| 6 ᠳ᠋ᠤᠭᠠᠷ ᠰᠠᠷ᠎ᠠ ᠶᠢᠨ 16 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠳᠤ ᠲᠤᠬᠠᠢ ᠶᠢᠨ | ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 16 ︵ᠴᠦᠮ ᠰᠢᠯᠢ ᠶᠢᠨ ᠭᠤᠣᠯ ᠠᠶᠢᠮᠠᠭ ᠲᠤ ᠪᠠᠶᠢᠵᠤ᠂ ᠡᠪᠡᠳᠴᠢᠨ ᠤ ᠢᠯᠡᠷᠡᠯ ᠦᠭᠡᠢ | ᠬᠠᠯᠳᠠᠪᠤᠷᠢᠯᠠᠭᠳᠠᠭᠴᠢ ᠠᠴᠠ ᠲᠣᠳᠤᠯᠠᠭᠰᠠᠨ ᠡᠪᠡᠳᠴᠢᠨ ᠤ ᠵᠢᠱᠢᠶ᠎ᠡ ᠪᠣᠯᠤᠭᠰᠠᠨ 1 ᠵᠢᠱᠢᠶ᠎ᠡ ᠶᠢ ᠪᠠᠭᠲᠠᠭᠠᠨ᠎ᠠ︶ ᠨᠡᠮᠡᠭᠳᠡᠪᠡ᠃ ᠲᠤᠬᠠᠢ ᠶᠢᠨ ᠭᠠᠵᠠᠷ ᠤᠨ ᠡᠪᠡᠳᠴᠢᠨ ᠤ | ᠢᠯᠡᠷᠡᠯ ᠦᠭᠡᠢ ᠬᠠᠯᠳᠠᠪᠤᠷᠢᠯᠠᠭᠳᠠᠭᠴᠢ 13 ︵ᠴᠦᠮ ᠰᠢᠯᠢ ᠶᠢᠨ ᠭᠤᠣᠯ ᠠᠶᠢᠮᠠᠭ ᠲᠤ ᠪᠤᠢ︶ ᠨᠡᠮᠡᠭᠳᠡᠵᠡᠢ᠃ ᠲᠤᠬᠠᠢ ᠶᠢᠨ ᠭᠠᠵᠠᠷ ᠤᠨ ᠲᠣᠳᠤᠯᠠᠭᠰᠠᠨ 4 | ᠡᠪᠡᠳᠴᠢᠨ ᠤ ᠵᠢᠱᠢᠶ᠎ᠡ ᠢᠯᠡᠷᠢᠰᠢᠵᠦ ᠡᠮᠨᠡᠯᠭᠡ ᠠᠴᠠ ᠭᠠᠷᠪᠠ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ 2 ᠬᠠᠯᠳᠠᠪᠤᠷᠢᠯᠠᠭᠳᠠᠭᠴᠢ ᠶᠢ ᠠᠨᠠᠭᠠᠬᠤ | ᠤᠬᠠᠭᠠᠨ ᠤ ᠠᠵᠢᠭᠯᠠᠯᠲᠠ ᠠᠴᠠ ᠭᠠᠷᠭᠠᠵᠠᠢ᠂ ᠡᠭᠦᠨ ᠳᠤ ᠬᠥᠬᠡᠬᠤᠲᠠ ᠶᠢᠨ 1 ᠬᠠᠯᠳᠠᠪᠤᠷᠢᠯᠠᠭᠳᠠᠭᠴᠢ ᠂ ᠤᠯᠠᠭᠠᠨᠴᠠᠪ ᠬᠤᠲᠠ ᠶᠢᠨ 1 ᠬᠠᠯᠳᠠᠪᠤᠷᠢᠯᠠᠭᠳᠠᠭᠴᠢ ᠃ | 6 ᠳ᠋ᠤᠭᠠᠷ ᠰᠠᠷ᠎ᠠ ᠶᠢᠨ 16 ᠤ ᠡᠳᠦᠷ ᠤᠨ 24 ᠴᠠᠭ ᠪᠣᠯᠲᠠᠯ᠎ᠠ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠳᠤ ᠣᠳᠤ ᠲᠤᠬᠠᠢ ᠶᠢᠨ ᠭᠠᠵᠠᠷ ᠤᠨ | ᠲᠣᠳᠤᠯᠠᠭᠰᠠᠨ ᠡᠪᠡᠳᠴᠢᠨ ᠤ ᠵᠢᠱᠢᠶ᠎ᠡ 314 ᠪᠠᠶᠢᠵᠤ᠂ ᠡᠭᠦᠨ ᠳᠤ ᠲᠦᠩᠯᠢᠶᠣᠣ ᠬᠤᠲᠠ ᠳᠤ 1᠂ ᠤᠯᠠᠭᠠᠨᠬᠠᠳᠠ ᠬᠤᠲᠠ ᠳᠤ 62᠂ ᠰᠢᠯᠢ ᠶᠢᠨ ᠭᠤᠣᠯ | ᠠᠶᠢᠮᠠᠭ ᠲᠤ 251 ᠪᠤᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 284 ᠪᠠᠶᠢᠵᠤ᠂ ᠡᠭᠦᠨ ᠳᠤ ᠬᠦᠬᠡᠬᠤᠳᠠ ᠳᠤ 3᠂ | ᠲᠦᠩᠯᠢᠶᠣᠣ ᠬᠤᠲᠠ ᠳᠤ 1᠂ ᠤᠯᠠᠭᠠᠨᠬᠠᠳᠠ ᠬᠤᠲᠠ ᠳᠤ 6᠂ ᠰᠢᠯᠢ ᠶᠢᠨ ᠭᠤᠣᠯ ᠠᠶᠢᠮᠠᠭ ᠲᠤ 274 ᠪᠤᠢ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ | ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 3 ︵ᠴᠦᠮ ᠬᠦᠬᠡᠬᠤᠳᠠ ᠳᠤ︶ ᠪᠤᠢ᠃ ᠪᠦᠬᠦᠨ ᠢ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ | ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠦᠮ ᠲᠣᠭᠲᠠᠭᠰᠠᠨ ᠲᠠᠯᠠᠪᠤᠷ ᠲᠤ ᠲᠦᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ | ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃ |