ᠮᠠᠨ ᠤ ᠣᠷᠣᠨ ︽ᠬᠤᠶᠢᠰᠢᠯᠠᠭᠤᠯᠬᠤ ᠪᠠᠭᠤᠷᠠᠭᠤᠯᠬᠤ ᠪᠤᠴᠠᠭᠠᠬᠤ ᠨᠥᠬᠦᠪᠦᠷᠢᠯᠡᠬᠦ︾ ᠲᠥᠷᠥ ᠶᠢᠨ ᠪᠣᠳᠣᠯᠭ᠎ᠠ ᠪᠠᠷ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ ᠪᠣᠢ
ᠨᠡᠶᠢᠲᠡᠯᠡᠭᠰᠡᠨ ᠴᠠᠭ᠄
2022/6/23

      ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠡᠨᠡ ᠵᠢᠯ᠂ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠭᠠᠶᠢᠯᠢ ᠶᠢᠨ ᠶᠠᠪᠤᠳᠠᠯ᠂ ᠡᠳ᠋ ᠤᠨ ᠵᠠᠰᠠᠭ ᠵᠡᠷᠭᠡ ᠰᠠᠯᠠᠭ᠎ᠠ ᠮᠥᠴᠢᠷ ᠯᠦᠭᠡ ᠬᠠᠮᠲᠤᠷᠠᠨ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠤᠨ ︽ᠬᠤᠶᠢᠰᠢᠯᠠᠭᠤᠯᠬᠤ᠂ ᠪᠠᠭᠤᠷᠠᠭᠤᠯᠬᠤ᠂ ᠪᠤᠴᠠᠭᠠᠬᠤ᠂ ᠨᠥᠬᠦᠪᠦᠷᠢᠯᠡᠬᠦ︾ ᠵᠡᠷᠭᠡ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠠᠵᠤ ᠠᠬᠤᠶᠢᠯᠠᠯ ᠵᠡᠷᠭᠡ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ ᠪᠠᠶᠢᠨ᠎ᠠ᠃

      ︽ᠬᠤᠶᠢᠰᠢᠯᠠᠭᠤᠯᠬᠤ︾ ᠭᠡᠳᠡᠭ ᠨᠢ ᠢᠳᠡᠭᠡᠨ ᠤᠮᠳᠠᠭᠠᠨ ᠵᠡᠷᠭᠡ ᠣᠨᠴᠠ ᠬᠦᠴᠢᠷᠳᠡᠯᠲᠡᠢ 5 ᠠᠵᠢᠯ ᠲᠥᠷᠥᠯ ᠳᠤ ᠨᠠᠰᠤᠵᠢᠯ ᠤᠨ ᠠᠰᠠᠷᠠᠮᠵᠢ᠂ ᠠᠵᠢᠯ ᠠᠯᠳᠠᠯᠲᠠ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠦᠢᠳᠬᠡᠯ ᠢ ᠱᠠᠲᠤᠴᠢ ᠴᠢᠨᠠᠷᠲᠠᠢ ᠪᠠᠷ ᠬᠤᠶᠢᠰᠢᠯᠠᠭᠤᠯᠤᠨ ᠲᠤᠰᠢᠶᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ᠂ ᠢᠳᠡᠭᠡᠨ ᠡᠳ᠋ᠰᠢᠭᠦᠯᠬᠦ ᠠᠵᠤ ᠦᠢᠯᠡᠳᠪᠦᠷᠢ ᠵᠡᠷᠭᠡ 17 ᠠᠵᠢᠯ ᠲᠥᠷᠥᠯ ᠤᠨ ᠬᠦᠴᠢᠷᠳᠡᠯᠲᠡᠢ ᠠᠵᠤ ᠠᠬᠤᠶᠢᠯᠠᠯ ᠤᠨ ᠭᠤᠷᠪᠠᠨ ᠵᠦᠢᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠤᠨ ᠨᠢᠭᠡᠴᠢ ᠶᠢᠨ ᠲᠤᠰᠢᠶᠠᠬᠤ ᠬᠡᠰᠡᠭ ᠢ ᠬᠤᠶᠢᠰᠢᠯᠠᠭᠤᠯᠤᠨ ᠲᠤᠰᠢᠶᠠᠬᠤ ᠶᠢ ᠬᠡᠯᠡᠨ᠎ᠡ᠃ ᠬᠢᠵᠢᠭ ᠤᠨ ᠪᠠᠶᠢᠳᠠᠯ ᠳᠤ ᠬᠦᠨᠳᠦ ᠨᠣᠴᠢᠲᠠᠢ ᠨᠥᠯᠥᠭᠡᠯᠡᠭᠳᠡᠭᠰᠡᠨ ᠭᠠᠵᠠᠷ ᠣᠷᠣᠨ ᠤ ᠦᠢᠯᠡᠳᠪᠦᠷᠢᠯᠡᠯ ᠡᠵᠡᠩᠨᠡᠯᠲᠡ ᠨᠢ ᠲᠦᠷ ᠴᠠᠭ ᠬᠦᠴᠢᠷᠳᠡᠯ ᠳᠤ ᠲᠤᠯᠭᠠᠷᠠᠭᠰᠠᠨ ᠪᠣᠶ ᠪᠦᠬᠦᠢ ᠳᠤᠮᠳᠠ ᠵᠢᠵᠢᠭ ᠪᠢᠴᠢᠯ ᠠᠵᠤ ᠠᠬᠤᠶᠢᠯᠠᠯ ᠵᠡᠷᠭᠡ ᠳᠤ᠂ ᠭᠤᠷᠪᠠᠨ ᠵᠦᠢᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠤᠨ ᠨᠢᠭᠡᠴᠢ ᠶᠢᠨ ᠲᠤᠰᠢᠶᠠᠬᠤ ᠬᠡᠰᠡᠭ ᠢ ᠬᠤᠶᠢᠰᠢᠯᠠᠭᠤᠯᠤᠨ ᠲᠤᠰᠢᠶᠠᠬᠤ ᠪᠠᠷ ᠭᠤᠶᠤᠴᠢᠯᠠᠵᠤ ᠪᠣᠯᠣᠨ᠎ᠠ᠂ ᠬᠤᠶᠢᠰᠢᠯᠠᠭᠤᠯᠤᠨ ᠲᠤᠰᠢᠶᠠᠬᠤ ᠬᠤᠭᠤᠴᠠᠭ᠎ᠠ ᠶᠢ 2022 ᠣᠨ ᠤ ᠡᠴᠦᠰ ᠪᠣᠯᠲᠠᠯ᠎ᠠ ᠤᠷᠲᠤᠳᠬᠠᠨ᠎ᠠ᠃ 6 ᠳ᠋ᠤᠭᠠᠷ ᠰᠠᠷ᠎ᠠ ᠶᠢᠨ 20 ᠤ ᠡᠳᠦᠷ ᠪᠣᠯᠲᠠᠯ᠎ᠠ᠂ ᠮᠠᠨ ᠤ ᠣᠷᠣᠨ ᠤ 142 ᠠᠵᠤ ᠠᠬᠤᠶᠢᠯᠠᠯ 1.18 ᠳ᠋ᠦᠩᠰᠢᠭᠤᠷ ᠲᠥᠭᠦᠷᠢᠭ ᠬᠤᠶᠢᠰᠢᠯᠠᠭᠤᠯᠤᠨ ᠲᠤᠰᠢᠶᠠᠵᠠᠢ᠃

      ︽ᠪᠠᠭᠤᠷᠠᠭᠤᠯᠬᠤ︾ ᠭᠡᠳᠡᠭ ᠨᠢ ᠠᠵᠢᠯ ᠠᠯᠳᠠᠯᠲᠠ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠱᠠᠲᠤᠴᠢ ᠴᠢᠨᠠᠷᠲᠠᠢ ᠪᠠᠷ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠴᠠᠭ ᠢ 2023 ᠣᠨ ᠤ 4 ᠳ᠋ᠦ᠋ᠭᠡᠷ ᠰᠠᠷ᠎ᠠ ᠶᠢᠨ 30 ᠤ ᠡᠳᠦᠷ ᠪᠣᠯᠲᠠᠯ᠎ᠠ ᠤᠷᠲᠤᠳᠬᠠᠨ᠎ᠠ᠃ 1 ︱ 5 ᠳ᠋ᠤᠭᠠᠷ ᠰᠠᠷ᠎ᠠ ᠳᠤ᠂ ᠮᠠᠨ ᠤ ᠣᠷᠣᠨ ᠠᠵᠤ ᠠᠬᠤᠶᠢᠯᠠᠯ ᠵᠡᠷᠭᠡ ᠬᠥᠮᠥᠨ ᠬᠡᠷᠡᠭᠯᠡᠬᠦ ᠨᠢᠭᠡᠴᠢ ᠶᠢᠨ ᠰᠦᠢᠳᠬᠡᠯ ᠲᠤᠰᠢᠶᠠᠬᠤ ᠳᠠᠷᠤᠭᠠᠰᠤ ᠶᠢ ᠨᠡᠶᠢᠲᠡ 10.87 ᠳ᠋ᠦᠩᠰᠢᠭᠤᠷ ᠲᠥᠭᠦᠷᠢᠭ ᠬᠥᠩᠭᠡᠷᠡᠭᠦᠯᠪᠡ᠃

      ︽ᠪᠤᠴᠠᠭᠠᠬᠤ︾ ᠭᠡᠳᠡᠭ ᠨᠢ ᠲᠣᠮᠣ ᠬᠡᠯᠪᠡᠷᠢ ᠶᠢᠨ ᠠᠵᠤ ᠠᠬᠤᠶᠢᠯᠠᠯ ᠤᠨ ᠠᠵᠢᠯ ᠠᠯᠳᠠᠯᠲᠠ ᠶᠢᠨ ᠳᠠᠭᠠᠳᠬᠠᠯ ᠢᠶᠠᠷ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠬᠠᠷᠢᠴᠠᠯ ᠢ 30% ᠠᠴᠠ 50% ᠪᠣᠯᠭᠠᠨ ᠳᠡᠭᠡᠭᠰᠢᠯᠡᠭᠦᠯᠵᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ 90% ᠪᠠᠷ ᠪᠤᠴᠠᠭᠠᠬᠤ ᠶᠢ ᠬᠡᠯᠡᠵᠦ ᠪᠠᠶᠢᠨ᠎ᠠ᠃ 6 ᠳ᠋ᠤᠭᠠᠷ ᠰᠠᠷ᠎ᠠ ᠶᠢᠨ 15 ᠤ ᠡᠳᠦᠷ ᠪᠣᠯᠲᠠᠯ᠎ᠠ᠂ 2.69 ᠲᠦᠮᠡᠨ ᠠᠵᠤ ᠠᠬᠤᠶᠢᠯᠠᠯ ᠳᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠪᠡᠯᠡ ᠮᠥᠩᠭᠦ ᠶᠢ 5.48 ᠳ᠋ᠦᠩᠰᠢᠭᠤᠷ ᠲᠥᠭᠦᠷᠢᠭ ᠲᠠᠷᠬᠠᠭᠠᠵᠤ᠂ 92.41 ᠲᠦᠮᠡᠨ ᠠᠵᠢᠯᠲᠠᠨ ᠠᠵᠢᠯᠴᠢᠨ ᠳᠤ ᠠᠰᠢᠭ ᠬᠦᠷᠲᠡᠭᠡᠪᠡ᠃

      ︽ᠨᠥᠬᠦᠪᠦᠷᠢᠯᠡᠬᠦ︾ ᠭᠡᠳᠡᠭ ᠨᠢ ᠡᠨᠡ ᠵᠢᠯ ᠳᠤᠮᠳᠠ ᠥᠨᠳᠥᠷ ᠲᠦᠭᠰᠢᠭᠦᠷᠢᠲᠦ ᠬᠢᠵᠢᠭ ᠤᠨ ᠪᠠᠶᠢᠳᠠᠯ ᠭᠠᠷᠴᠤ ᠥᠩᠭᠡᠷᠡᠭᠰᠡᠨ ᠭᠠᠵᠠᠷ ᠣᠷᠣᠨ ᠤ ᠨᠢᠭᠡᠳᠦᠯᠲᠡᠢ ᠲᠥᠯᠥᠪᠯᠡᠬᠦ ᠭᠠᠵᠠᠷ ᠣᠷᠣᠨ ᠤ ᠳᠣᠲᠣᠷᠠᠬᠢ ᠪᠣᠶ ᠪᠦᠬᠦᠢ ᠠᠵᠤ ᠠᠬᠤᠶᠢᠯᠠᠯ ᠵᠢᠴᠢ ᠳᠤᠮᠳᠠ ᠥᠨᠳᠥᠷ ᠲᠦᠭᠰᠢᠭᠦᠷᠢᠲᠦ ᠬᠢᠵᠢᠭ ᠤᠨ ᠪᠠᠶᠢᠳᠠᠯ ᠭᠠᠷᠤᠭᠠᠳᠤᠢ ᠭᠠᠵᠠᠷ ᠣᠷᠣᠨ ᠤ ᠨᠢᠭᠡᠳᠦᠯᠲᠡᠢ ᠲᠥᠯᠥᠪᠯᠡᠬᠦ ᠭᠠᠵᠠᠷ ᠣᠷᠣᠨ ᠤ ᠢᠳᠡᠭᠡᠨ ᠤᠮᠳᠠᠭᠠᠨ ᠵᠡᠷᠭᠡ 5 ᠠᠵᠢᠯ ᠲᠥᠷᠥᠯ ᠤᠨ ᠠᠵᠤ ᠠᠬᠤᠶᠢᠯᠠᠯ ᠳᠤ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠨᠢᠭᠡᠪᠦᠷᠢ ᠳᠤ 500 ᠲᠥᠭᠦᠷᠢᠭ ᠤᠨ ᠪᠠᠷᠢᠮᠵᠢᠶ᠎ᠠ ᠪᠠᠷ ᠨᠢᠭᠡ ᠯᠡ ᠤᠳᠠᠭ᠎ᠠ ᠶᠢᠨ ᠴᠢᠨᠠᠷᠲᠠᠢ ᠠᠵᠢᠯ ᠳᠤ ᠦᠯᠡᠳᠡᠭᠡᠬᠦ ᠪᠣᠯᠪᠠᠰᠤᠷᠠᠯ ᠤᠨ ᠨᠥᠬᠦᠪᠦᠷᠢ ᠣᠯᠭᠤᠨ᠎ᠠ᠃ 6 ᠳ᠋ᠤᠭᠠᠷ ᠰᠠᠷ᠎ᠠ ᠶᠢᠨ 15 ᠤ ᠡᠳᠦᠷ ᠪᠣᠯᠲᠠᠯ᠎ᠠ᠂ ᠨᠢᠭᠡ ᠯᠡ ᠤᠳᠠᠭ᠎ᠠ ᠶᠢᠨ ᠴᠢᠨᠠᠷᠲᠠᠢ ᠠᠵᠢᠯ ᠳᠤ ᠦᠯᠡᠳᠡᠭᠡᠬᠦ ᠪᠣᠯᠪᠠᠰᠤᠷᠠᠯ ᠤᠨ ᠨᠥᠬᠦᠪᠦᠷᠢ ᠬᠦᠷᠲᠡᠬᠦ ᠨᠥᠬᠦᠴᠡᠯ ᠳᠤ ᠨᠡᠶᠢᠴᠡᠭᠰᠡᠨ 6.03 ᠲᠦᠮᠡᠨ ᠡᠷᠦᠬᠡ ᠠᠵᠤ ᠠᠬᠤᠶᠢᠯᠠᠯ᠂ 170 ᠲᠦᠮᠡᠨ ᠠᠵᠢᠯᠲᠠᠨ ᠠᠵᠢᠯᠴᠢᠨ ᠢ ᠠᠩᠬ᠎ᠠ ᠠᠯᠬᠤᠮ ᠰᠢᠭᠰᠢᠨ ᠪᠠᠶᠢᠴᠠᠭᠠᠪᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ