ᠥᠪᠡᠷᠲᠡᠭᠡᠨ ᠵᠠᠰᠠᠬᠤ ᠣᠷᠣᠨ ᠤ ᠮᠤᠵᠢ ᠶᠢᠨ ᠳᠡᠰ ᠤᠨ ᠤᠳᠤᠷᠢᠳᠤᠯᠭ᠎ᠠ ᠬᠠᠮᠲᠤ ᠪᠠᠷ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨᠡᠮ — ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢᠨ ᠦᠵᠡᠰᠬᠦᠯᠡᠩ︾ ᠢ ᠲᠣᠭᠤᠷᠢᠨ ᠦᠵᠡᠪᠡ  ᠰᠦᠨ ᠱᠣᠣ ᠴᠧᠩ  ᠸᠠᠩ ᠯᠢ ᠰᠢᠶᠠ  ᠯᠢ ᠰᠢᠦ ᠯᠢᠩ ᠣᠷᠣᠯᠴᠠᠵᠠᠢ
ᠨᠡᠶᠢᠲᠡᠯᠡᠭᠰᠡᠨ ᠴᠠᠭ᠄
2022/6/29

      ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 101 ᠵᠢᠯ ᠤᠨ ᠣᠢ ᠠᠴᠠ ᠡᠮᠦᠨᠡᠬᠡᠨ ᠤ 6 ᠰᠠᠷ᠎ᠠ ᠶᠢᠨ 28 ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠣᠣ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢ ᠰᠢᠦ ᠯᠢᠩ ᠵᠡᠷᠭᠡ ᠥᠪᠡᠷᠲᠡᠭᠡᠨ ᠵᠠᠰᠠᠬᠤ ᠣᠷᠣᠨ ᠤ ᠮᠤᠵᠢ ᠶᠢᠨ ᠳᠡᠰ ᠤᠨ ᠤᠳᠤᠷᠢᠳᠤᠯᠭ᠎ᠠ ᠨᠠᠷ ᠬᠠᠮᠲᠤ ᠪᠠᠷ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠳᠤ ᠢᠷᠡᠵᠦ᠂ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨᠡᠮ — ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢᠨ ᠦᠵᠡᠰᠬᠦᠯᠡᠩ︾ ᠢ ᠲᠣᠭᠤᠷᠢᠨ ᠦᠵᠡᠵᠦ᠂ ᠨᠠᠮ ᠳᠤ ᠣᠷᠣᠬᠤ ᠲᠠᠩᠭᠠᠷᠢᠭ ᠤᠨ ᠦᠭᠡᠰ ᠢ ᠳᠠᠬᠢᠨᠲᠠ ᠤᠩᠰᠢᠵᠤ᠂ ᠬᠤᠪᠢᠰᠬᠠᠯ ᠤᠨ ᠤᠯᠠᠮᠵᠢᠯᠠᠯᠲᠤ ᠬᠥᠮᠥᠵᠢᠯ ᠬᠦᠷᠲᠡᠪᠡ᠃

1.jpg


      6 ᠰᠠᠷ᠎ᠠ ᠶᠢᠨ 28 ᠤ ᠡᠳᠦᠷ᠂ ᠰᠦᠨ ᠱᠣᠣ ᠴᠧᠩ᠂ ᠸᠠᠩ ᠯᠢ ᠰᠢᠶᠠ᠂ ᠯᠢ ᠰᠢᠦ ᠯᠢᠩ ᠵᠡᠷᠭᠡ ᠥᠪᠡᠷᠲᠡᠭᠡᠨ ᠵᠠᠰᠠᠬᠤ ᠣᠷᠣᠨ ᠤ ᠮᠤᠵᠢ ᠶᠢᠨ ᠳᠡᠰ ᠤᠨ ᠤᠳᠤᠷᠢᠳᠤᠯᠭ᠎ᠠ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠤ ᠭᠤᠣᠯ ᠰᠡᠳᠦᠪᠲᠦ ᠬᠥᠮᠥᠵᠢᠯ ᠤᠨ ᠲᠢᠩᠬᠢᠮ ᠳᠤ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠳᠠᠬᠢᠨᠲᠠ ᠤᠩᠰᠢᠪᠠ᠃

2.jpg


      6 ᠰᠠᠷ᠎ᠠ ᠶᠢᠨ 28 ᠤ ᠡᠳᠦᠷ᠂ ᠰᠦᠨ ᠱᠣᠣ ᠴᠧᠩ᠂ ᠸᠠᠩ ᠯᠢ ᠰᠢᠶᠠ᠂ ᠯᠢ ᠰᠢᠦ ᠯᠢᠩ ᠵᠡᠷᠭᠡ ᠥᠪᠡᠷᠲᠡᠭᠡᠨ ᠵᠠᠰᠠᠬᠤ ᠣᠷᠣᠨ ᠤ ᠮᠤᠵᠢ ᠶᠢᠨ ᠳᠡᠰ ᠤᠨ ᠤᠳᠤᠷᠢᠳᠤᠯᠭ᠎ᠠ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠳᠤ ᠢᠷᠡᠵᠦ᠂ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨᠡᠮ — ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢᠨ ᠦᠵᠡᠰᠬᠦᠯᠡᠩ︾ ᠢ ᠲᠣᠭᠤᠷᠢᠨ ᠦᠵᠡᠪᠡ᠃

      ᠦᠵᠡᠰᠬᠦᠯᠡᠩ ᠨᠢ 4 ᠬᠡᠰᠡᠭ ᠢᠶᠠᠷ ᠪᠦᠷᠢᠯᠳᠦᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠵᠠᠭᠤᠨ ᠵᠢᠯ ᠤᠨ ᠭᠡᠷᠡᠯ ᠰᠠᠴᠤᠷᠠᠩᠭᠤᠢ ᠲᠡᠦᠬᠡ ᠶᠢ ᠴᠣᠭᠴᠠᠯᠠᠭᠰᠠᠨ ᠴᠥᠬᠦᠷᠡᠰᠢ ᠦᠭᠡᠢ ᠲᠡᠮᠡᠴᠡᠯ ᠤᠨ ᠲᠡᠦᠬᠡ᠂ ᠦᠷᠡᠭᠳᠡᠯ ᠰᠦᠢᠳᠦᠯ ᠠᠴᠠ ᠠᠶᠤᠭᠰᠠᠨ ᠦᠭᠡᠢ ᠲᠡᠦᠬᠡ᠂ ᠣᠨᠣᠯ ᠤᠨ ᠬᠠᠶᠢᠨ ᠰᠦᠪᠡᠭᠴᠢᠯᠡᠯᠲᠡ ᠶᠢᠨ ᠲᠡᠦᠬᠡ᠂ ᠠᠷᠠᠳ ᠲᠦᠮᠡᠨ ᠳᠤ ᠪᠤᠶᠠᠨ ᠦᠢᠯᠡᠳᠦᠭᠰᠡᠨ ᠲᠡᠦᠬᠡ᠂ ᠲᠣᠰ ᠪᠡᠶ᠎ᠡ ᠶᠢᠨ ᠪᠠᠶᠢᠭᠤᠯᠤᠯᠲᠠ ᠶᠢᠨ ᠲᠡᠦᠬᠡ ᠶᠢ ᠪᠥᠬᠦ ᠦᠵᠡᠮᠵᠢ ᠶᠢᠨ ᠬᠡᠯᠪᠡᠷᠢ ᠪᠠᠷ ᠳᠡᠯᠭᠡᠨ ᠦᠵᠡᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ ᠥᠪᠥᠷ ᠮᠣᠩᠭᠤᠯ ᠤᠨ ᠬᠤᠪᠢᠰᠬᠠᠯ᠂ ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠶᠠᠪᠤᠴᠠ ᠳᠤᠮᠳᠠᠬᠢ ᠢᠯᠡᠷᠡᠭᠰᠡᠨ ᠬᠠᠮᠤᠭ ᠤᠨ ᠲᠥᠯᠥᠭᠡᠯᠡᠬᠦ ᠴᠢᠨᠠᠷᠲᠠᠢ ᠴᠢᠬᠤᠯᠠ ᠶᠡᠭᠡ ᠬᠡᠷᠡᠭ ᠶᠠᠪᠤᠳᠠᠯ᠂ ᠴᠢᠬᠤᠯᠠ ᠠᠵᠢᠯᠯᠠᠭ᠎ᠠ᠂ ᠴᠢᠬᠤᠯᠠ ᠬᠥᠮᠥᠰ ᠵᠡᠷᠭᠡ ᠶᠢ ᠳᠡᠯᠭᠡᠨ ᠦᠵᠡᠭᠦᠯᠵᠦ᠂ ᠣᠨᠴᠠᠭᠠᠶᠢᠯᠠᠨ ᠥᠪᠥᠷ ᠮᠣᠩᠭᠤᠯ ᠤᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠣᠳᠠᠲᠠᠢ ᠦᠢᠯᠡᠳᠦᠯᠭᠡ ᠪᠣᠯᠣᠨ ᠠᠮᠵᠢᠯᠲᠠ ᠪᠦᠲᠦᠮᠵᠢ ᠶᠢ ᠲᠤᠰᠬᠠᠭᠰᠠᠨ ᠪᠠᠶᠢᠨ᠎ᠠ᠃

      ᠣᠯᠠᠨ ᠢᠶᠠᠷ ᠢᠶᠠᠨ ᠡᠯ᠎ᠡ ᠦᠵᠡᠭᠦᠯᠭᠡ ᠶᠢᠨ ᠲᠣᠭᠤᠷᠢᠭ ᠢᠶᠠᠷ ᠲᠣᠭᠤᠷᠢᠨ ᠦᠵᠡᠵᠦ᠂ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠴᠤ᠂ ᠬᠤᠯᠪᠣᠭᠳᠠᠯ ᠪᠦᠬᠦᠢ ᠪᠠᠶᠢᠳᠠᠯ ᠢ ᠨᠠᠷᠢᠨ ᠠᠰᠠᠭᠤᠵᠤ᠂ ᠪᠠᠶᠢᠨ ᠪᠠᠶᠢᠨ ᠰᠤᠷᠪᠤᠯᠵᠢ ᠪᠢᠴᠢᠭ ᠮᠠᠲ᠋ᠧᠷᠢᠶᠠᠯ ᠢ ᠪᠠᠶᠢᠴᠠᠭᠠᠨ ᠦᠵᠡᠵᠦ᠂ ᠬᠠᠷᠢᠯᠴᠠᠨ ᠰᠠᠨᠠᠯ ᠢᠶᠠᠨ ᠰᠣᠯᠢᠯᠴᠠᠨ ᠶᠠᠷᠢᠯᠴᠠᠵᠤ᠂ ᠬᠠᠮᠲᠤ ᠪᠠᠷ ᠢᠶᠠᠨ ᠨᠠᠮ ᠤᠨ ᠲᠡᠦᠬᠡ ᠶᠢ ᠡᠷᠭᠢᠴᠡᠭᠦᠯᠪᠡ᠃ ᠦᠵᠡᠰᠬᠦᠯᠡᠩ ᠤᠨ ᠣᠷᠳᠣᠨ ᠤ ᠭᠤᠣᠯ ᠰᠡᠳᠦᠪᠲᠦ ᠬᠥᠮᠥᠵᠢᠯ ᠤᠨ ᠲᠢᠩᠬᠢᠮ ᠳᠤ᠂ ᠭᠠᠯ ᠤᠯᠠᠭᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠤᠭ ᠤᠨ ᠡᠮᠦᠨ᠎ᠡ᠂ ᠣᠯᠠᠨ ᠢᠶᠠᠷ ᠢᠶᠠᠨ ᠪᠠᠷᠠᠭᠤᠨ ᠨᠢᠳᠤᠷᠭ᠎ᠠ ᠪᠠᠨ ᠵᠠᠩᠭᠢᠳᠴᠤ᠂ ᠰᠦᠨ ᠱᠣᠣ ᠴᠧᠩ ᠤᠨ ᠳᠠᠭᠠᠭᠤᠯᠭ᠎ᠠ ᠳᠣᠣᠷ᠎ᠠ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠳᠠᠬᠢᠨᠲᠠ ᠤᠩᠰᠢᠨ ᠲᠠᠩᠭᠠᠷᠢᠭᠯᠠᠵᠤ᠂ ᠢᠳᠡ ᠬᠦᠴᠦᠲᠡᠢ ᠲᠠᠩᠭᠠᠷᠢᠭ ᠶᠡᠭᠡ ᠲᠢᠩᠬᠢᠮ ᠳᠤ ᠴᠤᠤᠷᠢᠶᠠᠲᠤᠪᠠ᠃

      ᠣᠯᠠᠨ ᠢᠶᠠᠷ ᠢᠶᠠᠨ ᠪᠠᠰᠠ ︽ᠳᠤᠮᠳᠠᠳᠤ ᠶᠢᠨ ᠮᠠᠭᠲᠠᠭᠠᠯ — ᠪᠢᠳᠡᠨ ᠤ ᠰᠡᠳᠬᠢᠯ ᠳᠤ ᠰᠦᠨᠳᠡᠷᠯᠡᠭᠰᠡᠨ ᠬᠡᠪ ᠨᠠᠮᠪᠠ︾ ᠭᠡᠬᠦ ᠶᠡᠷᠦᠩᠬᠡᠶᠢᠯᠡᠭᠰᠡᠨ ᠦᠵᠡᠰᠬᠦᠯᠡᠩ᠂ ᠥᠪᠥᠷ ᠮᠣᠩᠭᠤᠯ ᠤᠨ ᠤᠷᠲᠤ ᠴᠠᠭᠠᠨ ᠬᠡᠷᠡᠮ ᠤᠨ ᠳᠥᠷᠪᠡᠨ ᠤᠯᠠᠷᠢᠯ ᠤᠨ ᠪᠣᠳᠠᠰ ᠤᠨ ᠪᠤᠰᠤ ᠰᠣᠶᠣᠯ ᠤᠨ ᠥᠪ ᠤᠨ ᠦᠵᠡᠰᠬᠦᠯᠡᠩ᠂ ᠥᠪᠥᠷ ᠮᠣᠩᠭᠤᠯ ᠤᠨ ᠬᠠᠲᠤᠨ ᠭᠤᠣᠯ ᠤᠨ ᠪᠣᠳᠠᠰ ᠤᠨ ᠪᠤᠰᠤ ᠰᠣᠶᠣᠯ ᠤᠨ ᠥᠪ ᠤᠨ ᠤᠷᠠᠨ ᠵᠢᠷᠤᠭ ᠤᠨ ᠦᠵᠡᠰᠬᠦᠯᠡᠩ ᠢ ᠲᠣᠭᠤᠷᠢᠨ ᠦᠵᠡᠪᠡ᠃

      ᠡᠯ᠎ᠡ ᠠᠶᠢᠮᠠᠭ ᠬᠤᠲᠠ ᠶᠢᠨ ᠭᠤᠣᠯ ᠬᠠᠷᠢᠭᠤᠴᠠᠯᠭᠠᠲᠠᠨ ᠨᠥᠬᠦᠳ ᠠᠵᠢᠯᠯᠠᠭ᠎ᠠ ᠳᠤ ᠣᠷᠣᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ