| ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ︽2022 ᠣᠨ ᠤ | ᠬᠤᠶᠠᠳᠤᠭᠠᠷ ᠪᠦᠯᠦᠭ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨᠡᠴᠢᠯᠡᠯᠲᠡ ᠶᠢ ᠬᠥᠲᠥᠯᠦᠨ ᠵᠢᠯᠣᠭᠤᠳᠬᠤ ᠱᠠᠩᠨᠠᠯ ᠤᠨ ᠮᠥᠩᠭᠦ ᠶᠢᠨ | ᠲᠥᠰᠦᠪ ᠢ ᠪᠠᠭᠤᠯᠭᠠᠬᠤ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨᠡᠴᠢᠯᠡᠯᠲᠡ ᠶᠢᠨ ᠲᠤᠰᠬᠠᠶ ᠰᠠᠮᠪᠠᠷ᠎ᠠ ᠳᠤ | ᠠᠩᠬᠠᠳᠤᠭᠠᠷ ᠤᠳᠠᠭ᠎ᠠ ᠫᠠᠶᠢᠰᠠ ᠡᠯᠭᠦᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ 37 ᠠᠵᠤ ᠠᠬᠤᠶᠢᠯᠠᠯ ᠤᠳ ᠲᠤ 740 ᠲᠦᠮᠡᠨ ᠲᠥᠭᠦᠷᠢᠭ ᠤᠨ | ᠱᠠᠩᠨᠠᠯ ᠨᠥᠬᠦᠪᠥᠷᠢ ᠶᠢᠨ ᠪᠠᠯᠠ ᠮᠥᠩᠭᠦ ᠣᠯᠭᠤᠵᠠᠢ᠂ ᠡᠭᠦᠨ ᠳᠤ ᠰᠢᠯᠢᠳᠡᠭ ᠢᠶᠠᠷ ᠰᠣᠩᠭᠤᠭᠳᠠᠭᠰᠠᠨ ᠲᠠᠰ ᠤᠨ 26 ᠡᠷᠦᠭᠡ᠂ ᠵᠠᠬ᠎ᠠ ᠳᠡᠯᠭᠡᠭᠦᠷ ᠲᠤ ᠭᠠᠷᠤᠭᠰᠠᠨ | ᠲᠠᠰ ᠤᠨ 11 ᠡᠷᠦᠬᠡ ᠪᠣᠶ᠃ | ᠮᠠᠨ ᠤ ᠣᠷᠣᠨ ᠤ ᠰᠢᠯᠢᠳᠡᠭ ᠠᠵᠤ ᠠᠬᠤᠶᠢᠯᠠᠯ ᠤᠳ ᠢ ᠵᠣᠷᠢᠭᠵᠢᠭᠤᠯᠬᠤ ᠬᠥᠲᠥᠯᠥᠨ ᠵᠢᠯᠣᠭᠤᠳᠴᠤ ᠪᠠᠶᠢᠭᠠᠳ ᠰᠢᠨᠵᠢᠯᠡᠬᠦ ᠤᠬᠠᠭᠠᠨ ᠮᠡᠷᠭᠡᠵᠢᠯ ᠤᠨ | ᠰᠢᠨᠡᠴᠢᠯᠡᠯᠲᠡ ᠶᠢᠨ ᠲᠤᠰᠬᠠᠶ ᠰᠠᠮᠪᠠᠷ᠎ᠠ ᠶᠢ ᠪᠠᠶᠢᠭᠤᠯᠬᠤ ᠠᠵᠠ ᠲᠣᠬᠢᠶᠠᠯ ᠢ ᠭᠦᠢᠴᠡᠳ ᠠᠰᠢᠭᠯᠠᠭᠤᠯᠤᠨ ᠬᠥᠷᠥᠩᠭᠡ ᠶᠢᠨ ᠵᠠᠬ᠎ᠠ ᠳᠡᠯᠭᠡᠭᠦᠷ ᠲᠠᠢ ᠵᠣᠯᠭᠠᠭᠤᠯᠬᠤ ᠶᠢ | ᠲᠦᠷᠭᠡᠳᠬᠡᠬᠦ ᠶᠢᠨ ᠲᠥᠯᠥᠭᠡ᠂ ︽︿ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠦᠷ ᠮᠣᠩᠭᠤᠯ ᠢᠶᠠᠨ ᠬᠥᠭᠵᠢᠭᠦᠯᠬᠦ﹀ ᠠᠵᠢᠯᠯᠠᠭ᠎ᠠ ᠶᠢ ᠲᠦᠷᠭᠡᠳᠬᠡᠨ ᠠᠬᠢᠭᠤᠯᠬᠤ | ᠡᠳ᠋ ᠤᠨ ᠵᠠᠰᠠᠭ ᠤᠨ ᠪᠡᠯᠡ ᠮᠥᠩᠭᠦ ᠪᠠᠷ ᠰᠢᠨᠵᠢᠯᠡᠬᠦ ᠤᠬᠠᠭᠠᠨ ᠮᠡᠷᠭᠡᠵᠢᠯ ᠤᠨ ᠰᠢᠨᠡᠴᠢᠯᠡᠯᠲᠡ ᠶᠢ ᠳᠡᠮᠵᠢᠬᠦ ᠲᠤᠬᠠᠶ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠤᠳ ᠢ | ᠬᠡᠷᠡᠭᠵᠢᠭᠦᠯᠬᠦ ᠨᠠᠷᠢᠨ ᠳᠦᠷᠢᠮ︾ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠨᠢ ᠥᠪᠡᠷᠲᠡᠭᠡᠨ ᠵᠠᠰᠠᠬᠤ | ᠣᠷᠣᠨ ᠤ ᠰᠲ᠋ᠣᠺ ᠤᠨ ᠡᠷᠬᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨᠡᠴᠢᠯᠡᠯᠲᠡ ᠶᠢᠨ ᠲᠤᠰᠬᠠᠶ ᠰᠠᠮᠪᠠᠷ᠎ᠠ ᠳᠤ ᠠᠩᠬᠠᠳᠤᠭᠠᠷ | ᠤᠳᠠᠭ᠎ᠠ ᠫᠠᠶᠢᠰᠠ ᠡᠯᠭᠦᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠳ ᠲᠤ 20 ᠲᠦᠮᠡᠨ ᠲᠥᠭᠦᠷᠢᠭ ᠤᠨ ᠱᠠᠩᠨᠠᠯ ᠤᠨ | ᠨᠥᠬᠦᠪᠥᠷᠢ ᠶᠢ ᠨᠢᠭᠡ ᠯᠠ ᠤᠳᠠᠭ᠎ᠠ ᠶᠢᠨ ᠴᠢᠨᠠᠷᠲᠠᠶ ᠣᠯᠭᠤᠵᠤ᠂ ᠲᠤᠰ ᠱᠠᠩᠨᠠᠯ ᠤᠨ ᠨᠥᠭᠦᠪᠦᠷᠢ ᠶᠢ ᠫᠠᠶᠢᠰᠠ ᠡᠯᠭᠦᠭᠰᠡᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠮᠥᠩᠭᠦᠨ ᠭᠦᠢᠯᠭᠡᠭᠡ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨᠡᠴᠢᠯᠡᠯᠲᠡ ᠵᠡᠷᠭᠡ ᠬᠠᠮᠢᠶ᠎ᠠ ᠪᠥᠬᠦᠶ ᠠᠵᠢᠯᠯᠠᠭ᠎ᠠ ᠥᠷᠨᠢᠭᠦᠯᠬᠦ ᠶᠢ ᠳᠡᠮᠵᠢᠬᠦ ᠳᠤ | ᠬᠡᠷᠡᠭᠯᠡᠵᠦ᠂ ᠠᠵᠤ ᠠᠬᠤᠶᠢᠯᠠᠯ ᠤᠨ ᠤᠯᠤᠰ ᠤᠨ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠨᠡᠴᠢᠯᠡᠯᠲᠡ ᠶᠢᠨ ᠰᠠᠮᠪᠠᠷ᠎ᠠ︾ ᠳᠤ ᠵᠠᠬ᠎ᠠ ᠳᠡᠯᠭᠡᠭᠦᠷ ᠲᠤ ᠭᠠᠷᠴᠤ ᠪᠠᠯᠠ | ᠲᠣᠬᠢᠷᠠᠭᠤᠯᠬᠤ ᠶᠢ ᠬᠥᠲᠥᠯᠦᠨ ᠵᠢᠯᠣᠭᠤᠳᠬᠤ ᠪᠠ ᠪᠤᠶᠢᠵᠢᠭᠤᠯᠤᠨ᠎ᠠ᠃ | ᠣᠶᠢᠯᠠᠭᠠᠭᠰᠠᠨ ᠢᠶᠠᠷ᠂ 2018 ᠣᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠵᠢᠯᠣᠭᠤᠳᠣᠯᠭ᠎ᠠ | ᠳᠣᠤᠷ᠎ᠠ᠂ ᠥᠪᠥᠷ ᠮᠣᠩᠭᠤᠯ ᠤᠨ ᠰᠲ᠋ᠣᠺ ᠤᠨ ᠡᠷᠬᠡ ᠶᠢᠨ ᠠᠷᠠᠯᠵᠢᠶᠠᠨ ᠤ ᠲᠥᠪ ᠨᠢ ᠮᠧᠩ ᠱᠦ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠪᠦᠯᠦᠭᠯᠡᠯ ᠤᠨ | ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠰᠢᠤᠢ ᠶᠠᠩ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠵᠡᠷᠭᠡ 8 ᠠᠶᠢᠮᠠᠭ ᠬᠤᠲᠠ ᠶᠢᠨ ᠵᠠᠬ᠎ᠠ ᠳᠡᠯᠭᠡᠭᠦᠷ ᠲᠤ | ᠭᠠᠷᠭᠠᠬᠤ 12 ᠪᠡᠯᠡᠳᠬᠡᠯ ᠠᠵᠤ ᠠᠬᠤᠶᠢᠯᠠᠯ ᠤᠳ ᠢ ᠬᠥᠲᠥᠯᠦᠨ ᠵᠢᠯᠣᠭᠤᠳᠴᠤ ᠪᠠᠶᠢᠭᠠᠳ ᠰᠲ᠋ᠣᠺ ᠢ ᠨᠢ ᠵᠠᠬ᠎ᠠ ᠳᠡᠯᠭᠡᠭᠦᠷ ᠲᠤ ᠠᠮᠵᠢᠯᠲᠠ ᠲᠠᠢ ᠪᠠᠷ ᠭᠠᠷᠭᠠᠭᠰᠠᠨ | ᠪᠠᠶᠢᠨ᠎ᠠ᠃ ᠣᠲᠣ ᠪᠣᠯᠲᠠᠯ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨᠡᠴᠢᠯᠡᠯᠲᠡ ᠶᠢᠨ ᠲᠤᠰᠬᠠᠶ ᠰᠠᠮᠪᠠᠷ᠎ᠠ ᠳᠤ ᠠᠩᠬᠠᠳᠤᠭᠠᠷ ᠤᠳᠠᠭ᠎ᠠ ᠫᠠᠶᠢᠰᠠ ᠡᠯᠭᠦᠭᠰᠡᠨ ᠠᠵᠤ | ᠠᠬᠤᠶᠢᠯᠠᠯ ᠤᠳ ᠲᠤ ᠨᠡᠶᠢᠲᠡ 2900 ᠲᠦᠮᠡᠨ ᠲᠥᠭᠦᠷᠢᠭ ᠤᠨ ᠱᠠᠩᠨᠠᠯ ᠤᠨ ᠨᠥᠬᠦᠪᠥᠷᠢ ᠣᠯᠭᠤᠪᠠ᠃ | 2021 ᠣᠨ ᠳᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠮᠥᠩᠭᠦᠨ | ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ 5 ᠰᠠᠯᠠᠭ᠎ᠠ ᠮᠥᠴᠢᠷ ᠤᠳ ᠬᠠᠮᠲᠤᠷᠠᠨ ︽ᠮᠥᠩᠭᠦᠨ ᠭᠦᠢᠯᠭᠡᠭᠡᠨ ᠢᠶᠠᠷ ︿ᠰᠢᠨᠵᠢᠯᠡᠬᠦ ᠤᠬᠠᠭᠠᠨ | ᠮᠡᠷᠭᠡᠵᠢᠯ ᠢᠶᠠᠷ ᠥᠪᠦᠷ ᠮᠣᠩᠭᠤᠯ ᠢᠶᠠᠨ ᠬᠥᠭᠵᠢᠭᠦᠯᠬᠦ﹀ ᠠᠵᠢᠯᠯᠠᠭ᠎ᠠ ᠶᠢ ᠳᠡᠮᠵᠢᠬᠦ ᠲᠥᠰᠦᠯ︾ ᠢ ᠳᠠᠷᠤᠮᠠᠯᠯᠠᠨ ᠲᠠᠷᠬᠠᠭᠠᠵᠤ᠂ ᠵᠠᠰᠠᠭ ᠤᠨ ᠣᠷᠳᠣᠨ ᠮᠥᠩᠭᠦᠨ | ᠭᠦᠢᠯᠭᠡᠭᠡ ᠠᠵᠤ ᠠᠬᠤᠶᠢᠯᠠᠯ ᠢ ᠵᠣᠯᠭᠠᠯᠳᠤᠭᠤᠯᠬᠤ ᠲᠣᠭᠲᠠᠯᠴᠠᠭ᠎ᠠ ᠶᠢ ᠪᠦᠷᠢᠨᠰᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ | ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢ ᠨᠡᠮᠡᠭᠳᠡᠭᠦᠯᠬᠦ᠂ ᠪᠠᠯᠠ ᠳᠣᠭᠢᠷᠠᠭᠤᠯᠬᠤ ᠠᠷᠭ᠎ᠠ ᠵᠠᠮ ᠢ ᠥᠷᠭᠡᠳᠬᠡᠬᠦ᠂ ᠵᠣᠭᠤᠰᠣᠨ ᠤ ᠲᠥᠷᠥ ᠶᠢᠨ ᠪᠣᠳᠣᠯᠭ᠎ᠠ ᠶᠢᠨ | ᠳᠡᠮᠵᠢᠯᠭᠡ ᠶᠢ ᠰᠠᠶᠢᠲᠤᠷ ᠬᠡᠷᠡᠭᠯᠡᠬᠦ ᠵᠡᠷᠭᠡ 7 ᠲᠠᠯ᠎ᠠ ᠶᠢᠨ ᠠᠷᠭ᠎ᠠ ᠬᠡᠮᠵᠢᠶ᠎ᠡ ᠶᠢ ᠲᠣᠳᠤᠷᠬᠠᠶᠢᠯᠠᠨ᠂ ᠮᠠᠨ ᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ | ᠭᠦᠢᠯᠭᠡᠭᠡᠨ ᠤ ᠬᠡᠪᠴᠢᠶ᠎ᠡ ᠬᠢᠭᠡᠳ ᠴᠢᠨᠠᠷ ᠴᠢᠨᠰᠠᠭ᠎ᠠ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢ ᠴᠢᠷᠮᠠᠶᠢᠨ ᠪᠡᠶᠡᠯᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ | ᠭᠦᠢᠯᠭᠡᠭᠡᠨ ᠤ ᠨᠡᠷᠡᠳᠬᠦᠨ ᠬᠢᠭᠡᠳ ᠦᠢᠯᠡᠴᠢᠯᠡᠭᠡ ᠢ ᠡᠳᠦᠷ ᠢᠷᠡᠬᠦᠶ᠎ᠡ ᠪᠦᠷᠢᠨᠰᠢᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠢᠯᠭᠡᠭᠡᠨ ᠤ ᠲᠣᠭᠲᠠᠯᠴᠠᠭ᠎ᠠ | ᠬᠢᠭᠡᠳ ᠲᠥᠬᠦᠭᠡᠷᠦᠮᠵᠢ ᠶᠢ ᠨᠠᠩ ᠪᠦᠷᠢᠨ ᠲᠡᠭᠦᠯᠳᠡᠷ ᠪᠣᠯᠭᠠᠨ᠎ᠠ᠃ |