6 ᠳ᠋ᠤᠭᠠᠷ ᠰᠠᠷ᠎ᠠ ᠶᠢᠨ 17 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠬᠠᠮᠲᠤᠷᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠶᠢ ᠬᠥᠩᠭᠡᠪᠲᠦᠷ ᠵᠥᠷᠢᠴᠡᠭᠰᠡᠨ ᠦᠶᠯᠡ ᠠᠵᠢᠯᠯᠠᠭ᠎ᠠ ᠳᠤ | ᠵᠠᠰᠠᠭ ᠵᠠᠬᠢᠷᠭᠠᠨ ᠤ ᠰᠢᠢᠳᠬᠡᠯ ᠥᠯᠥ ᠥᠭᠬᠦ ᠨᠠᠷᠢᠨ ᠳᠠᠩᠰᠠ ︵2022 ᠬᠡᠪ︶︾ ᠵᠡᠷᠭᠡ ᠳᠥᠷᠪᠡᠨ ᠨᠠᠷᠢᠨ ᠳᠠᠩᠰᠠ ᠪᠠ ᠰᠢᠨ᠎ᠡ ᠪᠠᠷ ᠵᠠᠰᠠᠪᠤᠷᠢ ᠣᠷᠣᠭᠤᠯᠤᠭᠰᠠᠨ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠨᠴᠠ ᠲᠥᠷᠥᠯ ᠤᠨ ᠲᠥᠬᠦᠭᠡᠷᠦᠮᠵᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠳᠦᠷᠢᠮ︾ ᠵᠡᠷᠭᠡ | ᠭᠤᠷᠪᠠᠨ ᠵᠦᠢᠯ ᠤᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ ᠨᠡᠶᠢᠲᠡᠯᠡᠵᠦ ᠲᠠᠶᠢᠯᠤᠮᠵᠢ ᠬᠢᠪᠡ᠃ | ᠮᠠᠨ ᠤ ᠣᠷᠣᠨ ᠤ ᠬᠠᠤᠯᠢ ᠪᠠᠷ ᠵᠠᠰᠠᠵᠢᠭᠰᠠᠨ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠪᠦᠲᠦᠮᠵᠢᠲᠡᠶ ᠬᠥᠭᠵᠢᠭᠡᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠬᠠᠮᠲᠤᠷᠠᠨ ᠳᠠᠷᠤᠮᠠᠯᠯᠠᠨ ᠲᠠᠷᠬᠠᠭᠠᠭᠰᠠᠨ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠶᠢ ᠬᠦᠩᠭᠡᠪᠲᠦᠷ ᠵᠥᠷᠢᠴᠡᠭᠰᠡᠨ ᠦᠶᠯᠡ ᠠᠵᠢᠯᠯᠠᠭ᠎ᠠ ᠳᠤ | ᠵᠠᠰᠠᠭ ᠵᠠᠬᠢᠷᠭᠠᠨ ᠤ ᠰᠢᠢᠳᠬᠡᠯ ᠥᠯᠥ ᠥᠭᠬᠦ ᠨᠠᠷᠢᠨ ᠳᠠᠩᠰᠠ ︵2022 ᠬᠡᠪ︶︾ ᠳᠤ ᠵᠠᠰᠠᠭ ᠵᠠᠬᠢᠷᠭᠠᠨ ᠤ ᠰᠢᠢᠳᠬᠡᠯ ᠥᠯᠥ ᠥᠭᠬᠦ ᠳᠤ ᠲᠣᠬᠢᠷᠠᠬᠤ ᠪᠠᠶᠢᠳᠠᠯ ᠤᠨ | ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠨᠠᠷᠢᠯᠢᠭᠵᠢᠭᠤᠯᠵᠤ᠂ ᠬᠠᠤᠯᠢ ᠶᠢ ᠵᠥᠷᠢᠴᠡᠭᠰᠡᠨ ᠪᠠᠶᠢᠳᠠᠯ ᠢ ᠢᠯᠭᠠᠵᠤ ᠲᠥᠷᠥᠯ ᠬᠤᠪᠢᠶᠠᠨ ᠬᠢᠨᠠᠨ ᠬᠠᠮᠢᠶᠠᠷᠬᠤ ᠶᠢ | ᠬᠡᠷᠡᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ︔ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠶᠢ ᠦᠯᠦ ᠬᠡᠷᠡᠭᠵᠢᠭᠦᠯᠬᠦ ᠨᠠᠷᠢᠨ ᠲᠠᠩᠰᠠ ︵2022 ᠬᠡᠪ︶︾ ᠳᠤ ᠵᠠᠰᠠᠭ ᠵᠠᠬᠢᠷᠭᠠᠨ ᠤ ᠠᠷᠭ᠎ᠠ ᠬᠡᠮᠵᠢᠶ᠎ᠡ ᠶᠢ | ᠬᠠᠤᠯᠢ ᠶᠣᠰᠣᠭᠠᠷ ᠬᠡᠷᠡᠭᠵᠢᠭᠦᠯᠵᠦ ᠪᠣᠯᠬᠤ ᠦᠭᠡᠢ ᠪᠠᠶᠢᠳᠠᠯ ᠪᠠ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠦᠭᠡᠢ ᠪᠠᠶᠢᠵᠤ ᠪᠣᠯᠬᠤ | ᠪᠠᠶᠢᠳᠠᠯ ᠢ ᠲᠣᠳᠣᠷᠬᠠᠶᠢᠯᠠᠭᠰᠠᠨ ᠤ ᠬᠠᠮᠲᠤ᠂ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠬᠠᠤᠯᠢ ᠪᠠᠷ ᠲᠣᠭᠲᠠᠭᠠᠭᠰᠠᠨ ᠡᠷᠬᠡ ᠮᠡᠳᠡᠯ᠂ ᠨᠥᠬᠦᠴᠡᠯ ᠪᠠ ᠲᠠᠰ | ᠳᠠᠷᠠᠭᠠᠯᠠᠯ ᠢ ᠴᠢᠩᠭ᠎ᠠ ᠵᠢᠷᠤᠮᠯᠠᠨ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠬᠡᠷᠡᠭᠲᠡᠢ ᠭᠡᠵᠦ ᠱᠠᠭᠠᠷᠳᠠᠪᠠ︔ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠳᠤᠲᠠᠭᠤ ᠪᠠᠷ ᠨᠢ ᠬᠦᠯᠢᠶᠡᠨ ᠠᠪᠴᠤ ᠭᠦᠢᠴᠡᠳᠬᠡᠬᠦ ᠵᠦᠢᠯᠡᠰ ᠤᠨ ᠨᠠᠷᠢᠨ | ᠳᠠᠩᠰᠠ ︵2022 ᠬᠡᠪ︶︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠡᠷᠡᠴᠢᠯᠡᠬᠦ | ᠵᠦᠢᠯᠡᠰ ᠢ ᠮᠡᠳᠡᠭᠳᠡᠨ ᠠᠮᠠᠯᠠᠬᠤ ᠳᠦᠷᠢᠮ ᠤᠨ ᠭᠠᠷᠴᠠᠭ ᠤᠨ ᠨᠠᠷᠢᠨ ᠳᠠᠩᠰᠠ ︵2022 ᠬᠡᠪ︶︾ ᠳᠤ ᠳᠤᠲᠠᠭᠤ ᠪᠠᠷ ᠨᠢ ᠬᠦᠯᠢᠶᠡᠨ ᠠᠪᠴᠤ ᠭᠦᠢᠴᠡᠳᠬᠡᠬᠦ ᠪᠠ | ᠭᠡᠷᠡᠴᠢᠯᠡᠬᠦ ᠵᠦᠢᠯᠡᠰ ᠢ ᠮᠡᠳᠡᠭᠳᠡᠨ ᠠᠮᠠᠯᠠᠬᠤ ᠬᠡᠪᠴᠢᠶ᠎ᠡ ᠪᠠ ᠲᠣᠬᠢᠷᠠᠬᠤ ᠵᠠᠷᠴᠢᠮ ᠢ ᠤᠯᠠᠮ ᠨᠢᠭᠡ ᠠᠯᠬᠤᠮ ᠲᠣᠳᠣᠷᠬᠠᠶᠢᠯᠠᠪᠠ᠃ ᠳᠥᠷᠪᠡᠨ ᠨᠠᠷᠢᠨ ᠲᠠᠩᠰᠠ ᠶᠢ | 2022 ᠣᠨ ᠤ 6 ᠳ᠋ᠤᠭᠠᠷ ᠰᠠᠷ᠎ᠠ ᠶᠢᠨ 20 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠡᠭᠦᠨ ᠠᠴᠠ ᠭᠠᠳᠠᠨ᠎ᠠ᠂ 5 ᠳ᠋ᠤᠭᠠᠷ ᠰᠠᠷ᠎ᠠ ᠶᠢᠨ 26 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠲᠠᠪᠤᠳᠤᠭᠠᠷ ᠬᠤᠷᠠᠯ ᠠᠴᠠ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠣᠨᠴᠠ ᠲᠥᠷᠥᠯ ᠤᠨ ᠲᠥᠬᠦᠭᠡᠷᠦᠮᠵᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠳᠦᠷᠢᠮ︾ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠠᠭᠤᠷᠮᠠᠭ ᠮᠠᠭᠤ ᠲᠠᠸᠠᠷ ᠦᠢᠯᠡᠳᠪᠦᠷᠢᠯᠡᠬᠦ ᠪᠠ ᠪᠣᠷᠣᠯᠠᠭᠤᠯᠬᠤ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠲᠣᠭᠲᠠᠭᠠᠯ︾ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ | ᠬᠠᠤᠯᠢ﹀ ᠶᠢ ᠬᠡᠷᠡᠭᠵᠢᠭᠦᠯᠬᠦ ᠠᠷᠭ᠎ᠠ︾ ᠵᠡᠷᠭᠡ ᠭᠤᠷᠪᠠᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠳᠤ ᠵᠠᠰᠠᠪᠤᠷᠢ ᠣᠷᠤᠭᠤᠯᠬᠤ ᠲᠥᠰᠥᠯ ᠢ ᠬᠢᠨᠠᠨ | ᠵᠦᠪᠯᠡᠵᠦ ᠪᠠᠲᠤᠯᠠᠪᠠ᠃ ᠡᠨᠡ ᠭᠤᠷᠪᠠᠨ ᠵᠦᠢᠯ ᠤᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠤᠭᠰᠠᠨ ᠨᠢ ᠥᠷᠭᠡᠨ ᠤᠯᠠᠨ | ᠬᠡᠷᠡᠭᠯᠡᠭᠴᠢᠳ᠂ ᠡᠵᠡᠩᠨᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ᠂ ᠵᠠᠬ᠎ᠠ ᠳᠡᠯᠭᠡᠭᠦᠷ ᠤᠨ ᠣᠷᠴᠢᠨ ᠨᠦᠬᠦᠴᠡᠯ ᠢ ᠴᠡᠪᠡᠷᠰᠢᠭᠦᠯᠬᠦ᠂ ᠵᠠᠬ᠎ᠠ | ᠳᠡᠯᠭᠡᠭᠦᠷ ᠤᠨ ᠠᠵᠤ ᠠᠬᠤᠢ ᠶᠢᠨ ᠡᠮᠬᠢ ᠳᠢᠭᠯᠢᠮ ᠢ ᠬᠠᠮᠠᠭᠠᠯᠠᠬᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ | ᠦᠢᠯᠡᠳᠦᠯ ᠦᠵᠡᠭᠦᠯᠬᠦ ᠪᠣᠯᠣᠨ᠎ᠠ᠃ |