ᠥᠪᠡᠷᠲᠡᠭᠡᠨ ᠵᠠᠰᠠᠬᠤ ᠣᠷᠣᠨ ᠤ ᠨᠢᠬᠡᠳᠤᠯᠳᠡᠢ ᠳᠦᠯᠦᠪᠵᠢᠬᠦᠯᠦᠨ ᠪᠦᠳᠦᠬᠡᠨ ᠪᠠᠶᠢᠭᠤᠯᠬᠤ ᠨᠡᠶᠢᠳᠡᠮ ᠤᠨ ᠬᠡᠷᠡᠭᠯᠡᠭᠡᠨ ᠤ ᠨᠢᠰᠭᠡᠯ ᠤᠨ ᠪᠠᠭᠤᠳᠠᠯ ᠳᠦᠪᠯᠠᠷᠡᠬᠦᠯᠦᠨ ᠪᠠᠷᠢᠯᠭ᠎ᠠ ᠡᠬᠢᠯᠡᠬᠦᠯᠪᠡ  ᠸᠠᠩ ᠯᠢ ᠰᠢᠶᠠ ᠣᠷᠣᠯᠴᠠᠵᠠᠢ
ᠨᠡᠶᠢᠲᠡᠯᠡᠭᠰᠡᠨ ᠴᠠᠭ᠄
2022/6/27

      6 ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠲᠥᠯᠥᠪᠵᠢᠭᠦᠯᠦᠨ ᠪᠦᠳᠦᠭᠡᠨ ᠪᠠᠶᠢᠭᠤᠯᠬᠤ ᠴᠢᠩ ᠱᠦᠢ ᠾᠧ ᠰᠢᠶᠠᠨ᠂ ᠲᠦᠴᠢᠦᠸᠠᠨ ᠰᠢᠶᠠᠨ᠂ ᠵᠠᠯᠠᠶᠢᠳ ᠬᠤᠰᠢᠭᠤᠨ ᠤ ᠭᠤᠷᠪᠠᠨ ᠨᠡᠶᠢᠳᠡᠮ ᠤᠨ ᠬᠡᠷᠡᠭᠯᠡᠬᠡᠨ ᠤ ᠨᠢᠰᠭᠡᠯ ᠤᠨ ᠪᠠᠭᠤᠳᠠᠯ ᠲᠥᠪᠯᠡᠷᠡᠭᠦᠯᠦᠨ ᠪᠠᠷᠢᠯᠭ᠎ᠠ ᠡᠬᠢᠯᠡᠪᠡ᠃

1.jpg

2.jpg


      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠣᠷᠣᠯᠴᠠᠭᠰᠠᠨ ᠪᠥᠭᠡᠳ ᠲᠦᠷᠦᠯ ᠵᠦᠢᠯ ᠤᠨ ᠪᠠᠷᠢᠯᠭ᠎ᠠ ᠡᠬᠢᠯᠡᠭᠰᠡᠨ ᠢ ᠵᠠᠷᠯᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶᠠᠨ ᠤ ᠱᠦᠵᠢ ᠪᠣᠣ ᠭᠠᠩ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠲᠦᠪᠯᠡᠷᠡᠭᠦᠯᠦᠨ ᠪᠠᠷᠢᠯᠭ᠎ᠠ ᠡᠬᠢᠯᠡᠬᠦ ᠶᠣᠰᠣᠯᠠᠯ ᠢ ᠡᠷᠭᠢᠯᠡᠪᠡ᠃

3.jpg

4.jpg

 

      ᠨᠡᠶᠢᠳᠡᠮ ᠤᠨ ᠬᠡᠷᠡᠭᠯᠡᠬᠡᠨ ᠤ ᠨᠢᠰᠭᠡᠯ ᠤᠨ ᠪᠠᠭᠤᠳᠠᠯ ᠢ ᠨᠢᠭᠡᠳᠦᠯᠲᠡᠶ ᠲᠥᠯᠥᠪᠵᠢᠬᠦᠯᠦᠨ ᠪᠥᠲᠥᠭᠡᠨ ᠪᠠᠶᠢᠭᠤᠯᠬᠤ ᠪᠣᠯ ᠮᠠᠨ ᠤ ᠣᠷᠣᠨ ᠤ ᠨᠡᠶᠢᠳᠡᠮ ᠤᠨ ᠬᠡᠷᠡᠭᠯᠡᠬᠡᠨ ᠤ ᠠᠭᠠᠷ ᠤᠨ ᠠᠶᠠᠯᠠᠯ ᠢ ᠬᠥᠭᠵᠢᠭᠦᠯᠬᠦ ᠴᠢᠬᠤᠯᠠ ᠶᠡᠭᠡ ᠵᠠᠭᠪᠤᠷ ᠤᠨ ᠰᠢᠨ᠎ᠡ ᠶᠢ ᠡᠭᠦᠳᠦᠭᠰᠡᠨ ᠶᠠᠪᠤᠳᠠᠯ ᠮᠥᠨ᠂ ᠲᠡᠷᠡ ᠨᠢ᠂ ᠥᠪᠡᠷᠲᠡᠭᠡᠨ ᠵᠠᠰᠠᠬᠤ ᠣᠷᠣᠨ ᠠᠴᠠ ᠪᠠᠷᠢᠮᠵᠢᠶ᠎ᠠ ᠶᠢ ᠨᠢᠭᠡᠳᠭᠡᠬᠦ᠂ ᠵᠢᠷᠤᠭ ᠲᠥᠯᠥᠪᠯᠡᠭᠡ ᠶᠢ ᠨᠢᠭᠡᠳᠭᠡᠬᠦ᠂ ᠡᠮᠦᠨᠡᠬᠢ ᠬᠤᠭᠤᠴᠠᠭ᠎ᠠ ᠶᠢ ᠨᠢᠭᠡᠳᠭᠡᠬᠦ᠂ ᠨᠢᠭᠡᠳᠦᠯᠲᠡᠶ ᠪᠥᠲᠥᠭᠡᠨ ᠪᠠᠶᠢᠭᠤᠯᠬᠤ᠂ ᠨᠢᠭᠡᠳᠦᠯᠲᠡᠶ ᠪᠠᠯᠠ ᠬᠤᠷᠠᠮᠳᠤᠭᠤᠯᠵᠤ᠂ ᠴᠠᠭ ᠠᠷᠪᠢᠯᠠᠬᠤ᠂ ᠵᠣᠭᠤᠰ ᠠᠷᠪᠢᠯᠠᠬᠤ᠂ ᠭᠠᠵᠠᠷ ᠠᠷᠪᠢᠯᠠᠬᠤ ᠵᠡᠷᠭᠡ ᠰᠠᠶᠢᠨ ᠲᠠᠯ᠎ᠠ ᠲᠠᠢ ᠶᠤᠮ᠃ ᠣᠶᠢᠯᠠᠭᠠᠭᠰᠠᠨ ᠢᠶᠠᠷ᠂ ᠮᠠᠨ ᠤ ᠣᠷᠣᠨ ᠨᠢᠭᠡᠨᠲᠡ ᠨᠢᠭᠡᠳᠦᠯᠲᠡᠶ ᠲᠥᠯᠥᠪᠵᠢᠬᠦᠯᠦᠨ ᠪᠥᠲᠥᠭᠡᠨ ᠪᠠᠶᠢᠭᠤᠯᠬᠤ ᠵᠠᠭᠪᠤᠷ ᠶᠣᠰᠣᠭᠠᠷ 11 ᠠᠶᠢᠮᠠᠭ ᠬᠤᠲᠠ ᠶᠢ ᠬᠠᠮᠤᠷᠤᠭᠰᠠᠨ 30 ᠨᠡᠶᠢᠳᠡᠮ ᠤᠨ ᠬᠡᠷᠡᠭᠯᠡᠭᠡᠨ ᠤ ᠨᠢᠰᠭᠡᠯ ᠤᠨ ᠪᠠᠭᠤᠳᠠᠯ ᠢ ᠲᠥᠯᠥᠪᠵᠢᠬᠦᠯᠪᠡ᠃ 2025 ᠣᠨ ᠪᠣᠯᠬᠤ ᠳᠤ᠂ ᠪᠥᠬᠦ ᠣᠷᠣᠨ ᠤ ᠨᠡᠶᠢᠳᠡᠮ ᠤᠨ ᠬᠡᠷᠡᠭᠯᠡᠭᠡᠨ ᠤ ᠨᠢᠰᠭᠡᠯ ᠤᠨ ᠪᠠᠭᠤᠳᠠᠯ ᠢ 50 ᠠᠴᠠ ᠳᠡᠭᠡᠭᠰᠢ ᠪᠣᠯᠭᠠᠵᠤ᠂ ᠨᠡᠶᠢᠳᠡᠮ ᠤᠨ ᠬᠡᠷᠡᠭᠯᠡᠭᠡᠨ ᠤ ᠠᠭᠠᠷ ᠤᠨ ᠠᠶᠠᠯᠠᠯ ᠤᠨ ᠴᠡᠭ ᠢᠶᠠᠷ ᠬᠡᠯᠬᠢᠵᠦ ᠲᠤᠤᠷ ᠪᠣᠯᠭᠠᠬᠤ ᠲᠡᠦᠬᠡᠲᠦ ᠴᠢᠨᠠᠷᠲᠠᠶ ᠦᠰᠦᠷᠦᠯᠲᠡ ᠶᠢ ᠪᠡᠶᠡᠯᠡᠭᠦᠯᠵᠦ᠂ ᠪᠥᠬᠦ ᠣᠷᠣᠨ ᠢ ᠬᠠᠮᠤᠷᠤᠭᠰᠠᠨ ᠨᠡᠶᠢᠳᠡᠮ ᠤᠨ ᠬᠡᠷᠡᠭᠯᠡᠭᠡᠨ ᠤ ᠠᠭᠠᠷ ᠤᠨ ᠠᠶᠠᠯᠠᠯ ᠤᠨ ᠰᠠᠭᠤᠷᠢ ᠲᠥᠬᠦᠭᠡᠷᠦᠮᠵᠢ ᠶᠢᠨ ᠲᠤᠤᠷ ᠢ ᠪᠠᠶᠢᠭᠤᠯᠤᠨ ᠪᠦᠷᠢᠯᠳᠦᠭᠦᠯᠵᠦ᠂ ᠦᠨᠳᠦᠰᠦᠨ ᠱᠠᠲᠤᠨ ᠤ ᠣᠯᠠᠨ ᠲᠦᠮᠡᠨ ᠳᠤ ᠨᠠᠩ ᠳᠥᠭᠦᠮ ᠳᠥᠲᠡ ᠡᠯᠪᠡᠭ ᠪᠠᠶᠠᠯᠢᠭ ᠵᠠᠮ ᠬᠠᠷᠢᠯᠴᠠᠭᠠᠨ ᠤ ᠦᠶᠯᠡᠴᠢᠯᠡᠭᠡ ᠬᠠᠩᠭᠠᠬᠤ ᠪᠤᠯᠤᠨ᠎ᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ