ᠦᠪᠦᠷ ᠮᠣᠩᠭᠤᠯ ᠣᠷᠤᠨ ᠳᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/6/20
      6 ᠳ᠋ᠤᠭᠠᠷ ᠰᠠᠷ᠎ᠠ ᠶᠢᠨ 19 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠳᠤ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃ ᠲᠤᠬᠠᠢ ᠶᠢᠨ ᠭᠠᠵᠠᠷ ᠤᠨ ᠲᠣᠳᠤᠯᠠᠭᠰᠠᠨ 28 ᠡᠪᠡᠳᠴᠢᠨ ᠤ ᠵᠢᠱᠢᠶ᠎ᠡ ᠢᠯᠡᠷᠢᠰᠢᠵᠦ ᠡᠮᠨᠡᠯᠭᠡ ᠠᠴᠠ ᠭᠠᠷᠪᠠ᠂ ᠡᠭᠦᠨ ᠳᠤ ᠤᠯᠠᠭᠠᠨᠬᠠᠳᠠ ᠬᠤᠲᠠ ᠶᠢᠨ 1 ᠡᠪᠡᠳᠴᠢᠨ ᠤ ᠵᠢᠱᠢᠶ᠎ᠡ ᠂ ᠰᠢᠯᠢ ᠶᠢᠨ ᠭᠤᠣᠯ ᠠᠶᠢᠮᠠᠭ ᠤᠨ 27 ᠡᠪᠡᠳᠴᠢᠨ ᠤ ᠵᠢᠱᠢᠶ᠎ᠡ ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ 10 ᠬᠠᠯᠳᠠᠪᠤᠷᠢᠯᠠᠭᠳᠠᠭᠴᠢ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠵᠠᠢ᠂ ᠡᠭᠦᠨ ᠳᠤ ᠬᠥᠬᠡᠬᠤᠲᠠ ᠶᠢᠨ 2 ᠬᠠᠯᠳᠠᠪᠤᠷᠢᠯᠠᠭᠳᠠᠭᠴᠢ ᠂ ᠰᠢᠯᠢ ᠶᠢᠨ ᠭᠤᠣᠯ ᠠᠶᠢᠮᠠᠭ ᠤᠨ 8 ᠬᠠᠯᠳᠠᠪᠤᠷᠢᠯᠠᠭᠳᠠᠭᠴᠢ ᠃      6 ᠳ᠋ᠤᠭᠠᠷ ᠰᠠᠷ᠎ᠠ ᠶᠢᠨ 19 ᠤ ᠡᠳᠦᠷ ᠤᠨ 24 ᠴᠠᠭ ᠪᠣᠯᠲᠠᠯ᠎ᠠ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠳᠤ ᠣᠳᠤ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 252 ᠪᠠᠶᠢᠨ᠎ᠠ᠂ ᠡᠭᠦᠨ ᠳᠤ᠂ ᠤᠯᠠᠭᠠᠨᠬᠠᠳᠠ ᠬᠤᠲᠠ ᠳᠤ 61᠂ ᠰᠢᠯᠢ ᠶᠢᠨ ᠭᠤᠣᠯ ᠠᠶᠢᠮᠠᠭ ᠲᠤ 191 ᠪᠤᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 252 ᠪᠠᠶᠢᠨ᠎ᠠ᠂ ᠡᠭᠦᠨ ᠳᠤ ᠤᠯᠠᠭᠠᠨᠬᠠᠳᠠ ᠬᠤᠲᠠ ᠳᠤ 7᠂ ᠰᠢᠯᠢ ᠶᠢᠨ ᠭᠤᠣᠯ ᠠᠶᠢᠮᠠᠭ ᠲᠤ 245 ᠪᠤᠢ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 3 ︵ᠴᠦᠮ ᠬᠦᠬᠡᠬᠤᠳᠠ ᠳᠤ︶ ᠪᠤᠢ᠃ ᠪᠦᠬᠦᠨ ᠢ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠦᠮ ᠲᠣᠭᠲᠠᠭᠰᠠᠨ ᠲᠠᠯᠠᠪᠤᠷ ᠲᠤ ᠲᠦᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ