ᠮᠠᠨ ᠤ ᠣᠷᠣᠨ ︽ᠵᠢᠷᠭᠤᠭᠠᠨ ᠶᠡᠭᠡ ᠬᠠᠮᠠᠭᠠᠯᠠᠯᠲᠠ︾ ᠶᠢᠨ ᠠᠵᠢᠯ ᠢᠶᠠᠷ ᠨᠠᠰᠤᠨ ᠳᠤ ᠥᠯᠥ ᠭᠦᠷᠦᠭᠰᠡᠳ ᠤᠨ ᠢᠳᠡᠷᠡᠭᠦᠨ ᠢᠶᠠᠷ ᠦᠰᠦᠨ ᠪᠤᠶᠢᠵᠢᠬᠤ ᠶᠢ ᠬᠠᠮᠠᠭᠠᠯᠠᠵᠤ ᠪᠠᠶᠢᠨ᠎ᠠ
ᠨᠡᠶᠢᠲᠡᠯᠡᠭᠰᠡᠨ ᠴᠠᠭ᠄
2022/6/17
      6 ᠳ᠋ᠤᠭᠠᠷ ᠰᠠᠷ᠎ᠠ ᠶᠢᠨ 15 ᠤ ᠡᠳᠦᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠷᠠᠯᠳᠤᠭᠤᠯᠤᠭᠰᠠᠨ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠤᠯᠢ︾ ᠶᠢ ᠬᠡᠷᠡᠭᠵᠢᠭᠦᠯᠦᠭᠰᠡᠨ ᠨᠢᠭᠡ ᠵᠢᠯ ᠤᠨ ᠲᠤᠷᠰᠢ᠂ ᠮᠠᠨ ᠤ ᠣᠷᠣᠨ ᠤ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠢ ᠨᠦᠭᠦᠳ ︽ᠬᠡᠷ ᠪᠦᠯᠢ᠂ ᠰᠤᠷᠭᠠᠭᠤᠯᠢ᠂ ᠨᠡᠶᠢᠭᠡᠮ᠂ ᠰᠦᠯᠵᠢᠶ᠎ᠡ᠂ ᠵᠠᠰᠠᠭ ᠤᠨ ᠣᠷᠳᠣᠨ᠂ ᠬᠠᠤᠯᠢ ᠴᠠᠭᠠᠵᠠ︾ ᠵᠡᠷᠭᠡ ᠵᠢᠷᠭᠤᠭᠠᠨ ᠶᠡᠭᠡ ᠬᠠᠮᠠᠭᠠᠯᠠᠯᠲᠠ ᠶᠢᠨ ᠠᠵᠢᠯ ᠢ ᠪᠣᠳᠠᠲᠠᠶ ᠪᠥᠭᠡᠳ ᠨᠠᠷᠢᠯᠢᠭ ᠬᠢᠵᠦ᠂ ᠨᠠᠰᠤᠨ ᠳᠤ ᠥᠯᠥ ᠭᠦᠷᠦᠭᠰᠡᠳ ᠤᠨ ᠢᠳᠡᠷᠡᠭᠦᠨ ᠢᠶᠠᠷ ᠦᠰᠦᠨ ᠪᠤᠶᠢᠵᠢᠬᠤ ᠶᠢ ᠬᠠᠮᠠᠭᠠᠯᠠᠪᠠ᠃      ᠨᠢᠭᠡ ᠵᠢᠯ ᠤᠨ ᠲᠤᠷᠰᠢ᠂ ᠮᠠᠨ ᠤ ᠣᠷᠣᠨ ᠤ 12 ᠠᠶᠢᠮᠠᠭ ᠬᠤᠲᠠ᠂ 103 ᠬᠤᠰᠢᠭᠤ ᠰᠢᠶᠠᠨ ︵ᠬᠤᠲᠠ᠂ ᠲᠣᠭᠤᠷᠢᠭ︶ ᠪᠦᠬᠦᠨ ᠳᠤ ᠨᠠᠰᠤᠨ ᠳᠤ ᠥᠯᠥ ᠭᠦᠷᠦᠭᠰᠡᠳ ᠢ ᠬᠠᠮᠠᠭᠠᠯᠠᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠨᠠᠮ ᠤᠨ ᠬᠤᠷᠢᠶ᠎ᠠ ᠤᠳᠤᠷᠢᠳᠤᠭᠰᠠᠨ᠂ ᠵᠠᠰᠠᠭ ᠤᠨ ᠣᠷᠳᠣᠨ ᠬᠠᠷᠢᠭᠤᠴᠠᠭᠰᠠᠨ᠂ ᠠᠷᠠᠳ ᠤᠨ ᠶᠠᠪᠤᠳᠠᠯ ᠤᠨ ᠲᠢᠩᠬᠢᠮ ︵ᠲᠣᠪᠴᠢᠶ᠎ᠠ︶ ᠲᠦᠷᠦᠭᠦᠯᠡᠨ ᠬᠢᠭᠰᠡᠨ᠂ ᠰᠠᠯᠠᠭ᠎ᠠ ᠮᠥᠴᠢᠷ ᠤᠳ ᠬᠠᠮᠵᠢᠯᠴᠠᠭᠰᠠᠨ᠂ ᠨᠡᠶᠢᠭᠡᠮ ᠨᠡᠶᠢᠲᠡ ᠪᠠᠷ ᠢᠶᠠᠨ ᠣᠷᠣᠯᠴᠠᠭᠰᠠᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠤᠨ ᠲᠣᠭᠲᠠᠴᠠ ᠶᠢ ᠪᠣᠶ ᠪᠣᠯᠭᠠᠵᠠᠢ᠃      ᠪᠥᠬᠦ ᠣᠷᠣᠨ ᠤ ᠡᠯ᠎ᠡ ᠭᠠᠵᠠᠷ ᠬᠡᠷ ᠪᠦᠯᠢ ᠶᠢᠨ ᠬᠠᠮᠠᠭᠠᠯᠠᠯᠲᠠ ᠶᠢᠨ ᠲᠤᠯᠭᠠᠭᠤᠷᠢᠯᠠᠬᠤ ᠲᠣᠭᠲᠠᠯᠴᠠᠭ᠎ᠠ ᠶᠢ ᠬᠦᠴᠦᠯᠡᠨ ᠪᠠᠶᠢᠭᠤᠯᠵᠤ᠂ ︽ᠬᠡᠷ ᠪᠦᠯᠢ ᠪᠦᠷᠢ ᠵᠣᠯ ᠵᠢᠷᠭᠠᠯ ᠲᠠᠢ ᠠᠮᠤᠷ ᠠᠮᠤᠭᠤᠯᠠᠩ ᠪᠠᠶᠢᠬᠤ ᠢᠨᠵᠧᠨᠧᠷᠢᠩ︾ ᠢ ᠬᠡᠷᠡᠭᠵᠢᠭᠦᠯᠦᠨ᠂ 10.283 ᠲᠦᠮᠡᠨ ᠡᠷᠦᠬᠡ ᠶᠢ ᠬᠠᠮᠤᠭ ᠤᠨ ᠭᠤᠶᠣ ︵ᠲᠠᠪᠤᠨ ᠰᠠᠶᠢᠨᠲᠠᠶ︶ ᠬᠡᠷ ᠪᠦᠯᠢ ᠪᠠᠷ ᠰᠢᠯᠭᠠᠷᠠᠭᠤᠯᠵᠤ᠂ ᠬᠡᠷ ᠪᠦᠯᠢ ᠶᠢᠨ ᠬᠠᠷᠠᠭᠠᠯᠵᠠᠨ ᠬᠠᠮᠠᠭᠠᠯᠠᠬᠤ ᠴᠢᠳᠠᠪᠤᠷᠢ ᠶᠢ ᠢᠳᠡᠪᠬᠢᠲᠡᠶ ᠪᠠᠷ ᠬᠥᠲᠥᠯᠦᠨ ᠵᠢᠯᠤᠭᠤᠳᠬᠤ ᠪᠠ ᠳᠡᠭᠡᠭᠰᠢᠯᠡᠭᠦᠯᠵᠦ ᠪᠠᠶᠢᠨ᠎ᠠ᠃ ᠰᠤᠷᠭᠠᠭᠤᠯᠢ ᠶᠢᠨ ᠬᠠᠮᠠᠭᠠᠯᠠᠯᠲᠠ ᠶᠢᠨ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠵᠦ᠂ ᠰᠤᠷᠤᠯᠭ᠎ᠠ ᠳᠣᠷᠭᠤᠨ ᠵᠣᠭᠰᠣᠬᠤ ᠶᠢ ᠬᠢᠵᠠᠭᠠᠷᠯᠠᠨ ᠰᠤᠷᠭᠠᠭᠤᠯᠢ ᠳᠤ ᠰᠠᠭᠤᠬᠤ ᠶᠢ ᠪᠠᠲᠤᠯᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ ᠪᠠᠭᠠᠴᠤᠳ ᠤᠨ ᠰᠤᠷᠤᠯᠭ᠎ᠠ ᠵᠣᠭᠰᠤᠬᠤ ᠪᠠᠶᠢᠳᠠᠯ ᠢ ᠢᠯᠡᠳᠲᠡ ᠪᠠᠭᠠᠰᠬᠠᠵᠤ᠂ ᠨᠢᠳᠤᠨᠤᠨ ᠤ ᠠᠳᠠᠯᠢ ᠬᠤᠭᠤᠴᠠᠭᠠᠨ ᠤ 201 ᠬᠥᠮᠦᠨ ᠪᠠᠶᠢᠭᠰᠠᠨ ᠠᠴᠠ ᠪᠠᠨ 104 ᠬᠥᠮᠦᠨ ᠪᠣᠯᠵᠣ ᠪᠠᠭᠤᠷᠠᠪᠠ᠃ ᠪᠥᠬᠦ ᠣᠷᠣᠨ ᠳᠤ ︽ᠡᠷᠡᠭᠦᠯ ᠰᠠᠷᠠᠭᠤᠯ︾ ︽ᠰᠦᠯᠵᠢᠶᠡᠨ ᠳᠡᠭᠡᠷᠡᠬᠢ ᠱᠠᠯᠢᠭ ᠵᠠᠪᠬᠠᠶ ᠵᠦᠢᠯᠡᠰ ᠢ ᠠᠷᠢᠯᠭᠠᠬᠤ ᠪᠠ ᠬᠠᠤᠯᠢ ᠪᠤᠰᠤ ᠬᠡᠪᠯᠡᠯ ᠨᠡᠶᠢᠲᠡᠯᠡᠯ ᠤᠳ ᠲᠤ ᠴᠣᠬᠢᠯᠲᠠ ᠥᠭᠬᠦ︾ ᠵᠡᠷᠭᠡ ᠰᠦᠯᠵᠢᠶ᠎ᠡ ᠶᠢ ᠴᠡᠭᠴᠡᠯᠡᠨ ᠵᠠᠰᠠᠬᠤ ᠠᠯᠢ ᠣᠯᠠᠨ ᠲᠤᠰᠬᠠᠶ ᠠᠵᠢᠯᠯᠠᠭ᠎ᠠ ᠤᠳ ᠥᠷᠨᠢᠭᠦᠯᠦᠭᠡᠳ᠂ ᠬᠠᠤᠯᠢ ᠲᠣᠭᠲᠠᠭᠠᠯ ᠶᠣᠰᠣᠭᠠᠷ 400 ᠭᠠᠷᠤᠶ ᠰᠦᠯᠵᠢᠶᠡᠨ ᠤ ᠥᠷᠲᠡᠭᠡ ᠶᠢ ᠬᠠᠭᠠᠯᠭᠠᠵᠤ ᠬᠦᠴᠦᠨ ᠥᠬᠡᠶ ᠪᠣᠯᠭᠠᠪᠠ᠃      12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠳᠤ ᠲᠦᠰᠢᠭᠯᠡᠨ᠂ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠶᠢ ᠭᠥᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠣᠷᠣᠭᠤᠯᠵᠤ᠂ ᠨᠠᠰᠤᠨ ᠳᠤ ᠥᠯᠥ ᠭᠦᠷᠦᠭᠰᠡᠳ ᠤᠨ  ᠠᠪᠤᠷᠠᠯᠲᠠ ᠲᠤᠰᠠᠯᠠᠯᠲᠠ ᠬᠠᠮᠠᠭᠠᠯᠠᠯᠲᠠ ᠬᠦᠰᠡᠯᠲᠡ ᠬᠦᠰᠡᠬᠦ ᠶᠢ ᠰᠣᠨᠣᠰᠬᠤ ᠬᠥᠮᠦᠨ ᠲᠠᠢ᠂ ᠬᠠᠮᠢᠶᠠᠷᠬᠤ ᠬᠥᠮᠦᠨ ᠲᠠᠢ᠂ ᠡᠷᠲᠡ ᠢᠯᠡᠷᠡᠭᠦᠯᠵᠦ᠂ ᠡᠷᠲᠡ ᠬᠠᠮᠢᠶᠠᠷᠬᠦ ᠶᠢ ᠦᠨᠡᠨ ᠬᠦ ᠪᠠᠲᠤᠯᠠᠨ᠎ᠠ᠃ ᠨᠠᠰᠤᠨ ᠳᠤ ᠥᠯᠥ ᠭᠦᠷᠦᠭᠰᠡᠳ ᠤᠨ ᠡᠷᠬᠡ ᠠᠰᠢᠭ ᠢ ᠬᠠᠮᠠᠭᠠᠯᠠᠬᠤ ᠠᠵᠢᠯ ᠢ ᠠᠮᠤᠷ ᠲᠦᠪᠰᠢᠨ ᠤ ᠪᠠᠶᠢᠭᠤᠯᠤᠯᠲᠠ ᠶᠢᠨ ᠰᠢᠯᠭᠠᠨ ᠦᠨᠡᠯᠡᠬᠦ ᠲᠣᠭᠲᠠᠯᠴᠠᠭ᠎ᠠ ᠳᠤ ᠣᠷᠣᠭᠤᠯᠵᠤ᠂ ᠬᠡᠤᠬᠡᠳ ᠢ ᠮᠡᠬᠡᠯᠡᠨ ᠰᠠᠷᠢᠭᠠᠯᠠᠬᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠬᠦ᠂ ᠵᠠᠯᠠᠭᠤᠴᠤᠳ ᠪᠠᠭᠠᠴᠤᠳ ᠤᠨ ᠬᠠᠤᠯᠢ ᠵᠥᠷᠢᠴᠡᠵᠦ ᠶᠠᠯ᠎ᠠ ᠬᠢᠬᠦ ᠶᠢ ᠰᠡᠷᠭᠡᠶᠢᠯᠡᠬᠦ ᠵᠡᠷᠭᠡ ᠰᠢᠯᠭᠠᠨ ᠦᠨᠡᠯᠡᠬᠦ ᠠᠭᠤᠯᠭ᠎ᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠭᠰᠠᠨ ᠪᠠᠶᠢᠨ᠎ᠠ᠃ ᠪᠥᠬᠦ ᠣᠷᠣᠨ ᠤ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠳ︽ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠤᠨ ᠤᠬᠠᠭᠤᠯᠭ᠎ᠠ ᠶᠢᠨ ᠰᠠᠷ᠎ᠠ︾ ︽ᠬᠠᠤᠯᠢ ᠪᠠᠷ ᠵᠠᠰᠠᠬᠤ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠵᠡᠷᠭᠡ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ 20 ᠭᠠᠷᠤᠶ ᠲᠥᠷᠥᠯ ᠤᠨ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠬᠠᠮᠲᠤᠷᠠᠬᠤ ᠪᠤᠶᠤ ᠲᠤᠰᠠᠭᠠᠷ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠨᠡᠶᠢᠭᠡᠮ ᠢᠶᠠᠷ ᠢᠶᠠᠨ ᠨᠠᠰᠤᠨ ᠳᠤ ᠥᠯᠥ ᠭᠦᠷᠦᠭᠰᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠯ᠎ᠠ᠃   
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ