ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2022/6/28


 ︵2022 ᠣᠨ ᠤ 6 ᠰᠠᠷ᠎ᠠ ᠶᠢᠨ 27 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠪᠠᠲᠤᠯᠠᠪᠠ︶ 


      ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ 2022 ᠣᠨ ᠤ 6 ᠰᠠᠷ᠎ᠠ ᠶᠢᠨ 27 ᠤ ᠡᠳᠦᠷ ᠬᠥᠬᠡᠬᠤᠲᠠ ᠳᠤ ᠬᠤᠷᠠᠯᠳᠤᠵᠠᠢ᠃

1.jpg


      ᠡᠨᠡ ᠤᠳᠠᠭ᠎ᠠ ᠶᠢᠨ ᠪᠥᠬᠦᠳᠡ ᠬᠤᠷᠠᠯ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠡᠰᠢᠭᠦᠨ 77 ᠬᠥᠮᠦᠨ᠂ ᠣᠷᠣᠯᠠᠭᠴᠢ ᠭᠡᠰᠢᠭᠦᠨ 14 ᠬᠥᠮᠦᠨ ᠣᠷᠣᠯᠴᠠᠪᠠ᠃
      ᠪᠦᠭᠦᠳᠡ ᠬᠤᠷᠠᠯ ᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠷᠬᠢᠯᠡᠪᠡ᠃

2.jpg


      ᠪᠦᠬᠦᠳᠡ ᠬᠤᠷᠠᠯ ᠠᠴᠠ ᠨᠠᠮ ᠤᠨ ᠬᠤᠷᠢᠳᠤᠭᠠᠷ ᠶᠡᠭᠡ ᠬᠤᠷᠠᠯ ᠳᠤ ᠤᠷᠤᠯᠴᠠᠬᠤ ᠦᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠲᠦᠯᠦᠭᠡᠯᠡᠭᠴᠢ ᠶᠢᠨ ᠵᠢᠱᠢᠭᠳᠡᠭᠰᠡᠳ ᠤᠨ ᠪᠡᠯᠡᠳᠭᠡᠯ ᠵᠢᠱᠢᠭᠳᠡᠭᠴᠢ ᠶᠢ ᠪᠢᠯᠧᠲ ᠦᠭᠴᠦ ᠲᠤᠬᠲᠠᠭᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠯᠥᠭᠡᠯᠡᠭᠴᠢᠳ ᠤᠨ ᠬᠤᠷᠠᠯ ᠢ ᠬᠤᠷᠠᠯᠳᠤᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠪᠦᠬᠦᠳᠡ ᠬᠤᠷᠠᠯ ᠤᠨ ᠰᠢᠢᠳᠪᠦᠷᠢ︾ ᠶᠢ ᠬᠢᠨᠠᠨ ᠵᠥᠪᠯᠡᠵᠦ ᠪᠠᠲᠤᠯᠠᠪᠠ᠃
      ᠪᠦᠬᠦᠳᠡ ᠬᠤᠷᠠᠯ ᠠᠴᠠ᠂ 2022 ᠣᠨ ᠤ 6 ᠰᠠᠷ᠎ᠠ ᠶᠢᠨ 29 ᠤ ᠡᠳᠦᠷ ᠠᠴᠠ 30 ᠤ ᠡᠳᠦᠷ ᠪᠣᠯᠲᠠᠯ᠎ᠠ ᠬᠥᠬᠡᠬᠤᠲᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠯᠥᠭᠡᠯᠡᠭᠴᠢᠳ ᠤᠨ ᠬᠤᠷᠠᠯ ᠢ ᠬᠤᠷᠠᠯᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠳᠤ ᠣᠷᠣᠯᠴᠠᠬᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠯᠥᠭᠡᠯᠡᠭᠴᠢ ᠶᠢ ᠰᠣᠩᠭᠤᠨ ᠭᠠᠷᠭᠠᠬᠤ ᠪᠠᠷ ᠲᠤᠭᠲᠠᠵᠠᠢ᠃
      ᠪᠦᠬᠦᠳᠡ ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠪᠣᠯ ᠨᠠᠮ ᠪᠠ ᠤᠯᠤᠰ ᠤᠨ ᠤᠯᠤᠰ ᠲᠦᠷᠦ ᠶᠢᠨ ᠠᠮᠢᠳᠤᠷᠠᠯ ᠳᠠᠬᠢ ᠨᠢᠭᠡᠨ ᠶᠡᠭᠡ ᠶᠠᠪᠤᠳᠠᠯ ᠮᠥᠨ᠃ ᠡᠷᠬᠡᠪᠰᠢ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠥᠷᠥ ᠶᠢᠨ ᠤᠬᠠᠮᠰᠠᠷ ᠢᠶᠠᠨ ᠴᠢᠩᠭᠠᠳᠬᠠᠨ᠂ ᠤᠬᠠᠮᠰᠠᠷ ᠠᠴᠠ ᠪᠠᠨ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠵᠣᠷᠢᠭ ᠰᠠᠨᠠᠭ᠎ᠠ ᠲᠠᠢ ᠨᠢᠭᠡᠳᠭᠡᠵᠦ᠂ ︽ᠬᠤᠶᠠᠷ ᠢ ᠲᠣᠭᠲᠠᠭᠠᠬᠰᠠᠨ︾ ᠢ ᠡᠷᠡᠰ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠤᠯᠤᠰ ᠲᠥᠷᠥ ᠶᠢᠨ ᠤᠬᠠᠮᠰᠠᠷ᠂ ᠨᠠᠮ ᠳᠠᠭᠠᠨ ᠬᠠᠷᠢᠴᠠᠯᠠᠰᠢᠭᠦᠢ ᠦᠨᠡᠨᠴᠢ ᠰᠢᠳᠤᠷᠭᠤ ᠪᠠᠶᠢᠬᠤ᠂ ᠨᠠᠮ ᠪᠣᠯᠤᠨ ᠠᠷᠠᠳ ᠲᠦᠮᠡᠨ ᠤ ᠦᠶᠯᠡᠰ ᠲᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠨᠠᠮ ᠤᠨ ᠬᠤᠷᠢᠳᠤᠭᠠᠷ ᠶᠡᠭᠡ ᠬᠤᠷᠠᠯ ᠳᠤ ᠣᠷᠣᠯᠴᠠᠬᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠯᠥᠭᠡᠯᠡᠭᠴᠢ ᠶᠢ ᠰᠠᠶᠢᠲᠤᠷ ᠰᠣᠩᠭᠤᠵᠤ᠂ ᠨᠠᠮ ᠤᠨ ᠲᠥᠪ ᠬᠤᠷᠢᠶᠠᠨ ᠤ ᠲᠤᠰᠢᠶᠠᠭᠰᠠᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃
      ᠪᠦᠬᠦᠳᠡ ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠷᠢᠮ︾ ᠪᠣᠯᠤᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠣᠨ ᠨᠤᠲᠤᠭ ᠤᠨ ᠬᠤᠷᠢᠶᠠᠨ ᠤ ᠠᠵᠢᠯ ᠤᠨ ᠲᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠡᡁᠧᠩ ᠰᠢᠶᠤᠤ ᠹᠠᠨ᠂ ᠰᠢᠶᠤᠤ ᠯᠦᠩ ᠼᠠᠩ ᠨᠥᠬᠦᠷ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠭᠡᠰᠢᠭᠦᠨ ᠤ ᠲᠤᠰᠢᠶᠠᠯ ᠠᠴᠠ ᠨᠢ ᠪᠠᠭᠤᠯᠭᠠᠬᠤ ᠪᠠᠷ ᠲᠣᠭᠲᠠᠪᠠ᠃
      ᠪᠥᠬᠦᠳᠡ ᠬᠤᠷᠠᠯ ᠠᠴᠠ᠂ ᠪᠥᠬᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠩ ᠡᠷᠡᠮᠡᠬᠡᠶᠢᠯᠡᠨ ᠲᠡᠮᠡᠴᠡᠵᠦ ᠵᠢᠳᠬᠦᠯ ᠴᠢᠷᠮᠠᠶᠢᠯᠭ᠎ᠠ ᠭᠠᠷᠭᠠᠨ᠂ ᠠᠵᠢᠯ ᠢᠶᠠᠨ ᠯᠠᠪᠳᠠᠭᠤᠨ ᠪᠠᠲᠤᠲᠠᠶ ᠪᠦᠲᠦᠮᠵᠢᠲᠡᠶ ᠰᠠᠶᠢᠲᠤᠷ ᠬᠢᠵᠦ᠂ ᠰᠢᠯᠢᠳᠡᠭ ᠠᠮᠵᠢᠯᠳᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠰᠤᠭᠠᠢ ᠭᠡᠵᠦ ᠤᠷᠢᠶᠠᠯᠠᠪᠠ︕

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ