6 ᠳ᠋ᠤᠭᠠᠷ ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠢᠩᠬᠢᠮ ᠪᠥᠬᠦ ᠣᠷᠣᠨ ᠤ ᠬᠤᠲᠠ ᠶᠢᠨ ᠤᠰᠤ ᠭᠠᠳᠠᠭᠰᠢᠯᠠᠭᠤᠯᠵᠤ ᠤᠰᠤᠲᠤᠯ ᠢ ᠰᠡᠷᠭᠡᠶᠢᠯᠡᠬᠦ ᠠᠵᠢᠯ ᠤᠨ ᠸᠢᠳᠢᠣ᠋ ᠬᠤᠷᠠᠯ ᠢ ᠬᠤᠷᠠᠯᠳᠤᠭᠤᠯᠵᠤ᠂ ᠡᠨᠡ ᠵᠢᠯ ᠤᠨ ᠤᠰᠤ | ᠭᠠᠳᠠᠭᠰᠢᠯᠠᠭᠤᠯᠵᠤ ᠤᠰᠤᠲᠤᠯ ᠢ ᠰᠡᠷᠭᠡᠶᠢᠯᠡᠬᠦ ᠠᠵᠢᠯ ᠢ ᠳᠠᠬᠢᠨ ᠲᠣᠬᠢᠷᠠᠭᠤᠯᠤᠨ ᠪᠠᠶᠢᠷᠢᠯᠠᠭᠤᠯᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ | ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠢᠦᠢ ᠰᠢᠨ ᠹᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠬᠤᠲᠠ ᠶᠢᠨ ᠤᠰᠤ ᠭᠠᠳᠠᠭᠰᠢᠯᠠᠭᠤᠯᠵᠤ ᠤᠰᠤᠲᠤᠯ ᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠶᠢᠨ ᠴᠢᠬᠤᠯᠠ ᠠᠴᠢ | ᠬᠤᠯᠪᠣᠭᠳᠠᠯ ᠢ ᠭᠦᠨᠵᠡᠭᠡᠢ ᠲᠠᠨᠢᠵᠤ᠂ ᠡᠨᠡ ᠵᠢᠯ ᠤᠨ ᠪᠤᠳᠤᠯᠢᠶᠠᠨᠲᠠᠢ ᠪᠥᠭᠡᠳ ᠬᠤᠪᠢᠷᠠᠯᠲᠠ ᠶᠡᠬᠡᠲᠡᠢ ᠴᠠᠭ ᠠᠭᠤᠷ ᠤᠨ ᠪᠠᠶᠢᠳᠠᠯ ᠳᠤ ᠡᠷᠬᠡᠪᠰᠢ ᠰᠡᠷᠭᠡᠭ ᠬᠠᠨᠳᠤᠬᠤ | ᠬᠡᠷᠡᠭᠲᠡᠢ᠂ ᠥᠴᠥᠬᠡᠨ ᠴᠦ ᠰᠤᠯᠠᠷᠠᠭᠤᠯᠵᠤ ᠪᠣᠯᠬᠤ ᠦᠭᠡᠢ᠃ ᠡᠯ᠎ᠡ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠰᠠᠯᠠᠭ᠎ᠠ ᠮᠥᠴᠢᠷ ᠤᠳ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ︽2022 ᠣᠨ ᠤ ᠪᠥᠬᠦ ᠤᠯᠤᠰ ᠤᠨ ᠬᠤᠲᠠ ᠶᠢᠨ | ᠤᠰᠤ ᠭᠠᠳᠠᠭᠰᠢᠯᠠᠭᠤᠯᠵᠤ ᠤᠰᠤᠲᠤᠯ ᠢ ᠰᠡᠷᠭᠡᠶᠢᠯᠡᠬᠦ ᠠᠮᠤᠷ ᠲᠦᠪᠰᠢᠨ ᠤ ᠬᠠᠷᠢᠭᠤᠴᠠᠯᠭᠠᠲᠠᠨ ᠤ ᠨᠡᠷᠡᠰ ᠤᠨ ᠲᠤᠬᠠᠢ ᠵᠠᠷᠯᠠᠯ︾ ᠶᠣᠰᠣᠭᠠᠷ᠂ ᠤᠰᠤ | ᠭᠠᠳᠠᠭᠰᠢᠯᠠᠭᠤᠯᠵᠤ ᠤᠰᠤᠲᠤᠯ ᠢ ᠰᠡᠷᠭᠡᠶᠢᠯᠡᠬᠦ ᠡᠳᠦᠷ ᠲᠤᠲᠤᠮ ᠤᠨ ᠰᠡᠷᠭᠡᠶᠢᠯᠡᠯᠲᠡ ᠪᠠ ᠬᠡᠷᠡᠭ ᠤᠨ ᠡᠮᠦᠨᠡᠬᠢ᠂ ᠬᠡᠷᠡᠭ ᠤᠨ ᠳᠤᠮᠳᠠᠬᠢ᠂ ᠬᠡᠷᠡᠭ ᠤᠨ ᠳᠠᠷᠠᠭᠠᠬᠢ ᠪᠥᠬᠦ | ᠶᠠᠪᠤᠴᠠ ᠶᠢᠨ ᠤᠳᠤᠷᠢᠳᠬᠤ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠬᠤ ᠬᠡᠷᠡᠭᠲᠡᠢ᠃ ᠬᠤᠳᠠ ᠶᠢᠨ ᠦᠶᠡᠷ ᠤᠰᠤᠲᠤᠯ ᠤᠨ ᠪᠠᠭᠤᠷᠠᠢ ᠭᠤᠭᠴᠤᠭ᠎ᠠ ᠶᠢ | ᠦᠷᠭᠦᠯᠵᠢᠯᠡᠨ ᠪᠠᠶᠢᠴᠠᠭᠠᠵᠤ᠂ ᠠᠮᠠᠷᠬᠠᠨ ᠤᠰᠤ ᠲᠣᠨᠣᠬᠤ ᠭᠠᠵᠠᠷ ᠤᠨ ᠠᠮᠤᠷ ᠲᠦᠪᠰᠢᠨ ᠤ ᠰᠡᠷᠭᠡᠶᠢᠯᠡᠯᠲᠡ᠂ ᠪᠠᠴᠢᠮ ᠪᠠᠶᠢᠳᠠᠯ ᠢ ᠠᠷᠭᠠᠴᠠᠭᠠᠬᠤ ᠡᠩᠨᠡᠭᠡ ᠪᠣᠯᠣᠨ | ᠲᠤᠨᠤᠭ ᠲᠥᠬᠦᠭᠡᠷᠦᠮᠵᠢ ᠡᠳ᠋ ᠪᠠᠷᠠᠭ᠎ᠠ ᠶᠢᠨ ᠪᠡᠯᠡᠳᠬᠡᠯ ᠠᠵᠢᠯ ᠢ ᠰᠠᠶᠢᠲᠤᠷ ᠬᠢᠵᠦ᠂ ᠴᠠᠭ ᠠᠭᠤᠷ᠂ ᠤᠰᠤᠨ ᠠᠰᠢᠭᠯᠠᠯᠲᠠ᠂ ᠪᠠᠴᠢᠮ ᠪᠠᠶᠢᠳᠠᠯ ᠢ ᠠᠷᠭᠠᠴᠠᠭᠠᠬᠤ ᠵᠡᠷᠭᠡ | ᠰᠠᠯᠠᠭ᠎ᠠ ᠮᠥᠴᠢᠷ ᠯᠦᠭᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠣᠷᠣᠭᠠᠨ ᠣᠷᠣᠮᠠᠭᠴᠠ ᠳᠠᠷᠤᠢ ᠲᠦᠷᠭᠡᠨ ᠲᠤᠰᠬᠠᠢ ᠬᠥᠮᠥᠨ ᠲᠣᠬᠢᠷᠠᠭᠤᠯᠤᠨ ᠲᠤᠬᠠᠢ ᠶᠢᠨ | ᠲᠠᠯᠠᠪᠠᠢ ᠳᠤ ᠬᠦᠷᠴᠦ ᠪᠠᠶᠢᠴᠠᠭᠠᠨ ᠦᠵᠡᠵᠦ ᠰᠢᠢᠳᠪᠦᠷᠢᠯᠡᠬᠦ ᠬᠡᠷᠡᠭᠲᠡᠢ᠃ ᠬᠡᠰᠡᠭ ᠭᠠᠵᠠᠷ ᠲᠤ ᠰᠢᠷᠦᠭᠦᠨ ᠪᠣᠷᠣᠭᠠᠨ ᠣᠷᠣᠬᠤ ᠶᠢ ᠣᠨᠴᠠᠭᠠᠶᠢᠯᠠᠨ ᠰᠡᠷᠭᠡᠶᠢᠯᠡᠵᠦ᠂ | ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠠᠵᠢᠯ ᠢ ᠠᠷᠭᠠᠴᠠᠭᠠᠬᠤ ᠪᠠᠶᠢᠷᠢᠯᠠᠭᠤᠯᠤᠯᠲᠠ ᠶᠢ ᠤᠷᠢᠳᠴᠢᠯᠠᠨ ᠰᠠᠶᠢᠲᠤᠷ ᠬᠢᠵᠦ᠂ 2022 ᠣᠨ ᠤ ᠦᠶᠡᠷ ᠤᠨ | ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃ | ᠬᠤᠷᠠᠯ ᠢ ᠸᠢᠳᠢᠤ᠋ ᠶᠢᠨ ᠬᠡᠯᠪᠡᠷᠢ ᠪᠠᠷ ᠬᠤᠷᠠᠯᠳᠤᠭᠤᠯᠵᠤ᠂ ᠲᠢᠩᠬᠢᠮ ᠤᠨ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠭᠠᠵᠠᠷ᠂ ᠲᠥᠯᠥᠪᠯᠡᠭᠡ ᠡᠳ᠋ ᠤᠨ | ᠶᠠᠪᠤᠳᠠᠯ ᠤᠨ ᠭᠠᠵᠠᠷ᠂ ᠬᠤᠳᠠ ᠬᠥᠳᠡᠭᠡ ᠶᠢᠨ ᠰᠠᠭᠤᠷᠢᠰᠢᠬᠤ ᠣᠷᠴᠢᠨ ᠲᠣᠭᠤᠷᠢᠨ ᠤ ᠬᠥᠭᠵᠢᠯᠲᠡ ᠶᠢ ᠠᠬᠢᠭᠤᠯᠬᠤ ᠲᠥᠪ ᠤᠨ ᠬᠠᠷᠢᠭᠤᠴᠠᠯᠭᠠᠲᠠᠨ ᠨᠥᠬᠦᠳ ᠭᠤᠣᠯ | ᠬᠤᠷᠠᠯ ᠤᠨ ᠲᠠᠯᠠᠪᠠᠢ ᠳᠤ ᠣᠷᠣᠯᠴᠠᠪᠠ᠃ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ | ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠨᠥᠬᠦᠳ ᠠᠶᠢᠮᠠᠭ ᠬᠤᠲᠠ ᠶᠢᠨ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃ |