| | | 6 ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠬᠥᠯᠥᠨ ᠪᠣᠶᠢᠷ ᠬᠤᠲᠠ ᠶᠢᠨ ᠬᠥᠯᠥᠨ | ᠨᠠᠭᠤᠷ ᠲᠤ ᠬᠦᠷᠴᠦ᠂ ᠨᠠᠭᠤᠷ ᠢᠶᠠᠷ ᠲᠤᠭᠤᠷᠢᠨ ᠶᠠᠷᠦᠩᠬᠡᠶᠢᠯᠡᠭᠰᠡᠨ ᠵᠠᠰᠠᠯᠲᠠ ᠪᠠ ᠠᠮᠢ ᠠᠬᠤᠢ ᠶᠢᠨ ᠬᠠᠮᠠᠭᠠᠯᠠᠯᠲᠠ ᠶᠢᠨ ᠪᠠᠶᠢᠳᠠᠯ ᠢ ᠪᠠᠶᠢᠴᠠᠭᠠᠨ ᠦᠵᠡᠪᠡ᠃ | ᠰᠤᠷᠪᠤᠯᠵᠢᠯᠠᠭᠴᠢ ᠶᠤᠸᠠᠨ ᠶᠦᠩ ᠬᠤᠩ ᠰᠡᠭᠦᠳᠡᠷᠯᠡᠪᠡ | | | 6 ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠬᠥᠯᠥᠨ ᠪᠣᠶᠢᠷ ᠬᠤᠲᠠ ᠶᠢᠨ | ᠬᠠᠭᠤᠴᠢᠨ ᠪᠠᠷᠭᠤ ᠬᠤᠰᠢᠭᠤᠨ ᠤ ᠭᠢᠶᠠᠭ ᠡᠪᠡᠰᠦ ᠶᠢᠨ ᠦᠷᠡᠵᠢᠯ ᠢ ᠦᠷᠭᠡᠳᠭᠡᠬᠦ ᠰᠠᠭᠤᠷᠢᠨ ᠳᠤ ᠪᠠᠶᠢᠴᠠᠭᠠᠨ ᠰᠤᠳᠤᠯᠤᠯᠲᠠ ᠬᠢᠪᠡ᠃ | ᠰᠤᠷᠪᠤᠯᠵᠢᠯᠠᠭᠴᠢ ᠶᠤᠸᠠᠨ ᠶᠦᠩ ᠬᠤᠩ ᠰᠡᠭᠦᠳᠡᠷᠯᠡᠪᠡ | 6 ᠰᠠᠷ᠎ᠠ ᠶᠢᠨ 17 ᠠᠴᠠ 19 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠬᠥᠯᠥᠨ ᠪᠣᠶᠢᠷ | ᠬᠤᠲᠠ ᠳᠤ ᠭᠦᠨᠵᠡᠭᠡᠶᠢᠷᠡᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠪᠠᠶᠢᠴᠠᠭᠠᠨ ᠰᠤᠳᠤᠯᠪᠠ᠃ | ᠰᠦᠨ ᠱᠤᠤ ᠴᠧᠩ ᠣᠩᠭᠤᠴᠠᠨ ᠳᠤ ᠰᠠᠭᠤᠵᠤ ᠬᠥᠯᠥᠨ ᠨᠠᠭᠤᠷ ᠤᠨ ᠠᠮᠢ ᠠᠬᠤᠢ ᠶᠢᠨ ᠵᠠᠰᠠᠯᠲᠠ ᠶᠢᠨ ᠪᠠᠶᠢᠳᠠᠯ ᠢ ᠲᠣᠭᠤᠷᠢᠨ ᠪᠠᠶᠢᠴᠠᠭᠠᠵᠤ᠂ ᠶᠡᠷᠦᠩᠬᠡᠢ | ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠨᠠᠶᠢᠳᠠᠪᠤᠷᠢᠵᠢᠭᠤᠯᠵᠤ᠂ ᠪᠣᠳᠠᠲᠠᠢ ᠠᠴᠠ ᠡᠭᠦᠰᠦᠨ ᠬᠠᠮᠠᠭᠠᠯᠠᠯᠲᠠ ᠵᠠᠰᠠᠯᠲᠠ ᠶᠢ | ᠴᠢᠩᠭᠠᠳᠬᠠᠵᠤ᠂ ᠲᠦᠷᠦᠯ ᠵᠦᠢᠯ ᠢ ᠬᠡᠷᠡᠭᠵᠢᠭᠦᠯᠬᠦ ᠪᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠤᠯᠠᠷᠠᠭᠤᠯᠤᠯ ᠦᠭᠡᠢ ᠴᠢᠩᠭ᠎ᠠ ᠠᠳᠬᠤᠵᠤ᠂ ᠡᠷᠬᠢᠨ | ᠲᠣᠭᠤᠷᠢᠨ ᠤ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠦᠪᠡᠷ ᠤᠨ ᠦᠷᠲᠡᠭ ᠢᠶᠠᠷ ᠬᠠᠮᠤᠭ ᠤᠨ ᠲᠤᠤᠷ᠎ᠡ | ᠠᠷᠭ᠎ᠠ ᠬᠡᠯᠪᠡᠷᠢ ᠪᠠᠷ ᠬᠠᠮᠤᠭ ᠤᠨ ᠰᠠᠶᠢᠨ ᠵᠠᠰᠠᠯᠲᠠ ᠶᠢᠨ ᠦᠷ᠎ᠡ ᠪᠦᠲᠦᠮᠵᠢ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠵᠠᠬᠢᠪᠠ᠃ ᠰᠦᠨ ᠱᠤᠤ ᠴᠧᠩ ᠲᠠᠯ᠎ᠠ | ᠨᠤᠲᠤᠭ ᠲᠤ ᠬᠦᠨᠵᠡᠬᠡᠶᠢᠷᠡᠨ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠢ ᠰᠢᠨᠵᠢᠯᠡᠨ ᠪᠠᠶᠢᠴᠠᠭᠠᠵᠤ᠂ ᠡᠷᠦᠬᠡ ᠳᠤ ᠬᠦᠷᠴᠦ ᠮᠠᠯᠴᠢᠳ ᠤᠨ ᠦᠢᠯᠡᠳᠪᠦᠷᠢᠯᠡᠯ | ᠠᠮᠢᠳᠤᠷᠠᠯ ᠤᠨ ᠪᠠᠶᠢᠳᠠᠯ ᠢ ᠣᠶᠢᠯᠠᠭᠠᠪᠠ᠃ ᠲᠡᠷᠡ᠂ ᠬᠥᠯᠥᠨ ᠪᠣᠶᠢᠷ ᠲᠤ ᠠᠪᠴᠤ ᠬᠡᠯᠡᠪᠡᠯ᠂ ᠬᠥᠬᠡᠮᠳᠦᠭ ᠨᠣᠭᠤᠭᠠᠨ ᠠᠭᠤᠯᠠ ᠤᠰᠤ ᠶᠢ ᠰᠠᠶᠢᠲᠤᠷ ᠬᠠᠮᠠᠭᠠᠯᠠᠬᠤ ᠠᠴᠠ | ᠨᠠᠩ ᠴᠢᠬᠤᠯᠠ ᠶᠠᠪᠤᠳᠠᠯ ᠭᠡᠵᠦ ᠥᠬᠡᠶ᠂ ᠡᠨᠡ ᠬᠦ ᠨᠣᠮᠢᠨ ᠨᠣᠭᠤᠭᠠᠨ ᠡᠷᠳᠡᠨᠢᠳᠦ ᠰᠠᠶᠢᠬᠠᠨ ᠨᠤᠲᠤᠭ ᠢᠶᠠᠨ ᠵᠠᠪᠠᠯ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠶ᠃ ᠬᠢᠶᠠᠭ | ᠡᠪᠡᠰᠦ ᠶᠢᠨ ᠦᠷᠡᠵᠢᠯ ᠢ ᠥᠷᠭᠡᠳᠭᠡᠬᠦ ᠮᠡᠲᠦ ᠶᠢᠨ ᠠᠰᠢᠭᠲᠠᠢ ᠠᠴᠠ ᠪᠢᠰᠢ ᠬᠦᠨᠦᠭᠡᠯ ᠦᠭᠡᠢ᠂ ᠨᠢᠭᠡ ᠶᠠᠪᠤᠳᠠᠯ ᠢᠶᠠᠷ ᠤᠯᠠᠨ ᠲᠠᠯ᠎ᠠ ᠶᠢᠨ ᠠᠰᠢᠭ ᠬᠦᠷᠳᠡᠬᠦ ᠶᠠᠪᠤᠳᠠᠯ ᠢ | ᠪᠤᠯ ︽ᠶᠡᠭᠡ ᠪᠠᠷ ᠬᠢᠵᠦ ᠲᠦᠷᠭᠡᠨ ᠬᠦᠳᠡᠯᠦᠯᠴᠡᠵᠦ︾᠂ ᠡᠷᠲᠡᠬᠡᠨ ᠦᠷ᠎ᠡ ᠪᠦᠲᠦᠮᠵᠢ ᠤᠯᠬᠤ ᠪᠠᠷ ᠴᠢᠷᠮᠠᠶᠢᠬᠤ ᠬᠡᠷᠡᠭᠲᠡᠢ ᠭᠡᠵᠡᠢ᠃ | ᠰᠦᠨ ᠱᠤᠤ ᠴᠧᠩ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ᠃ ᠲᠡᠷᠡ᠂ ᠥᠪᠥᠷ ᠮᠣᠩᠭᠤᠯ ᠤᠨ ᠠᠮᠢ ᠠᠬᠤᠢ ᠣᠷᠴᠢᠨ ᠲᠣᠭᠤᠷᠢᠨ ᠢ ᠰᠠᠶᠢᠲᠤᠷ | ᠬᠠᠮᠠᠭᠠᠯᠠᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠵᠢᠭᠠᠪᠤᠷᠢ᠂ ᠨᠠᠮ ᠤᠨ ᠲᠥᠪ ᠬᠤᠷᠢᠶᠠᠨ ᠤ ᠱᠠᠭᠠᠷᠳᠠᠯᠭ᠎ᠠ᠂ ᠤᠯᠤᠰ ᠤᠨ ᠠᠰᠢᠭ ᠲᠤᠰᠠ ᠮᠥᠷᠳᠡᠭᠡᠨ ᠠᠷᠠᠳ | ᠤᠯᠠᠨ ᠤ ᠬᠦᠰᠡᠯ ᠡᠷᠡᠮᠡᠯᠵᠡᠯ ᠮᠥᠨ᠂ ᠪᠢᠳᠡᠨ ᠤ ᠵᠠᠶᠢᠯᠠᠭᠤᠯᠵᠤ ᠪᠣᠯᠤᠰᠢ ᠦᠭᠡᠢ ᠬᠠᠷᠢᠭᠤᠴᠠᠯᠭ᠎ᠠ ᠮᠥᠨ᠃ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ | ᠪᠣᠯᠤᠨ ᠠᠵᠤ ᠠᠬᠤᠢ ᠶᠢᠨ ᠬᠥᠭᠵᠢᠯᠲᠡ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠬᠥᠬᠡᠮᠳᠦᠭ ᠨᠣᠭᠤᠭᠠᠨ ᠠᠭᠤᠯᠠ ᠤᠰᠤ ᠶᠢ ᠠᠯᠳᠠ ᠮᠥᠩᠭᠦᠨ ᠠᠭᠤᠯᠠ | ᠪᠣᠯᠭᠠᠨ ᠬᠤᠪᠢᠷᠠᠭᠤᠯᠬᠤ ᠴᠢᠳᠠᠪᠤᠷᠢ ᠶᠢ ᠴᠢᠷᠮᠠᠶᠢᠨ ᠡᠵᠡᠮᠰᠢᠬᠦ ᠬᠡᠷᠡᠭᠲᠡᠢ᠃ ᠲᠥᠯᠥᠪᠵᠢᠭᠦᠯᠭᠡ ᠶᠢᠨ ᠨᠠᠶᠢᠳᠠᠪᠤᠷᠢᠵᠢᠭᠤᠯᠤᠯᠲᠠ ᠶᠢ ᠤᠷᠳᠤ ᠬᠤᠭᠤᠴᠠᠭ᠎ᠠ ᠪᠠᠷ ᠴᠦᠬᠦᠷᠡᠰᠢ | ᠦᠭᠡᠢ ᠰᠠᠶᠢᠲᠤᠷ ᠠᠳᠬᠤᠵᠤ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠳᠠ ᠠᠴᠠ ᠬᠠᠷᠢᠭᠤ ᠲᠤᠰᠬᠠᠭᠰᠠᠨ | ᠠᠰᠠᠭᠤᠳᠠᠯ ᠢ ᠡᠷᠡᠰ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠬᠢᠨᠠᠨ ᠰᠢᠯᠭᠠᠬᠤ ᠠᠵᠢᠯ ᠤᠨ ᠵᠢᠯᠤᠭᠤᠳᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ | ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠵᠤ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷᠲᠤ | ᠴᠢᠨᠠᠷ ᠰᠠᠨᠠᠭᠠᠴᠢᠯᠠᠭᠠᠲᠤ ᠴᠢᠨᠠᠷ ᠢ ᠨᠢ ᠴᠢᠩᠭᠠᠳᠬᠠᠬᠤ ᠬᠡᠷᠡᠭᠲᠡᠢ ᠭᠡᠵᠠᠢ᠃ | ᠪᠠᠶᠢᠴᠠᠭᠠᠨ ᠰᠤᠳᠤᠯᠬᠤ ᠬᠤᠭᠤᠴᠠᠭᠠᠨ ᠳᠤ᠂ ᠰᠦᠨ ᠱᠤᠤ ᠴᠧᠩ ᠪᠠᠰᠠ ᠮᠠᠨᠵᠤᠤᠷ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠬᠦ᠂ ᠪᠣᠭᠤᠮᠲᠠ ᠪᠠᠷ | ᠨᠡᠪᠳᠡᠷᠡᠬᠦ ᠶᠢ ᠪᠠᠲᠤᠯᠠᠬᠤ ᠠᠵᠢᠯ ᠢ ᠰᠢᠨᠵᠢᠯᠡᠨ ᠪᠠᠶᠢᠴᠠᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠢᠷᠭᠤᠳᠤᠭᠠᠷ ᠶᠡᠭᠡ ᠬᠤᠷᠠᠯ ᠤᠨ ᠦᠵᠡᠰᠭᠦᠯᠡᠩ ᠤᠨ | ᠣᠷᠳᠣᠨ ᠢᠶᠠᠷ ᠲᠣᠭᠤᠷᠢᠨ ᠦᠵᠡᠵᠦ᠂ ᠥᠪᠥᠷ ᠮᠣᠩᠭᠤᠯ ᠤᠨ ᠮᠥᠰᠥᠨ ᠳᠡᠭᠡᠷᠡᠬᠢ ᠲᠡᠮᠢᠷ ᠤᠨ ᠬᠥᠳᠡᠯᠭᠡᠭᠡᠨ ᠤ ᠪᠣᠯᠪᠠᠰᠤᠷᠠᠯ ᠤᠨ ᠲᠥᠪ ᠲᠤ ᠭᠦᠨᠵᠡᠭᠡᠶᠢᠷᠡᠨ | ᠪᠠᠶᠢᠴᠠᠭᠠᠨ ᠰᠤᠳᠤᠯᠵᠡᠢ᠃ | ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠦᠢ ᠯᠢ ᠰᠢᠨ ᠠᠵᠢᠯᠯᠠᠭ᠎ᠠ ᠳᠤ ᠣᠷᠣᠯᠴᠠᠪᠠ᠃ |