6 ᠰᠠᠷ᠎ᠠ ᠶᠢᠨ 21 ᠤ ᠡᠳᠦᠷ ᠠᠴᠠ 22 ᠤᠨ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ | ᠤᠯᠠᠭᠠᠨᠬᠠᠳᠠ ᠬᠤᠲᠠ ᠳᠤ ᠭᠦᠨᠵᠡᠭᠡᠶᠢᠷᠡᠵᠦ᠂ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠶᠢᠨ | ᠲᠣᠭᠤᠷᠢᠨ ᠳᠤ ᠪᠠᠶᠢᠴᠠᠭᠠᠨ ᠰᠤᠳᠤᠯᠵᠠᠢ᠃ | | | | | | | | | | | ᠰᠦᠨ ᠱᠤᠤ ᠴᠧᠩ ᠤᠷᠢᠳ ᠬᠤᠵᠢᠳ ᠬᠤᠶᠠᠷ ᠶᠠᠷᠢᠯᠴᠠᠬᠤ ᠬᠤᠷᠠᠯ ᠡᠷᠬᠢᠯᠡᠨ ᠬᠤᠷᠠᠯᠳᠤᠭᠤᠯᠵᠤ᠂ ᠦᠨᠳᠦᠰᠦᠨ ᠱᠠᠲᠤᠨ ᠤ ᠲᠥᠯᠥᠭᠡᠯᠡᠭᠴᠢ ᠪᠣᠯᠤᠨ | ᠤᠯᠠᠭᠠᠨᠬᠠᠳᠠ ᠬᠤᠳᠠ ᠶᠢᠨ ᠬᠡᠳᠦᠨ ᠤᠳᠤᠷᠢᠳᠬᠤ ᠪᠠᠭ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠨᠥᠬᠦᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠤᠯᠠᠨ ᠤ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠪᠠ᠃ ᠲᠡᠷᠡ᠂ ᠣᠳᠣᠬᠠᠨ ᠳᠤ ᠥᠪᠥᠷ ᠮᠣᠩᠭᠤᠯ | ᠶᠠᠭ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ᠂ ᠡᠯ᠎ᠡ ᠲᠠᠯ᠎ᠠ ᠶᠢᠨ ᠠᠵᠢᠯ ᠢ ᠰᠠᠶᠢᠲᠤᠷ ᠬᠢᠬᠦ ᠳᠤ ᠴᠢᠬᠤᠯᠠ | ᠪᠥᠭᠡᠳ ᠲᠤᠯᠭᠠᠮ ᠪᠠᠶᠢᠭ᠎ᠠ ᠶᠠᠪᠤᠳᠠᠯ ᠪᠣᠯ ᠺᠠᠳ᠋ᠷ ᠤᠨ ᠴᠤᠭ ᠵᠤᠷᠢᠭ ᠢ ᠬᠥᠭᠵᠢᠭᠡᠵᠦ᠂ ᠵᠣᠷᠢᠭᠲᠠᠢ ᠪᠠᠷ ᠠᠵᠢᠯ ᠬᠢᠵᠦ ᠦᠢᠯᠡᠰ ᠪᠤᠰᠬᠠᠬᠤ ᠣᠷᠴᠢᠨ ᠢ ᠪᠤᠢ ᠪᠣᠯᠭᠠᠵᠤ᠂ | ᠤᠯᠠᠨ ᠢ ᠡᠷᠡᠬᠡᠯᠵᠡᠯ ᠲᠠᠷᠤᠭᠠᠰᠤ ᠦᠭᠡᠢ ᠪᠠᠷ ᠰᠢᠭᠤᠷᠬᠠᠶᠢᠯᠠᠨ ᠤᠷᠤᠬᠤ᠂ ᠵᠣᠷᠢᠭᠲᠠᠢ ᠪᠠᠷ ᠭᠠᠪᠰᠢᠭᠠᠶᠢᠯᠠᠨ ᠠᠵᠢᠯᠯᠠᠬᠤ ᠪᠤᠯᠭᠠᠬᠤ ᠬᠡᠷᠡᠭᠳᠠᠢ ᠭᠡᠵᠤ ᠬᠡᠯᠡᠵᠠᠢ᠃ | ᠰᠦᠨ ᠱᠤᠤ ᠴᠧᠩ᠂ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠳᠤ᠂ ᠡᠩ ᠲᠡᠷᠢᠭᠦᠨ ᠳᠤ ᠡᠯ᠎ᠡ | ᠱᠠᠲᠤᠨ ᠤ ᠤᠳᠤᠷᠢᠳᠬᠤ ᠪᠠᠶᠢᠭᠤᠯᠭ᠎ᠠ ᠲᠦᠷᠦᠭᠦᠯᠡᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠺᠠᠳ᠋ᠷ ᠢ ᠬᠠᠮᠢᠶᠠᠷᠬᠤ ᠰᠠᠯᠠᠭ᠎ᠠ ᠮᠥᠴᠢᠷ | ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠤᠳᠤᠷᠢᠳᠬᠤ ᠺᠠᠳ᠋ᠷᠴᠤᠳ ᠲᠦᠷᠦᠬᠦᠯᠡᠨ ᠬᠢᠵᠤ᠂ ᠪᠡᠶ᠎ᠡ ᠪᠠᠷ ᠢᠶᠠᠨ ᠬᠡᠪ ᠳᠠᠭᠤᠷᠢᠶᠠᠯ | ᠪᠤᠯᠵᠤ᠂ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠠᠴᠠ ᠡᠬᠢᠯᠡᠨ ᠬᠢᠵᠦ᠂ ᠳᠡᠭᠡᠳᠤ ᠱᠠᠳᠤ ᠨᠢ ᠳᠤᠤᠷᠠᠳᠤ ᠱᠠᠳᠤ ᠪᠠᠨ ᠳᠠᠭᠠᠭᠤᠯᠵᠤ᠂ ᠰᠠᠶᠢᠨ ᠬᠡᠪ | ᠰᠤᠷᠲᠠᠯ ᠢ ᠪᠤᠢ ᠪᠣᠯᠭᠠᠬᠤ ᠬᠡᠷᠡᠭᠲᠡᠢ᠃ ᠬᠢᠨᠠᠨ ᠰᠢᠯᠭᠠᠬᠤ ᠠᠵᠢᠯ ᠤᠨ ᠵᠢᠯᠤᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠯᠢᠳᠡᠭ ᠵᠢᠱᠢᠶᠡᠴᠢ ᠺᠠᠳ᠋ᠷ ᠢ | ᠶᠡᠭᠡ ᠪᠠᠷ ᠮᠠᠭᠲᠠᠨ ᠰᠠᠶᠢᠰᠢᠶᠠᠵᠤ᠂ ᠵᠣᠷᠢᠭᠲᠠᠢ ᠪᠠᠷ ᠰᠣᠩᠭᠤᠨ ᠬᠡᠷᠡᠭᠯᠡᠵᠦ᠂ ᠵᠥᠪ ᠣᠨᠣᠪᠴᠢᠲᠠᠢ ᠬᠥᠮᠦᠨ ᠰᠣᠩᠭᠤᠵᠤ ᠬᠥᠮᠦᠨ ᠬᠡᠷᠡᠭᠯᠡᠬᠦ ᠤᠳᠤᠷᠢᠳᠤᠮᠵᠢ ᠶᠢ ᠢᠯᠡ | ᠲᠣᠳᠣ ᠪᠤᠢ ᠪᠣᠯᠭᠠᠬᠤ ᠬᠡᠷᠡᠭᠲᠡᠢ᠃ ᠬᠦᠮᠦᠨ ᠪᠠ ᠬᠡᠷᠡᠭ ᠶᠠᠪᠤᠳᠠᠯ ᠤᠨ ᠦᠨᠡᠨ ᠮᠦᠨ ᠴᠢᠨᠡᠷ ᠲᠤ ᠬᠠᠨᠳᠤᠭᠤᠯᠤᠨ ᠠᠯᠳᠠᠭ᠎ᠠ ᠪᠤᠷᠤᠭᠤ ᠶᠢ ᠠᠭᠤᠴᠢᠯᠠᠨ ᠪᠠᠭᠳᠠᠭᠠᠵᠤ | ᠠᠯᠳᠠᠭ᠎ᠠ ᠪᠤᠷᠤᠭᠤ ᠶᠢ ᠵᠠᠯᠠᠷᠠᠭᠤᠯᠬᠤ ᠲᠣᠭᠲᠡᠴᠡ ᠶᠢ ᠨᠠᠶᠢᠳᠠᠪᠤᠷᠢᠵᠢᠭᠤᠯᠵᠤ᠂ ᠠᠭᠤᠴᠢᠯᠠᠨ ᠪᠠᠭᠳᠠᠭᠠᠬᠤ ᠶᠤᠰᠤᠳᠠᠢ ᠪᠦᠬᠦᠨ ᠢ ᠠᠭᠤᠴᠢᠯᠠᠨ ᠪᠠᠭᠲᠠᠭᠠᠵᠤ᠂ | ᠠᠭᠤᠴᠢᠯᠠᠨ ᠪᠠᠭᠳᠠᠭᠠᠵᠤ ᠳᠡᠶᠢᠯᠬᠦ ᠪᠦᠬᠦᠨ ᠢ ᠠᠭᠤᠴᠢᠯᠠᠨ ᠪᠠᠭᠲᠠᠭᠠᠬᠤ ᠬᠡᠷᠡᠭᠲᠡᠶ᠃ ᠣᠨᠢᠨ ᠲᠡᠭᠡᠷ᠎ᠡ ᠨᠢ ᠬᠠᠷᠢᠭᠤᠴᠠᠯᠭ᠎ᠠ ᠨᠡᠬᠡᠮᠵᠢᠯᠡᠬᠦ ᠶᠢ ᠪᠠᠷᠢᠮᠲᠠᠯᠠᠵᠤ᠂ | ᠬᠠᠷᠢᠭᠤᠴᠠᠯᠭ᠎ᠠ ᠨᠡᠬᠡᠮᠵᠢᠯᠡᠬᠦ ᠶᠢ ᠬᠡᠳᠦᠷᠡᠬᠦᠯᠬᠦ ᠪᠠ ︽ᠵᠡᠭᠦᠨ ᠤ ᠬᠢ ᠪᠣᠯᠴᠢᠬᠠᠬᠤ ᠠᠴᠠ ᠪᠢᠰᠢ ᠪᠠᠷᠠᠭᠤᠨ ᠤ ᠬᠢ ᠪᠣᠯᠬᠤ ᠦᠭᠡᠢ︾ ᠬᠡᠬᠦ ᠬᠦᠨᠳᠦᠷᠡᠭᠦᠯᠬᠦ ᠮᠠᠶ᠋ᠢᠭ ᠤᠨ | ᠬᠠᠷᠢᠭᠤᠴᠠᠯᠭ᠎ᠠ ᠨᠡᠬᠡᠮᠵᠢᠯᠡᠬᠦ ᠶᠢ ᠡᠷᠡᠰ ᠰᠡᠷᠭᠡᠶᠢᠯᠡᠵᠦ᠂ ᠭᠦᠳᠭᠡᠨ ᠵᠠᠭᠠᠯᠳᠤᠵᠤ ᠬᠤᠤᠷᠯᠠᠬᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ᠃ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠥᠳᠬᠡᠨ ᠵᠤᠵᠠᠭᠠᠨ ᠠᠭᠤᠷ ᠠᠮᠢᠰᠬᠤᠯ ᠢ ᠶᠡᠭᠡ ᠪᠠᠷ ᠪᠤᠢ ᠪᠣᠯᠭᠠᠵᠤ᠂ ᠵᠣᠷᠢᠭ ᠰᠢᠭᠤᠳᠤᠨ ᠦᠨᠳᠦᠰᠦᠨ | ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠺᠠᠳ᠋ᠷᠴᠤᠳ ᠤᠨ ᠡᠳ᠋ᠯᠡᠪᠡᠰᠦ ᠵᠣᠬᠢᠬᠤ ᠬᠠᠷᠠᠭᠠᠯᠵᠠᠯ ᠬᠦᠷᠳᠡᠮᠵᠢ ᠶᠢ ᠰᠠᠶᠢᠲᠤᠷ ᠪᠠᠲᠤᠯᠠᠬᠤ ᠬᠡᠷᠡᠭᠲᠡᠢ᠃ ᠡᠯ᠎ᠡ ᠱᠠᠲᠤᠨ ᠤ | ᠬᠢᠨ ᠲᠤᠰᠠᠲᠠᠢ ᠪᠦᠲᠦᠮᠵᠢᠲᠡᠢ᠂ ᠬᠡᠷᠡᠭᠵᠢᠭᠦᠯᠵᠤ ᠪᠤᠯᠬᠤ ᠬᠡᠷᠡᠭᠵᠢᠭᠦᠯᠬᠦ ᠳᠤ ᠠᠮᠠᠷ ᠠᠷᠭ᠎ᠠ ᠠᠪᠴᠠᠯ ᠠᠷᠭ᠎ᠠ ᠬᠡᠮᠵᠢᠶ᠎ᠠ ᠰᠤᠳᠤᠯᠤᠨ ᠲᠣᠭᠲᠠᠭᠠᠵᠤ᠂ ᠪᠣᠳᠠᠲᠠᠢ ᠠᠷᠭ᠎ᠠ | ᠬᠠᠲᠠᠭᠤ ᠠᠷᠭ᠎ᠠ ᠪᠣᠯᠤᠨ ᠪᠦᠲᠦᠮᠵᠢᠲᠡᠢ ᠲᠣᠭᠲᠡᠴᠡ ᠶᠢ ᠲᠤᠭᠳᠠᠭᠠᠵᠤ᠂ ᠬᠠᠷᠢᠭᠤᠴᠠᠯᠭ᠎ᠠ ᠡᠭᠦᠷᠭᠡᠯᠡᠭᠴᠢ ᠳᠤ ᠦᠨᠡᠨ ᠬᠦ ᠬᠠᠷᠢᠭᠤᠴᠠᠵᠤ᠂ ᠠᠵᠢᠯ ᠬᠢᠭᠰᠡᠳ ᠲᠤ | ᠦᠮᠦᠭ ᠲᠦᠰᠢᠭ ᠪᠤᠯᠬᠤ ᠬᠡᠷᠡᠭᠲᠡᠢ ᠭᠡᠵᠤ ᠬᠡᠯᠡᠪᠡ᠃ | | | | | | | | ᠪᠠᠶᠢᠴᠠᠭᠠᠨ ᠰᠤᠳᠤᠯᠤᠬᠰᠠᠨ ᠬᠤᠭᠤᠴᠠᠭᠠᠨ ᠳᠠᠭᠠᠨ᠂ ᠰᠦᠨ ᠱᠤᠤ ᠴᠧᠩ ᠯᠢᠨ ᠬᠤᠸᠠᠩ ᠭᠡᠷ ᠤᠷᠤᠨ ᠨᠡᠶᠢᠭᠡᠮ ᠲᠣᠭᠤᠷᠢᠭ ᠲᠤ ᠬᠦᠷᠴᠦ ᠰᠢᠨᠵᠢᠯᠡᠨ | ᠪᠠᠶᠢᠴᠠᠭᠠᠪᠠ᠃ ᠲᠡᠷᠡ᠂ ᠨᠡᠶᠢᠭᠡᠮ ᠲᠣᠭᠤᠷᠢᠭ ᠤᠨ ᠠᠵᠢᠯ ᠤᠨ ᠵᠣᠷᠢᠯᠲᠠ ᠪᠣᠯ ᠤᠯᠠᠨ ᠲᠦᠮᠡᠨ ᠳᠤ ᠦᠢᠯᠡᠴᠢᠯᠡᠬᠦ ᠶᠠᠪᠤᠳᠠᠯ ᠪᠤᠯᠤᠨ᠎ᠠ᠂ ᠡᠷᠬᠡᠪᠰᠢ ᠨᠠᠰᠤᠵᠢᠯ ᠤᠨ | ᠠᠰᠠᠷᠠᠮᠵᠢ᠂ ᠨᠡᠶᠢᠭᠡᠮ ᠤᠨ ᠪᠠᠲᠤᠯᠠᠭ᠎ᠠ ᠵᠡᠷᠭᠡ ᠤᠯᠠᠨ ᠲᠦᠮᠡᠨ ᠤ ᠬᠠᠮᠤᠭ ᠤᠨ ᠬᠡᠷᠡᠭᠴᠡᠭᠡ ᠲᠠᠢ ᠤᠴᠢᠷ ᠶᠠᠪᠤᠳᠠᠯ ᠢ ᠰᠠᠶᠢᠲᠤᠷ ᠬᠢᠵᠦ᠂ ᠬᠥᠮᠦᠰ ᠤᠨ ᠤᠴᠢᠷ ᠶᠠᠪᠤᠳᠠᠯ | ᠬᠦᠢᠴᠡᠳᠬᠡᠬᠦ ᠪᠠ ᠠᠮᠢᠳᠤᠷᠠᠬᠤ ᠳᠤ ᠨᠡᠩ ᠲᠦᠬᠦᠮ ᠦᠵᠡᠭᠦᠯᠬᠦ ᠬᠡᠷᠡᠭᠲᠡᠢ᠃ ᠠᠵᠢᠯ ᠢᠶᠠᠨ ᠪᠣᠳᠠᠲᠠᠢ ᠬᠢᠵᠦ᠂ ᠳᠠᠭᠠᠷᠠᠭᠰᠠᠨ ᠬᠥᠮᠦᠨ ᠳᠤ ᠳᠠᠬᠤ ᠬᠦᠷᠭᠡᠬᠦ ᠶᠠᠪᠤᠳᠠᠯ ᠢ | ᠢᠯᠡᠭᠦᠬᠡᠨ ᠬᠢᠵᠦ᠂ ᠠᠷᠭ᠎ᠠ ᠪᠦᠬᠦᠨ ᠢ ᠰᠦᠪᠡᠭᠴᠢᠯᠡᠨ ᠤᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠥᠨᠳᠥᠷ ᠪᠣᠯᠭᠠᠵᠤ᠂ ᠬᠦᠷᠲᠡᠮᠵᠢ ᠶᠢᠨ | ᠲᠦᠷᠦᠭᠳᠡᠯ ᠢ ᠴᠢᠩᠭᠠᠳᠬᠠᠬᠤ ᠬᠡᠷᠡᠭᠲᠡᠢ ᠭᠡᠵᠤ ᠬᠡᠯᠡᠵᠠᠢ᠃ ᠰᠦᠨ ᠱᠣᠣ ᠴᠧᠩ ᠪᠠᠰᠠ ᠤᠯᠠᠭᠠᠨᠬᠠᠳᠠ ᠮᠦᠽᠧᠶ ᠪᠠᠷ ᠲᠣᠭᠤᠷᠢᠨ ᠦᠵᠡᠪᠡ᠃ | ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠤᠢ ᠯᠢ ᠰᠢᠨ ᠠᠵᠢᠯᠯᠠᠭ᠎ᠠ ᠳᠤ ᠣᠷᠣᠯᠴᠠᠵᠠᠢ᠃ |