|
ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2022 ᠣᠨ ᠤ 17 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ |
|
|
ᠨᠡᠶᠢᠲᠡᠯᠡᠭᠰᠡᠨ ᠴᠠᠭ᠄
2022/6/23
|
|
6 ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠢ ᠡᠷᠭᠢᠯᠡᠵᠡᠶ᠃ ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠰᠧᠴᠤᠸᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠬᠤ ᠶᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠵᠤ᠂ ᠠᠵᠤ ᠠᠬᠤᠶ ᠶᠢᠨ ᠦᠨᠳᠦᠰᠦᠨ ᠪᠠᠶᠢᠳᠠᠯ ᠪᠠ ᠨᠡᠶᠢᠭᠡᠮ ᠤᠨ ᠦᠨᠳᠦᠰᠦᠨ ᠪᠠᠶᠢᠳᠠᠯ ᠢ ᠪᠥᠬᠦ ᠬᠦᠴᠦᠨ ᠢᠶᠠᠷ ᠢᠶᠠᠨ ᠲᠣᠭᠲᠠᠪᠤᠷᠢᠵᠢᠭᠤᠯᠵᠤ᠂ ᠲᠠᠷᠢᠶᠠᠯᠠᠩ ᠮᠠᠯ ᠠᠵᠤ ᠠᠬᠤᠶ ᠪᠣᠯᠤᠨ ᠬᠦᠳᠡᠭᠡ ᠲᠤᠰᠬᠤᠨ ᠮᠠᠯᠵᠢᠬᠤ ᠣᠷᠣᠨ ᠤ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠦᠷᠭᠦᠯᠵᠢᠯᠡᠨ ᠪᠠᠲᠤ ᠴᠤᠭᠴᠠᠯᠠᠵᠤ᠂ ᠮᠠᠨ ᠤ ᠣᠷᠣᠨ ᠤ ᠠᠵᠤ ᠦᠢᠯᠡᠰ ᠤᠨ ᠳᠡᠭᠡᠳᠦ ᠲᠡᠰᠵᠢᠭᠰᠡᠨ᠂ ᠤᠶᠤᠨᠴᠢᠯᠠᠭᠰᠡᠨ᠂ ᠪᠣᠬᠢᠷᠲᠤᠯ ᠦᠭᠡᠢ ᠬᠥᠭᠵᠢᠯᠲᠡ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠪᠥᠬᠦ ᠬᠦᠴᠦᠨ ᠢᠶᠠᠷ ᠢᠶᠠᠨ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ᠂ ᠠᠵᠢᠯ ᠣᠯᠭᠤᠯᠲᠠ ᠶᠢ ᠪᠠᠲᠤᠯᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠬᠦᠯᠵᠤ᠂ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠪᠠ ᠲᠡᠮᠡᠴᠡᠯ ᠤᠨ ᠤᠪᠤᠷ ᠢᠶᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ ᠪᠥᠬᠦ ᠨᠡᠶᠢᠭᠡᠮ ᠤᠨ ᠡᠬᠢ ᠪᠠᠶᠠᠯᠢᠭ ᠢ ᠪᠥᠬᠦ ᠲᠠᠯ᠎ᠠ ᠪᠠᠷ ᠠᠷᠪᠢᠯᠠᠨ ᠡᠷᠴᠢᠮᠵᠢᠭᠦᠯᠬᠦ ᠠᠵᠢᠯ ᠢ ᠠᠬᠢᠭᠤᠯᠬᠤ ᠲᠤᠬᠠᠶ ᠰᠤᠳᠤᠯᠵᠤ᠂ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠬᠦ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠪᠥᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠵᠤ᠂ ᠡᠬᠢ ᠪᠠᠶᠠᠯᠢᠭ ᠢ ᠠᠰᠢᠭᠯᠠᠬᠤ ᠬᠡᠯᠪᠡᠷᠢ ᠶᠢ ᠬᠤᠪᠢᠷᠠᠭᠤᠯᠬᠤ᠂ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠡᠬᠢ ᠪᠠᠶᠠᠯᠢᠭ ᠤᠨ ᠶᠡᠷᠦᠩᠬᠡᠶ ᠬᠡᠮᠵᠢᠶ᠎ᠡ ᠶᠢᠨ ᠬᠠᠮᠢᠶᠠᠷᠤᠯᠲᠠ ᠶᠢ ᠠᠬᠢᠭᠤᠯᠵᠤ᠂ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠪᠥᠬᠦ ᠲᠠᠯ᠎ᠠ ᠪᠠᠷ ᠠᠷᠪᠢᠯᠠᠵᠤ᠂ ᠡᠷᠭᠢᠯᠳᠦᠭᠦᠯᠦᠨ ᠠᠰᠢᠭᠯᠠᠵᠤ᠂ ᠮᠠᠨ ᠤ ᠣᠷᠣᠨ ᠤ ᠡᠬᠢ ᠪᠠᠶᠠᠯᠢᠭ ᠢ ᠠᠰᠢᠭᠯᠠᠬᠤ ᠬᠡᠯᠪᠡᠷᠢ ᠶᠢ ᠦᠨᠳᠦᠰᠦᠨ ᠠᠴᠠ ᠨᠢ ᠬᠤᠪᠢᠷᠠᠭᠤᠯᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠬᠤᠷᠠᠯ ᠠᠴᠠ᠂ ᠭᠠᠵᠠᠷ ᠰᠢᠷᠣᠶ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠢ ᠰᠤᠳᠤᠯᠵᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠦᠵᠡᠯᠲᠡ ᠪᠠᠨ ᠬᠤᠪᠢᠷᠠᠭᠤᠯᠵᠤ᠂ ᠲᠠᠨᠢᠯᠲᠠ ᠪᠠᠨ ᠭᠦᠨᠵᠡᠭᠡᠶᠢᠷᠡᠭᠦᠯᠵᠦ᠂ ᠭᠠᠵᠠᠷ ᠰᠢᠷᠣᠶ ᠶᠢ ᠠᠷᠪᠢᠲᠠᠶ ᠡᠷᠴᠢᠮᠵᠢᠭᠦᠯᠦᠨ ᠠᠰᠢᠭᠯᠠᠬᠤ ᠪᠠᠷᠢᠮᠵᠢᠶ᠎ᠠ ᠶᠢ ᠲᠣᠭᠲᠠᠭᠠᠵᠤ᠂ ᠭᠠᠵᠠᠷ ᠰᠢᠷᠣᠶ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠮᠠᠨ ᠤ ᠣᠷᠣᠨ ᠤ ᠡᠯᠪᠡᠭ ᠲᠡᠯᠪᠡᠭ ᠭᠠᠵᠠᠷ ᠰᠢᠷᠣᠶ ᠶᠢᠨ ᠡᠬᠢ ᠪᠠᠶᠠᠯᠢᠭ ᠢ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠪᠤᠶᠢᠮ᠎ᠠ ᠳᠠᠪᠠᠭᠤᠯᠢᠭ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠶ ᠭᠡᠵᠦ ᠴᠢᠬᠤᠯᠠᠴᠢᠯᠠᠪᠠ᠃ ᠬᠤᠷᠠᠯ ᠠᠴᠠ ᠪᠠᠰᠠ ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ᠂ ᠠᠵᠤ ᠦᠶᠯᠡᠰ ᠢ ᠲᠠᠰ ᠳᠠᠪᠰᠢᠬᠦᠯᠬᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠨᠠᠰᠤᠵᠢᠯ ᠤᠨ ᠠᠰᠠᠷᠠᠮᠵᠢ ᠶᠢᠨ ᠠᠵᠤ ᠦᠶᠯᠡᠰ ᠵᠡᠷᠭᠡ ᠵᠦᠶᠯᠡᠰ ᠢ ᠰᠤᠳᠤᠯᠵᠠᠶ᠃ |
|
|
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|