3 ᠲᠦᠮᠡᠨ ᠡᠮᠡᠭᠲᠡᠢ ᠬᠦᠳᠡᠯᠮᠦᠷᠢᠴᠢᠳ ᠲᠤ ᠰᠦᠢᠳᠬᠡᠯ ᠬᠤᠷᠢᠶᠠᠬᠤ ᠦᠭᠡᠢ ᠪᠠᠷ ︽ᠬᠤᠶᠠᠷ ᠥᠮᠡᠨ︾ ᠢ ᠰᠢᠭᠰᠢᠨ ᠪᠠᠶᠢᠴᠠᠭᠠᠬᠤ ᠠᠰᠢᠭ ᠬᠦᠷᠲᠡᠭᠡᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2022/6/22

      6 ᠳ᠋ᠤᠭᠠᠷ ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠠᠴᠠ ᠣᠶᠢᠯᠠᠭᠠᠭᠰᠠᠨ ᠢᠶᠠᠷ᠂ ᠡᠮᠡᠭᠲᠡᠢ ᠬᠥᠳᠡᠯᠮᠦᠷᠢᠴᠢᠳ ᠤᠨ ᠡᠷᠡᠭᠦᠯ ᠮᠡᠨᠳᠦ ᠶᠢᠨ ᠡᠷᠬᠡ ᠠᠰᠢᠭ ᠢ ᠪᠠᠲᠤᠯᠠᠵᠤ᠂ ᠡᠮᠡᠭᠲᠡᠢ ᠬᠥᠳᠡᠯᠮᠦᠷᠢᠴᠢᠳ ᠤᠨ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠡᠮᠡᠭᠲᠡᠢ ᠬᠥᠳᠡᠯᠮᠦᠷᠢᠴᠢᠳ ᠤᠨ ᠰᠠᠪᠠ ᠶᠢᠨ ᠬᠦᠵᠦᠭᠦᠨ ᠤ ᠥᠮᠡᠨ᠂ ᠬᠥᠬᠦᠨ ᠪᠤᠯᠴᠢᠷᠬᠠᠢ ᠶᠢᠨ ᠥᠮᠡᠨ ᠢ ᠡᠷᠲᠡ ᠢᠯᠡᠷᠡᠭᠦᠯᠬᠦ᠂ ᠡᠷᠲᠡ ᠣᠨᠣᠰᠢᠯᠠᠬᠤ᠂ ᠡᠷᠲᠡ ᠡᠮᠨᠡᠨ ᠵᠠᠰᠠᠬᠤ ᠶᠢ ᠪᠡᠶᠡᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠪᠥᠬᠦ ᠣᠷᠣᠨ ᠤ 3 ᠲᠦᠮᠡᠨ ᠰᠢᠨ᠎ᠡ ᠠᠵᠢᠯ ᠲᠦᠷᠦᠯ ᠤᠨ ᠪᠠᠶᠢᠳᠠᠯ᠂ ᠰᠢᠨ᠎ᠡ ᠠᠵᠢᠯ ᠣᠯᠭᠤᠯᠲᠠ ᠶᠢᠨ ᠬᠡᠯᠪᠡᠷᠢ ᠪᠠᠶᠢᠳᠠᠯ ᠤᠨ ᠡᠮᠡᠭᠲᠡᠢ ᠬᠦᠳᠡᠯᠮᠦᠷᠢᠴᠢᠳ ᠵᠡᠷᠭᠡ ᠬᠦᠮᠦᠰ ᠲᠤ ᠰᠦᠢᠳᠬᠡᠯ ᠬᠤᠷᠢᠶᠠᠬᠤ ᠦᠭᠡᠢ ᠪᠠᠷ ︽ ᠬᠤᠶᠠᠷ ᠥᠮᠡᠨ︾ ᠢ ᠰᠢᠭᠰᠢᠨ ᠪᠠᠶᠢᠴᠠᠭᠠᠬᠤ ᠦᠢᠯᠡᠴᠢᠯᠡᠭᠡ ᠥᠷᠨᠢᠭᠦᠯᠬᠦ ᠪᠠᠷ ᠲᠣᠭᠲᠠᠪᠠ᠃
      ᠣᠶᠢᠯᠠᠭᠠᠭᠰᠠᠨ ᠢᠶᠠᠷ᠂ ᠲᠣᠰ ᠤᠳᠠᠭᠠᠨ ᠤ ᠰᠢᠭᠰᠢᠨ ᠪᠠᠶᠢᠴᠠᠭᠠᠬᠤ ᠦᠢᠯᠡᠴᠢᠯᠡᠭᠡ ᠶᠢᠨ ᠭᠤᠣᠯᠳᠠᠯᠭ᠎ᠠ ᠶᠢ ᠪᠦᠬᠦᠯᠢ 35 ᠨᠠᠰᠤᠨ ᠠᠴᠠ ᠪᠦᠬᠦᠯᠢ 60 ᠨᠠᠰᠤ ᠬᠦᠷᠲᠡᠯᠡᠬᠢ ᠡᠮᠡᠭᠲᠡᠢ ᠪᠠᠷᠠᠭᠠᠨ ᠤ ᠲᠡᠷᠭᠡᠨ ᠵᠢᠯᠣᠭᠤᠴᠢ᠂ ᠡᠮᠡᠭᠲᠡᠢ ᠰᠦᠯᠵᠢᠶ᠎ᠡ ᠪᠠᠷ ᠪᠣᠯᠵᠣᠬᠤ ᠬᠡᠯᠪᠡᠷᠢ ᠶᠢᠨ ᠲᠡᠷᠭᠡᠨ ᠵᠢᠯᠣᠭᠤᠴᠢ᠂ ᠡᠮᠡᠭᠲᠡᠢ ᠲᠦᠷᠭᠡᠨ ᠢᠯᠡᠭᠡᠯᠲᠡ ᠬᠦᠷᠭᠡᠭᠴᠢ᠂ ᠡᠮᠡᠭᠲᠡᠢ ᠬᠤᠭᠤᠯᠠ ᠬᠦᠷᠭᠡᠭᠴᠢ ᠵᠡᠷᠭᠡ ᠰᠢᠨ᠎ᠡ ᠠᠵᠢᠯ ᠲᠦᠷᠦᠯ ᠤᠨ ᠪᠠᠶᠢᠳᠠᠯ᠂ ᠠᠵᠢᠯ ᠣᠯᠭᠤᠯᠲᠠ ᠶᠢᠨ ᠰᠢᠨ᠎ᠡ ᠬᠡᠯᠪᠡᠷᠢ ᠪᠠᠶᠢᠳᠠᠯ ᠤᠨ ᠡᠮᠡᠭᠲᠡᠢ ᠬᠦᠳᠡᠯᠮᠦᠷᠢᠴᠢᠳ ᠳᠤ ᠬᠠᠨᠳᠤᠭᠤᠯᠵᠤ᠂ ᠪᠦᠬᠦᠯᠢ 35 ᠨᠠᠰᠤᠨ ᠠᠴᠠ ᠪᠦᠬᠦᠯᠢ 60 ᠨᠠᠰᠤ ᠬᠦᠷᠲᠡᠯᠡᠬᠢ ᠡᠮᠡᠭᠲᠡᠢ ᠠᠰᠠᠷᠠᠭᠴᠢ ᠰᠤᠪᠢᠯᠠᠭᠴᠢ᠂ ᠡᠮᠡᠭᠲᠡᠢ ᠭᠡᠷ ᠠᠬᠤᠢ ᠶᠢᠨ ᠦᠢᠯᠡᠴᠢᠯᠡᠭᠴᠢ᠂ ᠡᠮᠡᠭᠲᠡᠢ ᠠᠳᠠᠯ ᠠᠬᠤᠢ ᠶᠢᠨ ᠴᠡᠪᠡᠷᠯᠡᠭᠴᠢ᠂ ᠡᠮᠡᠭᠲᠡᠢ ᠣᠷᠴᠢᠨ ᠲᠣᠭᠤᠷᠢᠨ ᠢ ᠴᠡᠪᠡᠷᠯᠡᠭᠴᠢ ᠠᠵᠢᠯᠴᠢᠨ ᠵᠡᠷᠭᠡ ᠬᠦᠮᠦᠰ ᠲᠤ ᠦᠢᠯᠡᠴᠢᠯᠡᠭᠡ ᠶᠢ ᠦᠷᠭᠡᠳᠬᠡᠨ᠎ᠡ᠃
      ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ︽ᠬᠤᠶᠠᠷ ᠥᠮᠡᠨ︾ ᠢ ᠰᠢᠭᠰᠢᠨ ᠪᠠᠶᠢᠴᠠᠭᠠᠬᠤ ᠲᠤᠰᠬᠠᠢ ᠪᠡᠯᠡ ᠮᠥᠩᠭᠦ 378 ᠲᠦᠮᠡᠨ ᠲᠥᠭᠦᠷᠢᠭ ᠭᠠᠷᠭᠠᠵᠤ᠂ ᠠᠶᠢᠮᠠᠭ ᠬᠤᠲᠠ᠂ ᠠᠵᠤ ᠦᠢᠯᠡᠰ ᠤᠨ ᠠᠵᠢᠯᠴᠢᠨ ᠤ ᠡᠪᠯᠡᠯ ᠤᠨ ᠮᠡᠳᠡᠭᠦᠯᠦᠭᠰᠡᠨ ᠨᠥᠬᠦᠴᠡᠯ ᠳᠤ ᠨᠡᠶᠢᠴᠡᠬᠦ ᠬᠥᠮᠥᠨ ᠤ ᠲᠤᠭ᠎ᠠ ᠶᠢ ᠦᠨᠳᠦᠰᠦᠯᠡᠨ ᠨᠥᠬᠦᠪᠦᠷᠢ ᠥᠭᠬᠦ ᠪᠣᠯᠣᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ