ᠮᠠᠨ ᠤ ᠣᠷᠣᠨ ᠤ 6 ᠳ᠋ᠤᠭᠠᠷ ᠰᠠᠷ᠎ᠠ ᠶᠢᠨ 21 ᠤ ᠡᠳᠦᠷ ᠤᠨ 24 ᠴᠠᠭ ᠪᠣᠯᠲᠠᠯᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/6/22

      6 ᠳ᠋ᠤᠭᠠᠷ ᠰᠠᠷ᠎ᠠ ᠶᠢᠨ 21 ᠤ ᠡᠳᠦᠷ ᠤᠨ 0 ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 1 ᠨᠡᠮᠡᠭᠳᠡᠪᠡ ︵ᠰᠢᠯᠢ ᠶᠢᠨ ᠭᠤᠣᠯ ᠠᠶᠢᠮᠠᠭ ᠲᠤ ᠪᠣᠢ︶᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 1 ︵ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠨ︶ ᠨᠡᠮᠡᠭᠳᠡᠪᠡ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 2 ︵ᠴᠥᠮ ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠨ︶ ᠨᠡᠮᠡᠭᠳᠡᠪᠡ᠃ ᠲᠤᠬᠠᠢ ᠶᠢᠨ ᠭᠠᠵᠠᠷ ᠤᠨ ᠲᠣᠳᠣᠯᠠᠭᠰᠠᠨ 39 ᠡᠪᠡᠳᠴᠢᠨ ᠤ ᠵᠢᠱᠢᠶ᠎ᠡ ᠢᠯᠠᠷᠢᠰᠢᠵᠤ ᠡᠮᠨᠡᠯᠭᠡ ᠠᠴᠠ ᠭᠠᠷᠪᠠ᠃ ᠡᠭᠦᠨ ᠳᠤ ᠤᠯᠠᠭᠠᠨᠬᠠᠳᠠ ᠬᠤᠲᠠ ᠳᠤ 7᠂ ᠰᠢᠯᠢ ᠶᠢᠨ ᠭᠤᠣᠯ ᠠᠶᠢᠮᠠᠭ ᠲᠤ 32᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ 38 ᠬᠠᠯᠳᠠᠪᠤᠷᠢᠯᠠᠭᠳᠠᠭᠴᠢ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠵᠠᠢ ︵ᠴᠥᠮ ᠰᠢᠯᠢ ᠶᠢᠨ ᠭᠤᠣᠯ ᠠᠶᠢᠮᠠᠭ ᠲᠤ ᠪᠣᠶ︶᠃

      6 ᠳ᠋ᠤᠭᠠᠷ ᠰᠠᠷ᠎ᠠ ᠶᠢᠨ 21 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠲᠣ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 186 ᠪᠠᠶᠢᠵᠤ᠂ ᠡᠭᠦᠨ ᠳᠤ ᠤᠯᠠᠭᠠᠨᠬᠠᠳᠠ ᠬᠤᠲᠠ ᠳᠤ 49᠂ ᠰᠢᠯᠢ ᠶᠢᠨ ᠭᠤᠣᠯ ᠠᠶᠢᠮᠠᠭ ᠲᠤ 137 ᠪᠣᠶ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 206 ᠪᠠᠶᠢᠵᠤ᠂ ᠡᠭᠦᠨ ᠳᠤ ᠤᠯᠠᠭᠠᠨᠬᠠᠳᠠ ᠬᠤᠲᠠ ᠳᠤ 7᠂ ᠰᠢᠯᠢ ᠶᠢᠨ ᠭᠤᠣᠯ ᠠᠶᠢᠮᠠᠭ ᠲᠤ 199 ᠪᠣᠶ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ 1 ᠡᠪᠡᠳᠴᠢᠨ ᠤ ᠵᠢᠱᠢᠶ᠎ᠡ ︵ᠬᠥᠬᠡᠬᠤᠲᠠ ᠳᠤ︶ ᠪᠣᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 5 ︵ᠴᠥᠮ ᠬᠥᠬᠡᠬᠤᠲᠠ ᠳᠤ︶ ᠪᠣᠢ᠃ ᠪᠥᠬᠦᠨ ᠢ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠲᠠᠯᠠᠪᠤᠷ ᠲᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ