ᠦᠪᠦᠷ ᠮᠣᠩᠭᠤᠯ ᠣᠷᠤᠨ ᠳᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/6/23
      6 ᠳ᠋ᠤᠭᠠᠷ ᠰᠠᠷ᠎ᠠ ᠶᠢᠨ 22 ᠤᠨ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠳᠤ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 1 ︵ᠰᠢᠯᠢ ᠶᠢᠨ ᠭᠤᠣᠯ ᠠᠶᠢᠮᠠᠭ ᠲᠤ︶ ᠨᠡᠮᠡᠭᠳᠡᠪᠡ᠃ ᠲᠤᠬᠠᠢ ᠶᠢᠨ ᠭᠠᠵᠠᠷ ᠤᠨ ᠲᠣᠳᠤᠯᠠᠭᠰᠠᠨ 20 ᠡᠪᠡᠳᠴᠢᠨ ᠤ ᠵᠢᠱᠢᠶ᠎ᠡ ᠢᠯᠡᠷᠢᠰᠢᠵᠦ ᠡᠮᠨᠡᠯᠭᠡ ᠠᠴᠠ ᠭᠠᠷᠪᠠ᠂ ᠡᠭᠦᠨ ᠳᠤ ᠤᠯᠠᠭᠠᠨᠬᠠᠳᠠ ᠬᠤᠲᠠ ᠶᠢᠨ 4 ᠡᠪᠡᠳᠴᠢᠨ ᠤ ᠵᠢᠱᠢᠶ᠎ᠡ ᠂ ᠰᠢᠯᠢ ᠶᠢᠨ ᠭᠤᠣᠯ ᠠᠶᠢᠮᠠᠭ ᠤᠨ 16 ᠡᠪᠡᠳᠴᠢᠨ ᠤ ᠵᠢᠱᠢᠶ᠎ᠡ ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ 23 ᠬᠠᠯᠳᠠᠪᠤᠷᠢᠯᠠᠭᠳᠠᠭᠴᠢ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠵᠠᠢ ︵ᠴᠥᠮ ᠰᠢᠯᠢ ᠶᠢᠨ ᠭᠤᠣᠯ ᠠᠶᠢᠮᠠᠭ ᠲᠤ ᠪᠤᠢ︶᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠡᠪᠡᠳᠴᠢᠨ ᠤ ᠢᠯᠡᠷᠡᠯ ᠦᠭᠡᠢ 3 ᠬᠠᠯᠳᠠᠪᠤᠷᠢᠯᠠᠭᠳᠠᠭᠴᠢ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠵᠠᠢ ︵ᠴᠦᠮ ᠬᠦᠬᠡᠬᠤᠳᠠ ᠳᠤ ᠪᠤᠢ︶᠃      6 ᠳ᠋ᠤᠭᠠᠷ ᠰᠠᠷ᠎ᠠ ᠶᠢᠨ 22 ᠤᠨ ᠡᠳᠦᠷ ᠤᠨ 24 ᠴᠠᠭ ᠪᠣᠯᠲᠠᠯ᠎ᠠ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠳᠤ ᠣᠳᠤ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 167 ᠪᠠᠶᠢᠨ᠎ᠠ᠂ ᠡᠭᠦᠨ ᠳᠤ᠂ ᠤᠯᠠᠭᠠᠨᠬᠠᠳᠠ ᠬᠤᠲᠠ ᠳᠤ 45᠂ ᠰᠢᠯᠢ ᠶᠢᠨ ᠭᠤᠣᠯ ᠠᠶᠢᠮᠠᠭ ᠲᠤ 122 ᠪᠤᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 183 ᠪᠠᠶᠢᠨ᠎ᠠ᠂ ᠡᠭᠦᠨ ᠳᠤ ᠤᠯᠠᠭᠠᠨᠬᠠᠳᠠ ᠬᠤᠲᠠ ᠳᠤ 7᠂ ᠰᠢᠯᠢ ᠶᠢᠨ ᠭᠤᠣᠯ ᠠᠶᠢᠮᠠᠭ ᠲᠤ 176 ᠪᠤᠢ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 1 ᠪᠠᠶᠢᠨ᠎ᠠ ︵ᠬᠥᠬᠡᠬᠤᠲᠠ ᠳᠤ ᠪᠤᠢ︶᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠡᠪᠡᠳᠴᠢᠨ ᠤ ᠢᠯᠡᠷᠡᠯ ᠦᠭᠡᠢ 2 ᠬᠠᠯᠳᠠᠪᠤᠷᠢᠯᠠᠭᠳᠠᠭᠴᠢ ᠪᠠᠶᠢᠨ᠎ᠠ ︵ᠬᠥᠬᠡᠬᠤᠲᠠ ᠳᠤ ᠪᠤᠢ︶᠃ ᠪᠦᠬᠦᠨ ᠢ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠦᠮ ᠲᠣᠭᠲᠠᠭᠰᠠᠨ ᠲᠠᠯᠠᠪᠤᠷ ᠲᠤ ᠲᠦᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ