6 ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠨ᠎ᠡ ᠡᠨᠧᠷᠭᠢ ᠶᠢᠨ ᠬᠦᠨᠳᠦ ᠬᠡᠯᠪᠡᠷᠢ ᠶᠢᠨ ᠠᠴᠢᠶᠠᠨ ᠤ ᠮᠠᠰᠢᠨ ᠲᠡᠷᠭᠡᠨ ᠤ ᠠᠵᠤ | ᠦᠢᠯᠡᠰ ᠤᠨ ᠬᠥᠭᠵᠢᠯᠲᠡ ᠶᠢᠨ ᠶᠡᠭᠡ ᠬᠤᠷᠠᠯ ᠪᠸᠢ ᠪᠧᠨ ᠬᠦᠨᠳᠦ ᠬᠡᠯᠪᠡᠷᠢ ᠶᠢᠨ ᠮᠠᠰᠢᠨ ᠲᠡᠷᠭᠡᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠳᠤ ᠬᠤᠷᠠᠯᠳᠤᠪᠠ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠶ ᠯᠢ ᠬᠤᠸᠠ᠂ ᠳᠤᠮᠳᠠᠳᠤ ᠤᠯᠤᠰ ᠤᠨ ᠴᠡᠷᠢᠭ ᠤᠨ ᠵᠡᠪᠰᠡᠭ ᠤᠨ ᠠᠵᠤ ᠦᠶᠯᠡᠳᠪᠦᠷᠢ ᠶᠢᠨ | ᠪᠦᠯᠦᠭᠯᠡᠯ ᠤᠨ ᠶᠡᠷᠦᠩᠬᠡᠶ ᠳᠠᠭᠠᠭᠠᠮᠠᠯ᠂ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠯᠢᠦ ᠳ᠋ᠡ ᠱᠠᠨ ᠶᠠᠷᠢᠶ᠎ᠠ ᠲᠠᠯᠪᠢᠪᠠ᠃ | ᠲᠣᠰ ᠤᠳᠠᠭᠠᠨ ᠤ ᠰᠢᠨ᠎ᠡ ᠡᠨᠧᠷᠭᠢ ᠶᠢᠨ ᠬᠦᠨᠳᠦ ᠬᠡᠯᠪᠡᠷᠢ ᠶᠢᠨ ᠠᠴᠢᠶᠠᠨ ᠤ ᠮᠠᠰᠢᠨ ᠲᠡᠷᠭᠡᠨ ᠤ ᠠᠵᠤ ᠦᠶᠯᠡᠰ ᠤᠨ ᠬᠥᠭᠵᠢᠯᠲᠡ ᠶᠢᠨ ᠶᠡᠭᠡ ᠬᠤᠷᠠᠯ ᠳᠡᠭᠡᠷ᠎ᠠ | 7319 ᠰᠢᠨ᠎ᠡ ᠡᠨᠧᠷᠭᠢ ᠶᠢᠨ ᠬᠦᠨᠳᠦ ᠬᠡᠯᠪᠡᠷᠢ ᠶᠢᠨ ᠠᠴᠢᠶᠠᠨ ᠤ ᠮᠠᠰᠢᠨ ᠲᠡᠷᠭᠡ ᠶᠢᠨ ᠰᠠᠨᠠᠮᠵᠢ ᠶᠢᠨ ᠭᠡᠷ᠎ᠡ ᠲᠤᠬᠳᠠᠪᠠ᠃ ᠬᠤᠷᠠᠯ ᠳᠡᠭᠡᠷ᠎ᠡ᠂ ᠴᠢᠩᠱᠠᠨ | ᠲᠣᠭᠤᠷᠢᠭ ᠤᠨ ᠵᠠᠰᠠᠭ ᠤᠨ ᠣᠷᠳᠣᠨ 14 ᠠᠵᠤ ᠠᠬᠤᠶᠢᠯᠠᠯ ᠲᠠᠢ ᠰᠢᠨ᠎ᠡ ᠡᠨᠧᠷᠭᠢ ᠶᠢᠨ ᠬᠦᠨᠳᠦ ᠬᠡᠯᠪᠡᠷᠢ ᠶᠢᠨ ᠠᠴᠢᠶᠠᠨ ᠤ ᠮᠠᠰᠢᠨ ᠲᠡᠷᠭᠡᠨ ᠤ ᠠᠵᠤ ᠦᠶᠯᠡᠰ ᠤᠨ | ᠬᠡᠯᠬᠢᠶ᠎ᠡ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠪᠠ᠃ ᠪᠸᠢ ᠪᠧᠨ ᠬᠦᠨᠳᠦ ᠬᠡᠯᠪᠡᠷᠢ ᠶᠢᠨ ᠠᠴᠢᠶᠠᠨ ᠤ ᠮᠠᠰᠢᠨ ᠲᠡᠷᠭᠡᠨ ᠤ ᠺᠣᠮᠫᠠᠨᠢ 8 ᠠᠵᠤ | ᠠᠬᠤᠶᠢᠯᠠᠯ ᠲᠠᠢ ᠪᠤᠬᠢᠷᠳᠤᠯ ᠦᠭᠡᠢ ᠮᠥᠩᠭᠦᠨ ᠭᠦᠶᠯᠭᠡᠭᠡᠨ ᠤ ᠳᠡᠮᠵᠢᠯᠭᠡ ᠶᠢᠨ ᠵᠦᠪᠯᠡᠯᠴᠡᠭᠡᠷ ᠲᠣᠭᠲᠠᠵᠤ᠂ 20 ᠠᠵᠤ ᠠᠬᠤᠶᠢᠯᠠᠯ ᠲᠠᠢ ᠰᠢᠨ᠎ᠡ ᠡᠨᠧᠷᠭᠢ ᠶᠢᠨ ᠬᠦᠨᠳᠦ | ᠬᠡᠯᠪᠡᠷᠢ ᠶᠢᠨ ᠠᠴᠢᠶᠠᠨ ᠤ ᠮᠠᠰᠢᠨ ᠲᠡᠷᠭᠡ ᠶᠢ ᠲᠥᠪᠯᠡᠷᠡᠭᠦᠯᠦᠨ ᠬᠤᠳᠠᠯᠳᠤᠨ ᠠᠪᠬᠤ ᠭᠡᠷ᠎ᠡ ᠲᠣᠭᠲᠠᠭᠰᠠᠨ ᠪᠥᠭᠡᠳ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠳᠤ | ᠴᠠᠬᠢᠯᠭᠠᠨ ᠬᠥᠳᠡᠯᠭᠡᠭᠦᠷᠲᠦ ᠬᠦᠨᠳᠦ ᠬᠡᠯᠪᠡᠷᠢ ᠶᠢᠨ ᠠᠴᠢᠶᠠᠨ ᠤ ᠮᠠᠰᠢᠨ ᠲᠡᠷᠭᠡ ᠪᠠ ᠮᠠᠰᠢᠨ ᠲᠡᠷᠭᠡᠨ ᠤ ᠬᠡᠢ ᠭᠠᠳᠠᠭᠰᠢᠯᠠᠭᠤᠯᠬᠤ ᠪᠠᠷᠢᠮᠵᠢᠶ᠎ᠡ ᠨᠢ ᠤᠯᠤᠰ ᠤᠨ ᠮᠠᠰᠢᠨ | ᠲᠡᠷᠭᠡᠨ ᠤ ᠬᠡᠢ ᠭᠠᠳᠠᠭᠰᠢᠯᠠᠭᠤᠯᠬᠤ ᠪᠠᠷᠢᠮᠵᠢᠶ᠎ᠡ ᠶᠢᠨ ᠵᠢᠷᠭᠤᠳᠤᠭᠠᠷ ᠱᠠᠲᠤᠨ ᠤ ᠲᠤᠭᠲᠠᠭᠠᠯ ᠤᠨ ᠱᠠᠭᠠᠷᠳᠠᠯᠭ᠎ᠠ ᠳᠤ ᠬᠦᠷᠦᠭᠰᠡᠨ ᠬᠦᠨᠳᠦ ᠬᠡᠯᠪᠡᠷᠢ ᠶᠢᠨ ᠠᠴᠢᠶᠠᠨ ᠤ | ᠮᠠᠰᠢᠨ ᠲᠡᠷᠭᠡ ᠶᠢ ᠪᠥᠭᠡᠮ ᠢᠶᠠᠷ ᠲᠤᠰᠢᠶᠠᠬᠤ ᠪᠠᠷ ᠪᠤᠯᠪᠠ᠃ ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ᠪᠤᠭᠤᠲᠤ ᠬᠤᠲᠠ ᠶᠢᠨ ᠪᠠᠷᠠᠭᠤᠨ ᠬᠡᠰᠡᠭ ᠤᠨ ᠡᠬᠡ | ᠬᠠᠭᠤᠷᠠᠶ ᠶᠢᠨ ᠭᠠᠷᠠᠮ ᠳᠤ ︽ᠰᠢᠨ᠎ᠡ ᠡᠨᠧᠷᠭᠢ + ᠲᠠᠷᠠᠬᠠᠶ ᠪᠤᠲᠠᠷᠬᠠᠶ ᠪᠠᠷ ᠲᠡᠬᠡᠬᠡᠪᠦᠷᠢᠯᠡᠵᠤ ᠪᠠᠶᠢᠬᠰᠠᠨ ᠢ ᠴᠢᠩᠬᠡᠯᠢᠭ ᠲᠤ ᠰᠠᠪᠠᠯᠠᠵᠤ ᠲᠡᠬᠡᠬᠡᠪᠦᠷᠢᠯᠡᠬᠦ ᠪᠤᠯᠭᠠᠨ | ᠦᠬᠡᠷᠡᠴᠢᠯᠡᠬᠦ︾ ᠲᠥᠷᠥᠯ ᠵᠦᠶᠯ ᠤᠨ ᠪᠤᠳᠠᠳᠠᠢ ᠦᠵᠡᠭᠦᠯᠭᠡ ᠶᠢ ᠲᠣᠭᠤᠷᠢᠨ ᠦᠵᠡᠪᠡ᠃ | ᠠᠶ ᠯᠢ ᠬᠤᠸᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠮᠦᠨ᠎ᠡ ᠠᠴᠠ ᠥᠷᠭᠡᠨ ᠣᠯᠠᠨ ᠠᠵᠤ ᠠᠬᠤᠶᠢᠯᠠᠯᠲᠠᠨ ᠤ ᠥᠪᠥᠷ ᠮᠣᠩᠭᠤᠯ ᠳᠤ | ᠪᠠᠯᠠ ᠣᠷᠣᠭᠤᠯᠤᠨ ᠦᠶᠯᠡᠰ ᠬᠥᠭᠵᠢᠭᠦᠯᠦᠭᠰᠡᠨ ᠪᠠ ᠰᠢᠨ᠎ᠡ ᠡᠨᠧᠷᠭᠢ ᠶᠢᠨ ᠬᠦᠨᠳᠦ ᠬᠡᠯᠪᠡᠷᠢ ᠶᠢᠨ ᠠᠴᠢᠶᠠᠨ ᠤ ᠮᠠᠰᠢᠨ ᠲᠡᠷᠭᠡᠨ ᠤ ᠠᠵᠤ ᠦᠶᠯᠡᠰ ᠤᠨ ᠬᠥᠭᠵᠢᠯᠲᠡ ᠶᠢ | ᠳᠡᠮᠵᠢᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠭᠡᠵᠦ᠂ ᠳᠤᠮᠳᠠᠳᠤ ᠤᠯᠤᠰ ᠤᠨ ᠴᠡᠷᠢᠭ ᠤᠨ ᠵᠡᠪᠰᠡᠭ ᠤᠨ ᠠᠵᠤ ᠦᠶᠯᠡᠳᠪᠦᠷᠢ ᠶᠢᠨ ᠪᠦᠯᠦᠭᠯᠡᠯ ᠤᠨ ᠬᠢᠨ ᠣᠷᠳᠣ | ᠬᠤᠭᠤᠴᠠᠭᠠᠨ ᠤ ᠲᠤᠷᠰᠢ ᠥᠪᠥᠷ ᠮᠣᠩᠭᠤᠯ ᠤᠨ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠳᠤ ᠬᠤᠪᠢ ᠨᠡᠮᠡᠷᠢ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ | ᠢᠯᠡᠳᠭᠡᠪᠡ᠃ ᠲᠡᠷᠡ᠂ ᠢᠷᠡᠭᠡᠳᠦᠢ ᠪᠠᠨ ᠪᠠᠷᠠᠯᠠᠬᠤᠶ᠎ᠠ᠂ ᠪᠢᠳᠡ ᠳᠤᠷᠠᠲᠠᠶ᠎ᠠ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠡᠬᠢᠨ ᠤ ᠪᠠ ᠡᠴᠦᠰ ᠤᠨ | ᠬᠡᠯᠬᠢᠶᠡᠨ ᠤ ᠬᠠᠮᠲᠤᠷᠠᠯᠴᠠᠭᠠᠨ ᠤ ᠬᠠᠨᠢᠲᠠᠨ ᠲᠠᠢ ᠬᠠᠮᠲᠤ ᠪᠠᠷ᠂ ᠰᠢᠨ᠎ᠡ ᠡᠨᠧᠷᠭᠢ ᠶᠢᠨ ᠬᠦᠨᠳᠦ ᠬᠡᠯᠪᠡᠷᠢ ᠶᠢᠨ ᠠᠴᠢᠶᠠᠨ ᠤ ᠮᠠᠰᠢᠨ ᠲᠡᠷᠭᠡ ᠵᠡᠷᠭᠡ ᠬᠦᠷᠢᠶᠡᠨ ᠳᠤ ᠣᠷᠣᠨ | ᠨᠤᠲᠤᠭ ᠪᠠ ᠠᠵᠤ ᠠᠬᠤᠶᠢᠯᠠᠯ ᠤᠨ ᠳᠠᠪᠠᠭᠤᠯᠢᠭ ᠡᠬᠢ ᠪᠠᠶᠠᠯᠢᠭ ᠢ ᠲᠥᠪᠯᠡᠷᠡᠭᠦᠯᠵᠦ᠂ ᠣᠷᠣᠨ ᠨᠤᠲᠤᠭ ᠪᠠ ᠠᠵᠤ ᠠᠬᠤᠶᠢᠯᠠᠯ ᠤᠨ ᠬᠠᠮᠲᠤᠷᠠᠯᠴᠠᠭᠠᠨ ᠤ ᠣᠷᠣᠨ | ᠵᠠᠢ ᠶᠢ ᠥᠷᠭᠡᠳᠭᠡᠵᠦ᠂ ᠰᠢᠨ᠎ᠡ ᠡᠨᠧᠷᠭᠢ ᠶᠢᠨ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠪᠦᠷᠢᠨ ᠠᠵᠤ ᠦᠢᠯᠡᠰ ᠤᠨ ᠬᠡᠯᠬᠢᠶ᠎ᠡ ᠲᠠᠢ ᠠᠵᠤ ᠦᠢᠯᠡᠰ ᠤᠨ | ᠪᠦᠯᠦᠭᠵᠢᠯ ᠢ ᠲᠦᠷᠭᠡᠳᠭᠡᠨ ᠪᠦᠷᠢᠯᠳᠦᠭᠦᠯᠵᠦ᠂ ᠠᠵᠤ ᠠᠬᠤᠢ ᠶᠢᠨ ᠬᠥᠭᠵᠢᠯᠲᠡ ᠳᠤ ᠪᠦᠬᠦ ᠬᠦᠴᠦ ᠪᠠᠷ ᠢᠶᠠᠨ ᠦᠢᠯᠡᠴᠢᠯᠡᠨ᠎ᠡ ᠭᠡᠪᠡ᠃ | |