ᠮᠠᠨ ᠤ ᠣᠷᠣᠨ ᠤ 6 ᠳ᠋ᠤᠭᠠᠷ ᠰᠠᠷ᠎ᠠ ᠶᠢᠨ 23 ᠤ ᠡᠳᠦᠷ ᠤᠨ 24 ᠴᠠᠭ ᠪᠣᠯᠲᠠᠯᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/6/24


      6 ᠳ᠋ᠤᠭᠠᠷ ᠰᠠᠷ᠎ᠠ ᠶᠢᠨ 23 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠳᠤ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 14 ᠨᠡᠮᠡᠭᠳᠡᠵᠡᠢ ︵ᠴᠥᠮ ᠰᠢᠯᠢ ᠶᠢᠨ ᠭᠤᠣᠯ ᠠᠶᠢᠮᠠᠭ ᠲᠤ ᠪᠤᠢ᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ ᠲᠣᠳᠣᠯᠠᠭᠰᠠᠨ ᠡᠪᠡᠳᠴᠢᠨ ᠤ ᠵᠢᠱᠢᠶ᠎ᠡ ᠪᠤᠯᠤᠭᠰᠠᠨ 13 ᠡᠪᠡᠳᠴᠢᠨ ᠤ ᠵᠢᠱᠢᠶ᠎ᠡ ᠶᠢ ᠪᠠᠭᠲᠠᠭᠠᠨ᠎ᠠ︶᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 1 ᠨᠡᠮᠡᠭᠳᠡᠪᠡ ︵ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠵᠠᠢ︶᠃ ᠲᠤᠬᠠᠢ ᠶᠢᠨ ᠭᠠᠵᠠᠷ ᠤᠨ ᠲᠣᠳᠤᠯᠠᠭᠰᠠᠨ 27 ᠡᠪᠡᠳᠴᠢᠨ ᠤ ᠵᠢᠱᠢᠶ᠎ᠡ ᠢᠯᠡᠷᠢᠰᠢᠵᠦ ᠡᠮᠨᠡᠯᠭᠡ ᠠᠴᠠ ᠭᠠᠷᠪᠠ᠂ ᠡᠭᠦᠨ ᠳᠤ ᠤᠯᠠᠭᠠᠨᠬᠠᠳᠠ ᠬᠤᠲᠠ ᠶᠢᠨ 4 ᠡᠪᠡᠳᠴᠢᠨ ᠤ ᠵᠢᠱᠢᠶ᠎ᠡ ᠂ ᠰᠢᠯᠢ ᠶᠢᠨ ᠭᠤᠣᠯ ᠠᠶᠢᠮᠠᠭ ᠤᠨ 23 ᠡᠪᠡᠳᠴᠢᠨ ᠤ ᠵᠢᠱᠢᠶ᠎ᠡ ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ 33 ᠬᠠᠯᠳᠠᠪᠤᠷᠢᠯᠠᠭᠳᠠᠭᠴᠢ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠵᠠᠢ ︵ᠴᠥᠮ ᠰᠢᠯᠢ ᠶᠢᠨ ᠭᠤᠣᠯ ᠠᠶᠢᠮᠠᠭ ᠲᠤ ᠪᠤᠢ︶᠃
      6 ᠳ᠋ᠤᠭᠠᠷ ᠰᠠᠷ᠎ᠠ ᠶᠢᠨ 23 ᠤ ᠡᠳᠦᠷ ᠤᠨ 24 ᠴᠠᠭ ᠪᠣᠯᠲᠠᠯ᠎ᠠ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠳᠤ ᠣᠳᠤ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 154 ᠪᠠᠶᠢᠨ᠎ᠠ᠂ ᠡᠭᠦᠨ ᠳᠤ᠂ ᠤᠯᠠᠭᠠᠨᠬᠠᠳᠠ ᠬᠤᠲᠠ ᠳᠤ 41᠂ ᠰᠢᠯᠢ ᠶᠢᠨ ᠭᠤᠣᠯ ᠠᠶᠢᠮᠠᠭ ᠲᠤ 113 ᠪᠤᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 137 ᠪᠠᠶᠢᠨ᠎ᠠ᠂ ᠡᠭᠦᠨ ᠳᠤ ᠤᠯᠠᠭᠠᠨᠬᠠᠳᠠ ᠬᠤᠲᠠ ᠳᠤ 7᠂ ᠰᠢᠯᠢ ᠶᠢᠨ ᠭᠤᠣᠯ ᠠᠶᠢᠮᠠᠭ ᠲᠤ 130 ᠪᠤᠢ᠃᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 2 ᠪᠠᠶᠢᠨ᠎ᠠ ︵ᠬᠥᠬᠡᠬᠤᠲᠠ ᠳᠤ ᠪᠤᠢ︶᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠡᠪᠡᠳᠴᠢᠨ ᠤ ᠢᠯᠡᠷᠡᠯ ᠦᠭᠡᠢ 2 ᠬᠠᠯᠳᠠᠪᠤᠷᠢᠯᠠᠭᠳᠠᠭᠴᠢ ᠪᠠᠶᠢᠨ᠎ᠠ ︵ᠬᠥᠬᠡᠬᠤᠲᠠ ᠳᠤ ᠪᠤᠢ︶᠃ ᠪᠦᠬᠦᠨ ᠢ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠦᠮ ᠲᠣᠭᠲᠠᠭᠰᠠᠨ ᠲᠠᠯᠠᠪᠤᠷ ᠲᠤ ᠲᠦᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ