ᠴᠠᠭ ᠠᠭᠤᠷ ᠪᠠ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠭᠠᠩ ᠬᠠᠭᠰᠠᠷᠠᠭᠠᠨ ᠤ ᠭᠠᠮᠰᠢᠭ ᠤᠨ ᠰᠡᠷᠡᠮᠵᠢᠯᠡᠭᠦᠯᠦᠯ ᠨᠡᠶᠢᠲᠡᠯᠡᠵᠠᠢ | 6 ᠰᠠᠷ᠎ᠠ ᠶᠢᠨ 18 ᠤ ᠡᠳᠦᠷ᠂ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ | ᠵᠢᠯᠣᠭᠤᠳᠬᠤ ᠭᠠᠵᠠᠷ ᠠᠴᠠ ᠣᠶᠢᠯᠠᠭᠠᠭᠰᠠᠨ ᠢᠶᠠᠷ᠂ ᠤᠰᠤᠨ ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠢ᠂ ᠴᠠᠭ ᠠᠭᠤᠷ ᠪᠣᠯᠤᠨ ᠪᠠᠴᠢᠮ ᠪᠠᠶᠢᠳᠠᠯ ᠢ | ᠠᠷᠭᠠᠴᠡᠭᠠᠬᠤ ᠵᠡᠷᠭᠡ ᠰᠠᠯᠠᠭ᠎ᠠ ᠮᠥᠴᠢᠷ ᠤᠨ ᠬᠢᠨ ᠵᠥᠪᠳᠡᠯᠴᠡᠵᠦ ᠰᠤᠳᠤᠯᠤᠨ ᠮᠠᠭᠠᠳᠯᠠᠬᠤ ᠪᠠᠷ ᠳᠠᠮᠵᠢᠨ᠂ ᠥᠪᠡᠷᠲᠡᠭᠡᠨ ᠵᠠᠰᠠᠬᠤ ᠣᠷᠣᠨ ᠤ ᠦᠶᠡᠷ ᠢ ᠰᠡᠷᠭᠡᠶᠢᠯᠡᠵᠦ | ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠵᠢᠯᠣᠭᠤᠳᠬᠤ ᠭᠠᠵᠠᠷ 2022 ᠣᠨ ᠤ 6 ᠰᠠᠷ᠎ᠠ ᠶᠢᠨ 17 ᠤ ᠡᠳᠦᠷ ᠤᠨ 16 ᠴᠠᠭ ᠠᠴᠠ ᠡᠬᠢᠯᠡᠨ ᠥᠪᠡᠷᠲᠡᠭᠡᠨ | ᠵᠠᠰᠠᠬᠤ ᠣᠷᠣᠨ ᠤ ᠭᠠᠩ ᠬᠠᠭᠰᠠᠷᠠᠭᠠᠨ ᠲᠠᠢ ᠲᠡᠮᠡᠴᠡᠬᠦ Ⅳ ᠳᠡᠰ ᠤᠨ ᠪᠠᠴᠢᠮ ᠪᠠᠶᠢᠳᠠᠯ ᠢ ᠠᠷᠭᠠᠴᠠᠭᠠᠬᠤ ᠲᠦᠰᠦᠯ ᠢ ᠡᠬᠢᠯᠡᠭᠦᠯᠬᠦ ᠪᠠᠷ ᠲᠣᠭᠲᠠᠪᠠ᠃ ᠥᠪᠡᠷᠲᠡᠭᠡᠨ | ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ ᠬᠠᠮᠲᠤᠷᠠᠨ ᠭᠠᠩ ᠬᠠᠭᠰᠠᠷᠠᠭᠠᠨ ᠤ ᠭᠠᠮᠰᠢᠭ ᠢ ᠬᠢᠨᠠᠨ ᠬᠡᠮᠵᠢᠵᠤ ᠰᠡᠷᠡᠮᠵᠢᠯᠡᠭᠦᠯᠦᠯ ᠨᠡᠶᠢᠳᠡᠯᠡᠵᠠᠢ᠃ | ᠭᠠᠩ ᠬᠠᠭᠰᠠᠷᠠᠭᠠᠨ ᠲᠠᠢ ᠲᠡᠮᠡᠴᠡᠬᠦ Ⅳ ᠲᠠᠰ ᠤᠨ ᠪᠠᠴᠢᠮ ᠪᠠᠶᠢᠳᠠᠯ ᠢ ᠠᠷᠭᠠᠴᠡᠭᠠᠬᠤ ᠲᠦᠰᠦᠯ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠣᠷᠣᠨ ᠤ | ᠴᠠᠭ ᠠᠭᠤᠷ ᠤᠨ ᠰᠠᠯᠠᠭ᠎ᠠ ᠮᠥᠴᠢᠷ ᠡᠳᠦᠷ ᠪᠦᠷᠢ ᠢᠷᠡᠬᠦ 5 — 10 ᠡᠳᠦᠷ ᠤᠨ ᠬᠤᠷ᠎ᠠ ᠲᠣᠨᠳᠠᠰᠤ ᠶᠢᠨ ᠴᠠᠭ ᠠᠭᠤᠷ ᠤᠨ ᠶᠠᠪᠤᠴᠠ ᠶᠢᠨ ᠵᠢᠱᠶᠯᠳᠠ᠂ ᠡᠳᠦᠷ | ᠪᠦᠷᠢ ᠶᠢᠨ ᠴᠠᠭ ᠠᠭᠤᠷ ᠤᠨ ᠤᠷᠢᠳᠴᠢᠯᠠᠭᠰᠠᠨ ᠮᠡᠳᠡᠭᠡ ᠪᠠ ᠣᠷᠣᠨ ᠪᠦᠰᠡ ᠶᠢᠨ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢ ᠦᠢᠯᠡᠳᠬᠦ ᠶᠢᠨ ᠬᠠᠮᠲᠤ ᠬᠥᠷᠥᠰᠥ | ᠰᠢᠷᠣᠶ ᠶᠢᠨ ᠴᠢᠬᠢᠭ ᠤᠨ ᠠᠵᠢᠭᠯᠠᠯᠲᠠ ᠶᠢᠨ ᠵᠢᠷᠤᠮᠵᠢᠯ ᠢ ᠦᠨᠳᠦᠰᠦᠯᠡᠨ᠂ ᠭᠠᠩ ᠬᠠᠭᠰᠠᠷᠠᠭᠠᠨ ᠤ ᠪᠠᠶᠢᠳᠠᠯ ᠢ ᠬᠢᠨᠠᠨ ᠬᠡᠮᠵᠢᠭᠰᠡᠨ ᠮᠡᠳᠡᠭᠡ ᠵᠠᠩᠭᠢ ᠶᠢ ᠨᠡᠶᠢᠳᠡᠯᠡᠨ᠎ᠠ᠃ | ᠣᠳᠣᠬᠠᠨ ᠤ ᠲᠠᠯ᠎ᠠ ᠨᠤᠲᠤᠭ ᠮᠠᠯᠵᠢᠬᠤ ᠣᠷᠣᠨ ᠤ ᠭᠠᠩ ᠬᠠᠭᠰᠠᠷᠠᠭᠠᠨ ᠤ ᠪᠠᠶᠢᠳᠠᠯ ᠳᠤ ᠴᠢᠭᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠪᠠ | ᠲᠠᠷᠢᠶᠠᠯᠠᠩ ᠮᠠᠯ ᠠᠵᠤ ᠠᠬᠤᠶ ᠶᠢᠨ ᠬᠤᠶᠠᠷ ᠰᠠᠯᠠᠭ᠎ᠠ ᠮᠥᠴᠢᠷ᠂ ᠳᠤᠮᠳᠠ ᠬᠡᠰᠡᠭ ᠠᠴᠠ ᠪᠠᠷᠠᠭᠤᠨᠰᠢᠬᠢ ᠮᠠᠯᠵᠢᠬᠤ ᠣᠷᠣᠨ ᠤ ᠨᠤᠲᠤᠭ ᠪᠡᠯᠴᠢᠭᠡᠷ ᠤᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠬᠥᠮᠦᠨ ᠮᠠᠯ ᠤᠨ ᠤᠤᠭᠤᠬᠤ ᠤᠰᠤ ᠪᠠ ᠡᠪᠡᠰᠦ ᠪᠣᠷᠳᠤᠭ᠎ᠠ ᠶᠢᠨ ᠲᠣᠬᠢᠷᠠᠭᠤᠯᠤᠯᠲᠠ ᠶᠢ ᠤᠷᠢᠳᠴᠢᠯᠠᠨ ᠰᠠᠶᠢᠲᠤᠷ ᠬᠢᠵᠦ᠂ ᠴᠠᠭ | ᠠᠭᠤᠷ ᠤᠨ ᠤᠷᠢᠳᠴᠢᠯᠠᠭᠰᠠᠨ ᠮᠡᠳᠡᠭᠡ ᠶᠢ ᠨᠢᠭᠲᠠ ᠠᠩᠬᠠᠷᠬᠤ ᠬᠡᠷᠡᠭᠳᠠᠢ᠃ ᠳᠤᠮᠳᠠ ᠪᠠ ᠪᠠᠷᠠᠭᠤᠨ ᠬᠡᠰᠡᠭ ᠤᠨ ᠴᠢᠭᠢᠭ ᠤᠨ ᠪᠠᠶᠢᠳᠠᠯ ᠨᠡᠯᠢᠶᠡᠳ ᠠᠨᠠᠶ ᠪᠠᠶᠢᠭ᠎ᠠ | ᠲᠠᠷᠢᠶᠠᠯᠠᠬᠤ ᠣᠷᠣᠨ ᠭᠠᠩ ᠬᠠᠭᠰᠠᠷᠠᠭᠠᠨ ᠠᠴᠠ ᠪᠣᠯᠵᠣ ᠳᠠᠷᠢᠭᠰᠠᠨ ᠥᠬᠡᠶ ᠲᠠᠷᠢᠶᠠᠨ ᠭᠠᠵᠠᠷ ᠤᠳ ᠲᠤ ᠳᠠᠷᠢᠵᠤ ᠤᠷᠭᠤᠭᠤᠯᠬᠤ ᠳᠤ ᠬᠡᠷᠡᠭᠰᠡᠬᠦ ᠦᠷ᠎ᠡ᠂ | ᠲᠠᠷᠢᠶᠠᠯᠠᠩ ᠤᠨ ᠬᠡᠷᠡᠭᠰᠡᠯ ᠵᠡᠷᠭᠡ ᠦᠶᠯᠡᠳᠪᠦᠷᠢᠯᠡᠯ ᠤᠨ ᠬᠡᠷᠡᠭᠰᠡᠯ ᠢ ᠴᠠᠭ ᠲᠤᠬᠠᠶ ᠳᠤᠨᠢ ᠰᠢᠯᠵᠢᠭᠦᠯᠦᠨ ᠬᠦᠷᠭᠡᠬᠦ ᠶᠢ ᠵᠤᠬᠢᠶᠠᠨ ᠪᠠᠶᠢᠭᠤᠯᠵᠤ᠂ ᠭᠠᠩ ᠬᠠᠭᠰᠠᠷᠠᠭᠠᠨ ᠲᠠᠢ | ᠲᠡᠮᠡᠴᠡᠵᠦ ᠤᠰᠤ ᠬᠠᠮᠠᠭᠠᠯᠠᠬᠤ ᠡᠳ᠋᠂ ᠤᠰᠤᠨ ᠳᠤ ᠰᠠᠭᠤᠯᠭᠠᠵᠤ ᠳᠠᠷᠢᠬᠤ᠂ ᠰᠢᠨ᠎ᠡ ᠬᠡᠯᠪᠡᠷᠢ ᠶᠢᠨ ᠪᠦᠷᠬᠦᠭᠦᠯ ᠢᠶᠠᠷ ᠴᠢᠭᠢᠭ ᠢ ᠬᠠᠮᠠᠭᠠᠯᠠᠬᠤ᠂ ᠭᠦᠢᠭᠡᠨ ᠪᠤᠯᠠᠵᠤ | ᠳᠤᠰᠤᠯᠭᠠᠨ ᠤᠰᠤᠯᠠᠬᠤ᠂ ᠪᠦᠷᠬᠦᠭᠦᠯ ᠤᠨ ᠳᠤᠤᠷ᠎ᠠ ᠳᠤᠰᠤᠯᠭᠠᠨ ᠤᠰᠤᠯᠠᠬᠤ ᠵᠡᠷᠭᠡ ᠭᠠᠩ ᠬᠠᠭᠰᠠᠷᠠᠭᠠᠨ ᠲᠠᠢ ᠲᠡᠮᠡᠴᠡᠵᠦ ᠤᠰᠤ ᠠᠷᠪᠢᠯᠠᠬᠤ ᠮᠡᠷᠭᠡᠵᠢᠯ ᠢ ᠢᠳᠡᠪᠬᠢᠲᠡᠶ | ᠬᠡᠷᠡᠭᠯᠡᠬᠦ ᠬᠡᠷᠡᠭᠳᠠᠢ︔ ᠨᠢᠭᠡᠨᠲᠡ ᠴᠢᠬᠢ ᠤᠷᠭᠤᠭᠰᠠᠨ ᠭᠠᠵᠠᠷ ᠣᠷᠣᠨ ᠳᠤ ᠴᠢᠭᠯᠡᠭᠦᠯᠦᠨ᠂ ᠲᠠᠷᠢᠶᠠᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠲᠠᠷᠢᠶᠠᠨ | ᠭᠠᠵᠠᠷ ᠤᠨ ᠤᠰᠤ ᠶᠢ ᠬᠠᠳᠠᠭᠠᠯᠠᠵᠤ ᠴᠢᠭᠢᠭ ᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠴᠢᠬᠢ ᠤᠷᠭᠤᠭᠰᠠᠨ ᠭᠠᠵᠠᠷ ᠤᠨ ᠴᠢᠭᠢᠭ ᠤᠨ ᠪᠠᠶᠢᠳᠠᠯ ᠢ ᠴᠠᠭ ᠲᠤᠬᠠᠢ | ᠳᠤᠨᠢ ᠠᠵᠢᠭᠯᠠᠵᠤ᠂ ᠡᠪᠡᠳᠴᠢᠨ ᠬᠤᠷᠣᠬᠠᠶ ᠶᠢᠨ ᠬᠥᠨᠥᠭᠡᠯ ᠢ ᠠᠩᠬᠠᠷᠤᠨ᠂ ᠲᠠᠷᠢᠶ᠎ᠠ ᠲᠡᠩᠨᠡᠵᠦ ᠡᠪᠡᠰᠦ ᠠᠷᠢᠯᠭᠠᠬᠤ ᠠᠵᠢᠯ ᠢ ᠰᠠᠶᠢᠲᠤᠷ ᠬᠢᠬᠦ ᠬᠡᠷᠡᠭᠲᠡᠶ ᠭᠡᠵᠤ | ᠰᠠᠨᠠᠭᠤᠯᠵᠠᠢ᠃ | ᠡᠭᠦᠨ ᠠᠴᠠ ᠭᠠᠳᠠᠨ᠎ᠠ᠂ ᠤᠤᠭᠤᠬᠤ ᠤᠰᠤ ᠪᠠᠨ ᠰᠢᠢᠳᠪᠦᠷᠢᠯᠡᠬᠦ ᠳᠤ ᠤᠨᠴᠠ ᠬᠦᠴᠢᠷᠳᠡᠵᠤ ᠪᠠᠶᠢᠭ᠎ᠠ ᠮᠠᠯᠵᠢᠬᠤ ᠣᠷᠣᠨ ᠳᠤ ᠴᠢᠭᠯᠡᠭᠦᠯᠦᠨ᠂ ᠥᠪᠡᠷᠲᠡᠭᠡᠨ | ᠵᠠᠰᠠᠬᠤ ᠣᠷᠣᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠵᠢᠯᠣᠭᠤᠳᠬᠤ ᠭᠠᠵᠠᠷ ᠠᠴᠠ ᠬᠤᠯᠪᠣᠭᠳᠠᠯ ᠪᠥᠬᠦᠶ ᠭᠠᠵᠠᠷ ᠣᠷᠣᠨ ᠤ | ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠵᠢᠯᠣᠭᠤᠳᠬᠤ ᠰᠠᠯᠠᠭ᠎ᠠ ᠮᠥᠴᠢᠷ ᠤᠳ ᠤᠰᠤ ᠬᠦᠷᠭᠡᠬᠦ ᠲᠡᠷᠭᠡ ᠬᠥᠰᠭᠡ ᠪᠠᠨ ᠴᠠᠭ | ᠲᠤᠬᠠᠶ ᠳᠤᠨᠢ ᠲᠣᠬᠢᠷᠠᠭᠤᠯᠤᠨ ᠤᠰᠤ ᠬᠦᠷᠭᠡᠵᠤ᠂ ᠮᠠᠯ ᠠᠵᠤ ᠠᠬᠤᠶ ᠶᠢᠨ ᠦᠶᠯᠡᠳᠪᠦᠷᠢᠯᠡᠯ ᠢ ᠵᠦᠶ ᠵᠣᠬᠢᠰᠲᠠᠶ ᠲᠣᠬᠢᠷᠠᠭᠤᠯᠵᠤ᠂ ᠮᠠᠯᠴᠢᠳ ᠢ ᠬᠥᠲᠥᠯᠥᠨ | ᠵᠢᠯᠣᠭᠤᠳᠴᠤ ᠡᠪᠡᠰᠦ ᠪᠣᠷᠳᠤᠭ᠎ᠠ ᠶᠢ ᠰᠢᠯᠵᠢᠭᠦᠯᠦᠨ ᠲᠡᠭᠡᠭᠡᠪᠦᠷᠢᠯᠡᠵᠤ᠂ ᠮᠠᠯ ᠢᠶᠠᠨ ᠤᠷᠢᠳᠴᠢᠯᠠᠨ ᠬᠤᠳᠠᠯᠳᠤᠵᠤ᠂ ᠱᠠᠯᠠᠪᠳᠠᠭᠤᠯᠤᠨ ᠬᠤᠳᠠᠯᠳᠤᠬᠤ ᠶᠢ | ᠲᠥᠯᠦᠪᠵᠢᠭᠦᠯᠵᠤ᠂ ᠲᠠᠷᠢᠶᠠᠯᠠᠩ ᠮᠠᠯ ᠠᠵᠤ ᠠᠬᠤᠶ ᠶᠢᠨ ᠬᠤᠬᠢᠷᠠᠯ ᠢ ᠴᠢᠷᠮᠠᠶᠢᠨ ᠪᠠᠭᠠᠰᠬᠠᠵᠤ᠂ ᠮᠠᠯᠴᠢᠨ ᠲᠠᠷᠢᠶᠠᠴᠢᠳ ᠤᠨ ᠠᠰᠢᠭ ᠲᠤᠰᠠ ᠶᠢ ᠦᠨᠡᠨ ᠬᠦ ᠪᠠᠲᠤᠯᠠᠬᠤ | ᠬᠡᠷᠡᠭᠲᠡᠶ ᠭᠡᠵᠦ ᠱᠠᠭᠠᠷᠳᠠᠪᠠ᠃ |