ᠮᠠᠨ ᠤ ᠣᠷᠣᠨ ᠤ 6 ᠳ᠋ᠤᠭᠠᠷ ᠰᠠᠷ᠎ᠠ ᠶᠢᠨ 20 ᠤ ᠡᠳᠦᠷ ᠤᠨ 24 ᠴᠠᠭ ᠪᠣᠯᠲᠠᠯᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/6/21


      6 ᠳ᠋ᠤᠭᠠᠷ ᠰᠠᠷ᠎ᠠ ᠶᠢᠨ 20 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠳᠤ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃ ᠲᠤᠬᠠᠢ ᠶᠢᠨ ᠭᠠᠵᠠᠷ ᠤᠨ ᠲᠣᠳᠤᠯᠠᠭᠰᠠᠨ 28 ᠡᠪᠡᠳᠴᠢᠨ ᠤ ᠵᠢᠱᠢᠶ᠎ᠡ ᠢᠯᠡᠷᠢᠰᠢᠵᠦ ᠡᠮᠨᠡᠯᠭᠡ ᠠᠴᠠ ᠭᠠᠷᠪᠠ᠂ ᠡᠭᠦᠨ ᠳᠤ ᠤᠯᠠᠭᠠᠨᠬᠠᠳᠠ ᠬᠤᠲᠠ ᠶᠢᠨ 5 ᠡᠪᠡᠳᠴᠢᠨ ᠤ ᠵᠢᠱᠢᠶ᠎ᠡ ᠂ ᠰᠢᠯᠢ ᠶᠢᠨ ᠭᠤᠣᠯ ᠠᠶᠢᠮᠠᠭ ᠤᠨ 23 ᠡᠪᠡᠳᠴᠢᠨ ᠤ ᠵᠢᠱᠢᠶ᠎ᠡ ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ 10 ᠬᠠᠯᠳᠠᠪᠤᠷᠢᠯᠠᠭᠳᠠᠭᠴᠢ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠵᠠᠢ ︵ᠴᠥᠮ ᠰᠢᠯᠢ ᠶᠢᠨ ᠭᠤᠣᠯ ᠠᠶᠢᠮᠠᠭ ᠲᠤ ᠪᠤᠢ︶᠃
      6 ᠳ᠋ᠤᠭᠠᠷ ᠰᠠᠷ᠎ᠠ ᠶᠢᠨ 20 ᠤ ᠡᠳᠦᠷ ᠤᠨ 24 ᠴᠠᠭ ᠪᠣᠯᠲᠠᠯ᠎ᠠ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠳᠤ ᠣᠳᠤ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 224 ᠪᠠᠶᠢᠨ᠎ᠠ᠂ ᠡᠭᠦᠨ ᠳᠤ᠂ ᠤᠯᠠᠭᠠᠨᠬᠠᠳᠠ ᠬᠤᠲᠠ ᠳᠤ 56᠂ ᠰᠢᠯᠢ ᠶᠢᠨ ᠭᠤᠣᠯ ᠠᠶᠢᠮᠠᠭ ᠲᠤ 158 ᠪᠤᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 244 ᠪᠠᠶᠢᠨ᠎ᠠ᠂ ᠡᠭᠦᠨ ᠳᠤ ᠤᠯᠠᠭᠠᠨᠬᠠᠳᠠ ᠬᠤᠲᠠ ᠳᠤ 7᠂ ᠰᠢᠯᠢ ᠶᠢᠨ ᠭᠤᠣᠯ ᠠᠶᠢᠮᠠᠭ ᠲᠤ 237 ᠪᠤᠢ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 3 ︵ᠴᠦᠮ ᠬᠦᠬᠡᠬᠤᠳᠠ ᠳᠤ︶ ᠪᠤᠢ᠃ ᠪᠦᠬᠦᠨ ᠢ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠦᠮ ᠲᠣᠭᠲᠠᠭᠰᠠᠨ ᠲᠠᠯᠠᠪᠤᠷ ᠲᠤ ᠲᠦᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ