| ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ︽ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠠᠵᠢᠯ ᠢ | ᠴᠢᠩᠭᠠᠳᠬᠠᠨ ᠰᠠᠶᠢᠵᠢᠷᠠᠭᠤᠯᠬᠤ ᠲᠤᠬᠠᠶ ᠬᠡᠷᠡᠭᠵᠢᠭᠦᠯᠬᠦ ᠰᠠᠨᠠᠯ︾ ︵ᠳᠣᠷᠣᠭᠰᠢ ︽ᠬᠡᠷᠡᠭᠵᠢᠭᠦᠯᠬᠦ ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠳ᠂ | ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠠᠵᠢᠯ ᠢ ᠰᠠᠶᠢᠲᠤᠷ ᠬᠢᠬᠦ ᠲᠤᠬᠠᠶ ᠰᠢᠨ᠎ᠡ ᠣᠨᠣᠯᠵᠢᠬᠤᠨ ᠰᠢᠨ᠎ᠡ ᠪᠠᠶᠢᠯᠳᠤᠬᠤ | ᠪᠣᠳᠣᠯᠭ᠎ᠠ ᠰᠢᠨ᠎ᠡ ᠠᠷᠭ᠎ᠠ ᠬᠡᠮᠵᠢᠶ᠎ᠡ ᠶᠢ ᠭᠦᠨᠵᠡᠭᠡᠶ ᠲᠤᠭᠤᠰᠢᠯᠠᠭᠤᠯᠵᠤ᠂ ᠴᠢᠳᠠᠪᠤᠷᠢᠲᠠᠳ ᠢᠶᠠᠷ ᠬᠥᠭᠵᠢᠯᠲᠡ ᠶᠢ ᠳᠠᠶᠢᠴᠢᠯᠠᠬᠤ ᠪᠠᠶᠢᠯᠳᠤᠬᠤ ᠪᠤᠳᠤᠯᠭ᠎ᠠ ᠶᠢᠨ ᠪᠠᠶᠢᠷᠢ | ᠰᠠᠭᠤᠷᠢ ᠶᠢ ᠪᠠᠷᠢᠮᠲᠠᠯᠠᠵᠤ᠂ ᠴᠢᠳᠠᠪᠤᠷᠢᠲᠠᠳ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠤᠳᠤᠯᠭ᠎ᠠ ᠶᠢ ᠬᠦᠴᠦᠲᠡᠢ ᠬᠡᠷᠡᠭᠵᠢᠭᠦᠯᠵᠦ᠂ ︽ᠨᠢᠭᠡ ᠰᠡᠳᠬᠢᠯ | ᠤᠯᠠᠨ ᠬᠠᠷᠠᠭᠠᠰᠤ︾ ᠶᠢᠨ ᠴᠢᠳᠠᠪᠤᠷᠢᠲᠠᠨ ᠤ ᠠᠵᠢᠯ ᠤᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠳᠠᠪᠤᠷᠢᠲᠠᠳ ᠢ ᠪᠦᠬᠦ ᠲᠠᠯ᠎ᠠ ᠪᠠᠷ ᠬᠦᠮᠦᠵᠢᠭᠦᠯᠦᠨ᠂ ᠤᠷᠢᠨ | ᠠᠪᠴᠢᠷᠠᠵᠤ᠂ ᠰᠠᠶᠢᠲᠤᠷ ᠬᠡᠷᠡᠭᠯᠡᠨ᠂ ᠡᠬᠡ ᠤᠯᠤᠰ ᠤᠨ ᠤᠮᠠᠷᠠᠲᠤ ᠶᠢᠨ ᠦᠵᠡᠮᠵᠢ ᠶᠢᠨ ᠣᠷᠣᠨ ᠢ ᠨᠡᠩ ᠦᠵᠡᠰᠬᠦᠯᠡᠩᠲᠦ ᠰᠠᠶᠢᠬᠠᠨ ᠪᠦᠳᠦᠬᠡᠨ ᠪᠠᠶᠢᠭᠤᠯᠬᠤ᠂ ᠰᠢᠨ᠎ᠡ | ᠴᠠᠭ ᠦᠶ᠎ᠡ ᠶᠢᠨ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠪᠠᠲᠤ ᠪᠠᠬᠢ ᠴᠢᠳᠠᠪᠤᠷᠢᠲᠠᠨ ᠤ ᠰᠠᠭᠤᠷᠢ ᠶᠢ | ᠲᠠᠯᠪᠢᠬᠤ ᠪᠠᠷ ᠪᠤᠢ᠃ | ︽ᠬᠡᠷᠡᠭᠵᠢᠭᠦᠯᠬᠦ ᠰᠠᠨᠠᠯ︾ ᠳᠤ ᠰᠢᠨ᠎ᠡ ᠴᠠᠭ ᠦᠶ᠎ᠡ ᠶᠢᠨ ᠪᠥᠬᠦ ᠣᠷᠣᠨ ᠤ ᠴᠢᠳᠠᠪᠤᠷᠢᠲᠠᠨ ᠤ ᠠᠵᠢᠯ ᠤᠨ ᠵᠢᠯᠣᠭᠤᠳᠬᠤ ᠦᠵᠡᠯ ᠰᠠᠨᠠᠭ᠎ᠠ ᠪᠠ 2025 ᠣᠨ᠂ | 2030 ᠣᠨ᠂ 2035 ᠣᠨ ︽ᠭᠤᠷᠪᠠᠨ ᠠᠯᠬᠤᠮ ᠢᠶᠠᠷ ᠶᠠᠪᠤᠬᠤ︾ ᠬᠠᠷᠠᠯᠲᠠ ᠶᠢᠨ ᠡᠭᠦᠷᠭᠡ ᠶᠢ ᠲᠣᠳᠣᠷᠬᠠᠶ ᠲᠣᠭᠲᠠᠭᠠᠵᠤ᠂ ᠰᠢᠨ᠎ᠡ ᠴᠠᠭ ᠦᠶ᠎ᠡ ᠶᠢᠨ | ᠴᠢᠳᠠᠪᠤᠷᠢᠲᠠᠨ ᠤ ᠠᠵᠢᠯ ᠤᠨ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠳᠤ ᠰᠠᠭᠤᠷᠢᠯᠠᠨ᠂ ᠲᠠᠷᠠᠭᠠᠴᠢ ᠶᠢᠨ ᠱᠠᠲᠤᠨ ᠳᠠᠬᠢ ᠪᠦᠬᠦ ᠣᠷᠣᠨ ᠤ ᠴᠢᠳᠠᠪᠤᠷᠢᠲᠠᠨ ᠤ ᠠᠵᠢᠯ ᠳᠤ | ᠰᠢᠰᠲ᠋ᠧᠮ ᠲᠠᠢ ᠠᠷᠭ᠎ᠠ ᠪᠣᠳᠣᠯᠭ᠎ᠠ ᠠᠪᠤᠭᠰᠠᠨ ᠪᠠ ᠪᠠᠶᠢᠷᠢᠯᠠᠭᠤᠯᠤᠯᠲᠠ ᠬᠢᠵᠦ᠂ ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠮᠵᠢ ᠲᠣᠭᠲᠠᠴᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠴᠢᠳᠠᠪᠤᠷᠢᠲᠠᠨ ᠤ ᠬᠥᠭᠵᠢᠯᠲᠡ ᠶᠢᠨ ᠪᠠᠶᠢᠷᠢᠰᠢᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠬᠦ᠂ ᠴᠢᠳᠠᠪᠤᠷᠢᠲᠠᠨ ᠢ ᠣᠷᠢᠨ | ᠠᠪᠴᠢᠷᠠᠬᠤ ᠴᠢᠳᠠᠪᠤᠷᠢᠲᠠᠨ ᠢ ᠬᠦᠮᠦᠵᠢᠭᠦᠯᠬᠦ ᠴᠢᠳᠠᠪᠤᠷᠢᠲᠠᠨ ᠢ ᠴᠤᠭᠯᠠᠭᠤᠯᠬᠤ ᠡᠷᠴᠢᠮ ᠢᠶᠠᠨ ᠴᠢᠩᠭᠠᠷᠠᠭᠤᠯᠬᠤ᠂ ᠴᠢᠳᠠᠪᠤᠷᠢᠲᠠᠨ ᠤ ᠬᠥᠭᠵᠢᠯᠲᠡ ᠶᠢᠨ ᠲᠤᠯᠭᠠᠭᠤᠷᠢᠯᠠᠬᠤ | ᠲᠠᠪᠴᠠᠩ ᠢ ᠪᠠᠶᠢᠭᠤᠯᠬᠤ᠂ ᠴᠢᠳᠠᠪᠤᠷᠢᠲᠠᠳ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠭᠦᠯᠬᠦ ᠶᠢ ᠠᠬᠢᠭᠤᠯᠬᠤ᠂ | ᠴᠢᠳᠠᠪᠤᠷᠢᠲᠠᠳ ᠤᠨ ᠬᠥᠭᠵᠢᠯᠲᠡ ᠶᠢᠨ ᠰᠠᠶᠢᠨ ᠰᠠᠶᠢᠬᠠᠨ ᠣᠷᠴᠢᠨ ᠨᠥᠭᠦᠴᠡᠯ ᠢ ᠪᠤᠢ ᠪᠣᠯᠭᠠᠬᠤ ᠵᠡᠷᠭᠡ ᠲᠣᠭᠤᠷᠢᠨ ᠳᠤ 30 ᠵᠤᠷᠪᠤᠰ ᠪᠣᠳᠠᠲᠠᠢ ᠠᠷᠭ᠎ᠠ ᠬᠡᠮᠵᠢᠶ᠎ᠡ | ᠲᠣᠭᠲᠠᠭᠠᠵᠠᠢ᠂ ᠡᠨᠡ ᠬᠦ ︽ᠬᠡᠷᠡᠭᠵᠢᠭᠦᠯᠬᠦ ᠰᠠᠨᠠᠯ︾ ᠨᠢ ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠨᠡᠩ ᠪᠦᠷᠢᠨᠰᠢᠭᠦᠯᠦᠭᠰᠡᠨ᠂ ᠪᠦᠷᠬᠦᠴᠡ ᠨᠡᠩ ᠥᠷᠭᠡᠨ᠂ ᠦᠨ᠎ᠡ | ᠴᠡᠨ᠎ᠡ ᠨᠡᠩ ᠥᠨᠳᠥᠷ ᠪᠣᠯᠤᠭᠰᠠᠨ ᠰᠢᠨ᠎ᠡ ᠴᠠᠭ ᠦᠶ᠎ᠡ ᠶᠢᠨ ᠪᠦᠬᠦ ᠣᠷᠣᠨ ᠤ ᠴᠢᠳᠠᠪᠤᠷᠢᠲᠠᠨ ᠤ ᠠᠵᠢᠯ ᠢ ᠰᠠᠶᠢᠲᠤᠷ ᠬᠢᠬᠦ ᠲᠦᠷᠦ ᠶᠢᠨ ᠪᠤᠳᠤᠯᠭ᠎ᠠ ᠶᠢᠨ ᠴᠢᠨᠠᠷᠲᠠᠢ | ᠴᠢᠬᠤᠯᠠ ᠪᠢᠴᠢᠭ ᠮᠠᠲ᠋ᠧᠷᠢᠶᠠᠯ ᠪᠣᠯᠵᠠᠢ᠃ | ︽ᠬᠡᠷᠡᠭᠵᠢᠭᠦᠯᠬᠦ ᠰᠠᠨᠠᠯ︾ ᠳᠤ ᠴᠢᠬᠤᠯᠠᠴᠢᠯᠠᠭᠰᠠᠨ ᠨᠢ᠂ ᠴᠢᠳᠠᠪᠤᠷᠢᠲᠠᠨ ᠤ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠪᠠ | ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠠᠵᠢᠯ ᠤᠨ ᠡᠯ᠎ᠡ ᠵᠦᠢᠯ ᠤᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ | ᠬᠤᠯᠪᠣᠭᠳᠠᠯ ᠪᠥᠬᠦᠶ ᠡᠯ᠎ᠡ ᠰᠠᠯᠠᠭ᠎ᠠ ᠮᠥᠴᠢᠷ ᠤᠳ ᠴᠢᠳᠠᠪᠤᠷᠢᠲᠠᠨ ᠤ ᠠᠵᠢᠯ ᠤᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠴᠢᠬᠤᠯᠠ | ᠠᠵᠢᠯ ᠢ ᠠᠬᠢᠭᠤᠯᠬᠤ᠂ ᠭᠤᠤᠯᠳᠠᠯᠭ᠎ᠠ ᠲᠠᠢ ᠴᠢᠳᠠᠪᠤᠷᠢᠲᠠᠳ ᠲᠤ ᠦᠢᠯᠡᠴᠢᠯᠡᠬᠦ ᠶᠢ ᠰᠠᠶᠢᠲᠤᠷ ᠠᠳᠬᠤᠵᠤ᠂ ᠲᠣᠰ ᠰᠢᠰᠲ᠋ᠧᠮ ᠲᠣᠰ ᠠᠵᠢᠯ ᠲᠥᠷᠥᠯ ᠤᠨ ᠢᠶᠠᠨ | ᠴᠢᠳᠠᠪᠤᠷᠢᠲᠠᠳ ᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠴᠢᠳᠠᠪᠤᠷᠢᠲᠠᠳ ᠢ ᠤᠯᠤᠰ ᠲᠦᠷᠦ ᠶᠢᠨ ᠲᠠᠯ᠎ᠠ ᠪᠠᠷ ᠬᠥᠲᠥᠯᠥᠨ ᠳᠠᠭᠠᠭᠤᠯᠬᠤ ᠪᠠ | ᠤᠯᠤᠰ ᠲᠦᠷᠦ ᠶᠢᠨ ᠲᠠᠯ᠎ᠠ ᠪᠠᠷ ᠰᠢᠩᠭᠡᠭᠡᠨ ᠠᠪᠬᠤ ᠶᠢ ᠴᠢᠩᠭᠠᠳᠬᠠᠵᠤ᠂ ᠥᠷᠭᠡᠨ ᠤᠯᠠᠨ ᠴᠢᠳᠠᠪᠤᠷᠢᠲᠠᠳ ᠢ ᠬᠥᠲᠥᠯᠥᠨ ᠵᠢᠯᠣᠭᠤᠳᠴᠤ ᠪᠠᠶᠢᠭᠠᠳ ᠬᠦᠰᠡᠯᠡᠩ | ᠢᠲᠡᠭᠡᠯ ᠵᠣᠷᠢᠭ ᠢ ᠨᠢ ᠪᠠᠲᠤᠳᠬᠠᠵᠤ᠂ ᠤᠯᠤᠰ ᠲᠦᠷᠦ ᠶᠢᠨ ᠲᠠᠯ᠎ᠠ ᠪᠠᠷ ᠮᠡᠳᠡᠷᠡᠬᠦ ᠰᠡᠳᠬᠢᠯᠭᠡ ᠪᠠ ᠲᠥᠪᠯᠡᠩᠭᠦᠶ ᠬᠦᠴᠦᠨ ᠢ ᠨᠢ ᠴᠢᠩᠭᠠᠷᠠᠭᠤᠯᠬᠤ ᠬᠡᠷᠡᠭᠲᠡᠢ᠃ ᠡᠯ᠎ᠡ | ᠠᠵᠢᠯ ᠲᠥᠷᠥᠯ ᠤᠨ ᠨᠡᠶᠢᠲᠡᠯᠢᠭ ᠰᠢᠯᠢᠳᠡᠭ ᠴᠢᠳᠠᠪᠤᠷᠢᠲᠠᠳ ᠢ ᠭᠦᠨᠵᠡᠭᠡᠶ ᠠᠭᠤᠳᠠᠯᠵᠤ᠂ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠵᠣᠷᠢᠭ ᠰᠠᠨᠠᠭ᠎ᠠ ᠶᠢ ᠨᠢ | ᠶᠡᠭᠡ ᠪᠠᠷ ᠪᠠᠳᠠᠷᠠᠭᠤᠯᠤᠨ᠂ ᠬᠥᠮᠦᠨ ᠪᠦᠬᠦᠨ ᠴᠢᠳᠠᠪᠤᠷᠢᠲᠠᠨ ᠪᠣᠯᠬᠤ ᠶᠢ ᠬᠦᠰᠡᠬᠦ᠂ ᠬᠥᠮᠦᠨ ᠪᠦᠬᠦᠨ ᠴᠢᠳᠠᠪᠤᠷᠢᠲᠠᠨ ᠪᠣᠯᠬᠤ ᠪᠠᠷ ᠴᠢᠷᠮᠠᠶᠢᠬᠤ᠂ ᠬᠥᠮᠦᠨ ᠪᠦᠬᠦᠨ | ᠴᠢᠳᠠᠪᠤᠷᠢᠲᠠᠨ ᠪᠣᠯᠵᠣ ᠴᠢᠳᠠᠬᠤ᠂ ᠬᠥᠮᠦᠨ ᠪᠦᠬᠦᠨ ᠠᠪᠢᠶᠠᠰ ᠴᠢᠳᠠᠪᠤᠷᠢ ᠪᠠᠨ ᠪᠦᠷᠢᠨ ᠪᠠᠳᠠᠷᠠᠭᠤᠯᠵᠤ ᠴᠢᠳᠠᠬᠤ ᠠᠮᠢᠳᠤᠯᠢᠭ ᠪᠠᠶᠢᠳᠠᠯ ᠢ ᠴᠢᠷᠮᠠᠶᠢᠨ ᠪᠣᠶ ᠪᠣᠯᠭᠠᠬᠤ | ᠬᠡᠷᠡᠭᠲᠡᠢ ᠭᠡᠵᠡᠢ᠃ |