᠵᠠᠩᠭᠢᠶᠠᠰᠤ ᠶᠣᠰᠤᠭᠠᠷ ᠬᠢᠨᠠᠯᠲᠠ ᠲᠠᠯᠪᠢᠵᠤ ᠬᠢᠨᠠᠨ ᠰᠢᠯᠭᠠᠵᠤ᠂ ᠰᠢᠯᠢᠳᠡᠭ ᠢ ᠨᠢ ᠰᠢᠯᠢᠭᠳᠡᠭᠦᠯᠵᠦ ᠰᠢᠭᠠᠷᠤ ᠶᠢ ᠨᠢ ᠰᠢᠭᠰᠢᠭᠳᠡᠭᠦᠯᠵᠦ᠂ ᠡᠭᠦᠷᠭᠡ ᠪᠠᠨ ᠪᠡᠶᠡᠯᠡᠭᠦᠯᠵᠦ ᠳᠡᠶᠢᠯᠬᠦ ᠦᠭᠡᠢ ︽ᠠᠨᠠᠢ ᠮᠣᠷᠢ︾ ᠶᠢ ᠴᠠᠭ ᠲᠤᠬᠠᠢ ᠳᠤ ᠨᠢ ᠵᠣᠭᠰᠣᠭᠠᠵᠤ᠂ ︿ᠮᠣᠷᠢ ᠤᠷᠤᠯᠳᠤᠬᠤ﹀ ᠵᠣᠷᠢᠯᠭ᠎ᠠ ᠳᠤ ᠬᠦᠷᠦᠭᠦᠯᠬᠦ ᠬᠡᠷᠡᠭᠲᠡᠢ︔ ᠲᠥᠷᠥᠯ ᠵᠦᠢᠯ ᠤᠨ ᠰᠡᠭᠦᠯᠴᠢ ᠶᠢᠨ ᠬᠤᠭᠤᠴᠠᠭᠠᠨ ᠳᠤ᠂ ᠰᠢᠨ᠎ᠡ ᠶᠢ ᠡᠭᠦᠳᠬᠦ ᠳᠠᠪᠠᠭᠤᠯᠢᠭ ᠭᠤᠣᠯ ᠴᠣᠭᠴᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠳᠤᠯᠭᠠᠨ ᠤ ᠪᠦᠯᠬᠦᠮ ᠤᠨ ᠡᠴᠦᠰ ᠤᠨ ︽ᠰᠢᠪᠲᠤᠯᠤᠯᠲᠠ︾ ᠶᠢ ᠦᠨᠡᠨ ᠬᠦ ᠪᠠᠲᠤᠯᠠᠨ᠎ᠠ ᠭᠡᠵᠡᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ