ᠬᠥᠬᠡᠬᠤᠲᠠ᠂ ᠤᠯᠠᠭᠠᠨᠴᠠᠪ ᠬᠤᠲᠠ ᠶᠢᠨ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ ᠤ ᠲᠠᠰ ᠤᠨ ᠠᠩᠬᠠᠨ ᠤ ᠦᠨᠡᠯᠡᠯᠲᠡ ᠶᠢᠨ ᠳ᠋ᠦᠩ ᠤᠨ ᠵᠠᠷᠯᠠᠯ
ᠨᠡᠶᠢᠲᠡᠯᠡᠭᠰᠡᠨ ᠴᠠᠭ᠄
2022/6/21
      ︽2022 ᠣᠨ ᠤ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠦᠨᠡᠯᠡᠵᠦ ᠰᠢᠯᠭᠠᠨ ᠠᠪᠬᠤ ᠠᠵᠢᠯ ᠢ ᠥᠷᠨᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠢᠳᠡᠭᠡᠨ ᠤ ᠠᠮᠤᠷ ᠲᠦᠪᠰᠢᠨ ᠤ ᠠᠯᠪᠠᠨ ᠭᠡᠷ ᠤᠨ ᠮᠡᠳᠡᠭᠳᠡᠯ︾ ︵ᠢᠳᠡᠭᠡᠨ ᠠᠮᠤᠷ ᠠᠯᠪᠠᠨ ﹇2021﹈ 15 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠬᠥᠬᠡᠬᠤᠲᠠ᠂ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠤᠶᠤᠴᠢᠯᠠᠯ ᠢᠶᠠᠷ᠂ ᠥᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠠᠯᠪᠠᠨ ᠭᠡᠷ ᠨᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠬᠠᠮᠲᠤᠷᠠᠨ᠂ ᠢᠳᠡᠭᠡᠨ ᠤ ᠠᠮᠤᠷ ᠲᠦᠪᠰᠢᠨ ᠤ ᠮᠡᠷᠭᠡᠵᠢᠯᠲᠡᠨ ᠢ ᠰᠣᠩᠭᠤᠨ ᠲᠣᠮᠢᠯᠠᠵᠤ ᠠᠵᠢᠯᠯᠠᠬᠤ ᠳᠤᠭᠤᠶᠢᠯᠠᠩ ᠪᠠᠶᠢᠭᠤᠯᠵᠤ᠂ ︽ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢᠨ ᠦᠨᠡᠯᠡᠯᠲᠡ ᠪᠠ ᠬᠠᠮᠢᠶᠠᠷᠤᠯᠲᠠ ᠶᠢᠨ ᠠᠷᠭ᠎ᠠ︾ ︽ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢᠨ ᠦᠨᠡᠯᠡᠯᠲᠡ ᠶᠢᠨ ᠨᠠᠷᠢᠨ ᠳᠦᠷᠢᠮ ︵2021 ᠬᠡᠪ︶︾ ︽ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢᠨ ᠮᠤᠵᠢ ᠶᠢᠨ ᠱᠠᠲᠤᠨ ᠤ ᠬᠢᠨᠠᠨ ᠲᠣᠭᠲᠠᠭᠠᠬᠤ ᠠᠵᠢᠯᠯᠠᠭᠠᠨ ᠤ ᠬᠥᠲᠦᠯᠦᠮᠵᠢ ︵2021 ᠬᠡᠪ︶︾ ᠵᠡᠷᠭᠡ ᠶᠢ ᠦᠨᠳᠦᠰᠦᠯᠡᠨ᠂ ᠮᠠᠲ᠋ᠧᠷᠢᠶᠠᠯ ᠢ ᠬᠢᠨᠠᠨ ᠪᠠᠶᠢᠴᠠᠭᠠᠬᠤ᠂ ᠲᠤᠬᠠᠢ ᠶᠢᠨ ᠭᠠᠵᠠᠷ ᠲᠤ ᠨᠢ ᠪᠠᠶᠢᠴᠠᠭᠠᠬᠤ ︵ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ︶᠂ ᠤᠳᠤᠷᠢᠳᠤᠯᠭ᠎ᠠ ᠶᠢ ᠰᠤᠷᠪᠤᠯᠵᠢᠯᠠᠬᠤ ᠵᠡᠷᠭᠡ ᠬᠡᠯᠪᠡᠷᠢ ᠪᠠᠷ ᠬᠤᠶᠠᠷ ᠬᠤᠲᠠ ᠳᠤ ᠠᠩᠬᠠᠨ ᠤ ᠦᠨᠡᠯᠡᠯᠲᠡ ᠬᠢᠪᠡ᠃ ᠠᠩᠬᠠᠨ ᠤ ᠦᠨᠡᠯᠡᠯᠲᠡ ᠶᠢᠨ ᠪᠠᠶᠢᠳᠠᠯ ᠢ ᠦᠨᠳᠦᠰᠦᠯᠡᠪᠡᠯ᠂ ᠬᠥᠬᠡᠬᠤᠲᠠ᠂ ᠤᠯᠠᠭᠠᠨᠴᠠᠪ ᠬᠤᠲᠠ ᠨᠢ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢᠨ ᠪᠠᠷᠢᠮᠵᠢᠶ᠎ᠠ ᠳᠤ ᠬᠦᠷᠴᠦ᠂ ᠥᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠠᠴᠠ ᠲᠥᠷᠥ ᠶᠢᠨ ᠶᠠᠪᠤᠳᠠᠯ ᠤᠨ ᠬᠤᠷᠢᠶᠠᠨ ᠤ ᠢᠳᠡᠭᠡᠨ ᠤ ᠠᠮᠤᠷ ᠲᠦᠪᠰᠢᠨ ᠤ ᠠᠯᠪᠠᠨ ᠭᠡᠷ ᠲᠤ ᠬᠥᠬᠡᠬᠤᠲᠠ ᠪᠠ ᠤᠯᠠᠭᠠᠨᠴᠠᠪ ᠬᠤᠲᠠ ᠶᠢ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢᠨ ᠨᠡᠷ᠎ᠡ ᠳᠤᠷᠠᠳᠤᠭᠰᠠᠨ ᠬᠤᠲᠠ ᠪᠠᠷ ᠲᠠᠨᠢᠯᠴᠠᠭᠤᠯᠬᠤ ᠶᠢᠨ ᠬᠠᠮᠲᠤ ᠲᠥᠷᠥ ᠶᠢᠨ ᠶᠠᠪᠤᠳᠠᠯ ᠤᠨ ᠬᠤᠷᠢᠶᠠᠨ ᠤ ᠢᠳᠡᠭᠡᠨ ᠤ ᠠᠮᠤᠷ ᠲᠦᠪᠰᠢᠨ ᠤ ᠠᠯᠪᠠᠨ ᠭᠡᠷ ᠤᠨ ᠰᠢᠯᠭᠠᠨ ᠠᠪᠬᠤ ᠶᠢ ᠭᠤᠶᠤᠴᠢᠯᠠᠬᠤ ᠪᠠᠷ ᠪᠣᠶ᠃      ᠨᠡᠶᠢᠭᠡᠮ ᠤᠨ ᠡᠯ᠎ᠡ ᠡᠲᠡᠭᠡᠳ ᠤᠨ ᠰᠠᠨᠠᠯ ᠢ ᠥᠷᠭᠡᠨ ᠢᠶᠠᠷ ᠰᠣᠨᠣᠰᠴᠤ᠂ ᠣᠯᠠᠨ ᠲᠦᠮᠡᠨ ᠤ ᠬᠢᠨᠠᠯᠲᠠ ᠶᠢ ᠬᠦᠯᠢᠶᠡᠬᠦ ᠶᠢᠨ ᠲᠤᠰᠠᠳᠠ᠂ ᠡᠳᠦᠭᠡ ︽ᠬᠥᠬᠡᠬᠤᠲᠠ ᠶᠢᠨ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠩᠬᠠᠨ ᠤ ᠦᠨᠡᠯᠡᠯᠲᠡ ᠶᠢᠨ ᠪᠠᠶᠢᠳᠠᠯ︾ ᠪᠠ ︽ᠤᠯᠠᠭᠠᠨᠴᠠᠪ ᠬᠤᠲᠠ ᠶᠢᠨ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠩᠬᠠᠨ ᠤ ᠦᠨᠡᠯᠡᠯᠲᠡ ᠶᠢᠨ ᠪᠠᠶᠢᠳᠠᠯ︾ ᠢ ᠨᠡᠶᠢᠭᠡᠮ ᠳᠤ ᠢᠯᠡ ᠨᠡᠶᠢᠲᠡᠯᠡᠪᠡ᠃ ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠶᠠᠮᠠᠷᠪᠠ ᠨᠢᠭᠡᠴᠢ ᠪᠠ ᠬᠤᠪᠢ ᠬᠥᠮᠥᠨ ᠴᠥᠮ ᠵᠠᠬᠢᠳᠠᠯ ᠢᠷᠡᠭᠦᠯᠬᠦ᠂ ᠤᠲᠠᠰᠤ ᠢᠷᠡᠭᠦᠯᠬᠦ ᠵᠡᠷᠭᠡ ᠠᠷᠭ᠎ᠠ ᠪᠠᠷ ᠰᠠᠨᠠᠯ ᠰᠠᠨᠠᠭᠤᠯᠭ᠎ᠠ ᠪᠠᠨ ᠲᠤᠰᠬᠠᠵᠤ ᠪᠣᠯᠣᠨ᠎ᠠ᠃ ᠠᠰᠠᠭᠤᠳᠠᠯ ᠢ ᠲᠤᠰᠬᠠᠬᠤ ᠳᠤ ᠪᠠᠨ ᠦᠨᠡᠨ ᠪᠣᠳᠠᠲᠠᠢ ᠦᠨᠳᠦᠰᠦ ᠪᠠᠷᠢᠮᠲᠠ ᠲᠠᠢ ᠪᠠᠶᠢᠵᠤ᠂ ᠨᠢᠭᠡᠴᠢ ᠶᠢᠨ ᠨᠡᠷ᠎ᠡ ᠪᠠᠷ ᠠᠰᠠᠭᠤᠳᠠᠯ ᠢ ᠲᠤᠰᠬᠠᠬᠤ ᠭᠡᠪᠡᠯ᠂ ᠠᠯᠪᠠᠨ ᠲᠠᠮᠠᠭ᠎ᠠ ᠳᠠᠷᠤᠬᠤ ᠬᠡᠷᠡᠭᠲᠡᠢ︔ ᠬᠤᠪᠢ ᠬᠥᠮᠥᠨ ᠤ ᠨᠡᠷ᠎ᠡ ᠪᠠᠷ ᠠᠰᠠᠭᠤᠳᠠᠯ ᠢ ᠲᠤᠰᠬᠠᠬᠤ ᠭᠡᠪᠡᠯ᠂ ᠲᠣᠰ ᠬᠥᠮᠥᠨ ᠤ ᠦᠨᠡᠨ ᠪᠣᠳᠠᠲᠠᠢ ᠣᠪᠣᠭ ᠨᠡᠷ᠎ᠡ ᠵᠢᠴᠢ ᠬᠦᠴᠦᠨ ᠪᠦᠬᠦᠢ ᠬᠠᠷᠢᠯᠴᠠᠬᠤ ᠠᠷᠭ᠎ᠠ ᠵᠡᠷᠭᠡ ᠮᠡᠳᠡᠭᠡ ᠵᠠᠩᠭᠢ ᠪᠠᠨ ᠬᠠᠩᠭᠠᠬᠤ ᠬᠡᠷᠡᠭᠲᠡᠢ᠃      ᠢᠯᠡ ᠨᠡᠶᠢᠲᠡᠯᠡᠬᠦ ᠴᠠᠭ᠄ 2022 ᠣᠨ ᠤ 6 ᠳ᠋ᠤᠭᠠᠷ ᠰᠠᠷ᠎ᠠ ᠶᠢᠨ 17 ᠤ ᠡᠳᠦᠷ ᠠᠴᠠ 2022 ᠣᠨ ᠤ 7 ᠳ᠋ᠤᠭᠠᠷ ᠰᠠᠷ᠎ᠠ ᠶᠢᠨ 1 ᠤ ᠡᠳᠦᠷ ᠪᠣᠯᠲᠠᠯ᠎ᠠ᠃      ᠬᠠᠷᠢᠯᠴᠠᠬᠤ ᠬᠥᠮᠥᠨ᠄ ᠶᠤᠸᠠᠨ ᠰᠢᠸ ᠯᠢᠩ      ᠬᠠᠷᠢᠯᠴᠠᠬᠤ ᠤᠲᠠᠰᠤ᠄ 0471-4320627 ︵ᠹᠠᠺᠰ︶      ᠢᠮᠧᠯ᠄ nmgsab@126.com      ᠬᠠᠷᠢᠯᠴᠠᠬᠤ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠢᠳᠡᠭᠡᠨ ᠢ ᠵᠣᠬᠢᠴᠠᠭᠤᠯᠤᠨ ᠰᠤᠭᠤᠴᠢᠨ ᠪᠠᠶᠢᠴᠠᠭᠠᠬᠤ ᠭᠠᠵᠠᠷ ︵ ᠶᠢᠨ ᠴᠢᠶᠣᠤ ᠨᠡᠭᠡᠭᠡᠯᠲᠡ ᠶᠢᠨ ᠲᠣᠭᠤᠷᠢᠭ ᠤᠨ ᠱᠢ ᠵᠢᠢ ᠳᠥᠷᠪᠡᠳᠦᠭᠡᠷ ᠵᠠᠮ︶      ᠳᠠᠭᠠᠯᠳᠤᠭᠤᠯᠤᠯ᠄ 1. ᠬᠥᠬᠡᠬᠤᠲᠠ ᠶᠢᠨ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠩᠬᠠᠨ ᠤ ᠦᠨᠡᠯᠡᠯᠲᠡ ᠶᠢᠨ ᠪᠠᠶᠢᠳᠠᠯ      2. ᠤᠯᠠᠭᠠᠨᠴᠠᠪ ᠬᠤᠲᠠ ᠶᠢᠨ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠩᠬᠠᠨ ᠤ ᠦᠨᠡᠯᠡᠯᠲᠡ ᠶᠢᠨ ᠪᠠᠶᠢᠳᠠᠯ
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ