ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠠᠮ ᠤᠨ ᠭᠡᠰᠢᠭᠦᠨ ᠺᠠᠳ᠋ᠷᠴᠤᠳ ᠲᠤ ᠲᠤᠰᠬᠠᠢ ᠰᠡᠳᠦᠪᠲᠦ ᠨᠠᠮ ᠤᠨ ᠬᠢᠴᠢᠶᠡᠯ ᠣᠷᠣᠪᠠ  ᠨᠠᠮ ᠤᠨ ᠭᠡᠰᠢᠭᠦᠨ ᠺᠠᠳ᠋ᠷᠴᠤᠳ ᠲᠡᠦᠬᠡ ᠶᠢ ᠪᠢᠰᠢᠷᠡᠨ ᠬᠦᠨᠳᠦᠳᠬᠡᠵᠥ ᠰᠢᠯᠢᠳᠡᠭ ᠤᠯᠠᠮᠵᠢᠯᠠᠯᠲᠤ ᠰᠣᠶᠣᠯ ᠢ ᠪᠢᠰᠢᠷᠡᠨ ᠬᠦᠨᠳᠤᠳᠬᠡᠵᠥ ᠳᠤᠮᠳᠠᠳᠤ ᠤᠯᠤᠰ ᠤᠨ ᠬᠥᠮᠦᠨ ᠪᠣᠯᠬᠤ ᠰᠥᠰᠥ ᠵᠣᠷᠢᠭ ᠡᠷᠴᠢ ᠵᠤᠷᠢᠭ ᠢᠳᠡᠬᠡᠯ ᠵᠣᠷᠢᠭ ᠢᠶᠠᠨ ᠬᠥᠪᠴᠢᠯᠡᠬᠦ ᠬᠡᠷᠡᠭᠲᠡᠢ
ᠨᠡᠶᠢᠲᠡᠯᠡᠭᠰᠡᠨ ᠴᠠᠭ᠄
2022/6/29

      ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 101 ᠵᠢᠯ ᠤᠨ ᠤᠢ ᠶᠢᠨ ᠲᠠᠰᠢᠷᠠᠮ ᠳᠤ᠂ 6 ᠰᠠᠷ᠎ᠠ ᠶᠢᠨ 28 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ︽ᠨᠠᠮ ᠤᠨ ᠭᠡᠰᠢᠭᠦᠨ ᠺᠠᠳ᠋ᠷᠴᠤᠳ ᠲᠡᠦᠬᠡ ᠶᠢ ᠪᠢᠰᠢᠷᠡᠨ ᠬᠦᠨᠳᠦᠳᠬᠡᠵᠥ᠂ ᠰᠢᠯᠢᠳᠡᠭ ᠤᠯᠠᠮᠵᠢᠯᠠᠯᠲᠤ ᠰᠣᠶᠣᠯ ᠢ ᠪᠢᠰᠢᠷᠡᠨ ᠬᠦᠨᠳᠤᠳᠬᠡᠵᠥ᠂ ᠳᠤᠮᠳᠠᠳᠤ ᠤᠯᠤᠰ ᠤᠨ ᠬᠥᠮᠦᠨ ᠪᠣᠯᠬᠤ ᠰᠥᠰᠥ ᠵᠣᠷᠢᠭ ᠡᠷᠴᠢ ᠵᠤᠷᠢᠭ ᠢᠳᠡᠬᠡᠯ ᠵᠤᠷᠢᠭ ᠢᠶᠠᠨ ᠬᠦᠪᠴᠢᠯᠡᠬᠦ ᠬᠡᠷᠡᠭᠲᠡᠢ︾ ᠭᠡᠬᠦ ᠭᠤᠣᠯ ᠰᠡᠳᠦᠪ ᠢᠶᠠᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠠᠮ ᠤᠨ ᠭᠡᠰᠢᠭᠦᠨ ᠺᠠᠳ᠋ᠷᠴᠤᠳ ᠲᠤ ᠲᠤᠰᠬᠠᠢ ᠰᠡᠳᠦᠪᠲᠦ ᠨᠠᠮ ᠤᠨ ᠬᠢᠴᠢᠶᠡᠯ ᠣᠷᠣᠪᠠ᠃

2-1.jpg


      ᠸᠠᠩ ᠯᠢ ᠰᠢᠶᠠ᠂ ᠶᠡᠷᠦᠩᠬᠡᠢ ᠱᠦᠵᠢ ᠰᠢ ᠶᠢᠨ ᠫᠢᠩ ᠰᠣᠶᠣᠯ ᠪᠣᠯ ᠨᠢᠭᠡ ᠤᠯᠤᠰ᠂ ᠨᠢᠭᠡ ᠦᠨᠳᠦᠰᠦᠲᠡᠨ ᠤ ᠰᠦᠭ ᠰᠦᠨᠡᠰᠦ ᠮᠥᠨ ᠬᠡᠵᠥ ᠤᠯᠠᠨ ᠤᠳᠠᠭ᠎ᠠ ᠴᠢᠬᠤᠯᠠᠴᠢᠯᠠᠪᠠ᠃ ᠡᠷᠡᠰ ᠪᠠᠲᠤ ᠰᠣᠶᠣᠯ ᠤᠨ ᠢᠲᠡᠭᠡᠯ ᠨᠢ ᠮᠠᠨ ᠤ ᠨᠠᠮ ᠤᠨ ᠮᠠᠷᠺᠰ ᠤᠨ ᠦᠵᠡᠯ ᠤᠨ ᠦᠨᠳᠦᠰᠦᠨ ᠤᠭ ᠶᠣᠰᠣ ᠶᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠬᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠬᠤ ᠶᠢ ᠢᠮᠠᠭᠲᠠ ᠪᠠᠷᠢᠮᠲᠠᠯᠠᠭᠰᠠᠨ ᠠᠴᠠ ᠢᠷᠡᠯᠲᠡ ᠲᠠᠢ ᠶᠤᠮ᠂ ᠳᠤᠮᠳᠠᠳᠤ ᠶᠢᠨ ᠦᠨᠳᠦᠰᠦᠲᠡᠨ ᠤ ᠭᠦᠨ ᠵᠤᠵᠠᠭᠠᠨ ᠰᠣᠶᠣᠯ ᠤᠨ ᠦᠨᠳᠦᠰᠦ ᠰᠤᠷᠪᠤᠯᠵᠢ ᠪᠠ ᠥᠪᠡᠷᠮᠢᠴᠡ ᠰᠣᠶᠣᠯ ᠤᠨ ᠳᠠᠪᠠᠭᠤᠯᠢᠭ ᠠᠴᠠ ᠢᠷᠡᠯᠲᠡ ᠲᠠᠢ ᠶᠤᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠦᠢᠯᠡᠳᠦᠯᠭᠡ ᠠᠴᠠ ᠢᠷᠡᠯᠲᠡ ᠲᠠᠢ ᠶᠤᠮ᠂ ᠳᠤᠮᠳᠠᠳᠤ ᠶᠢᠨ ᠦᠨᠳᠦᠰᠦᠲᠡᠨ ᠤ ᠤᠳᠤᠮ ᠤᠯᠠᠮᠵᠢᠯᠠᠯ ᠨᠢᠭᠡᠲᠡᠢ ᠤᠶᠤᠨ ᠰᠠᠨᠠᠭᠠᠨ ᠤ ᠬᠥᠭᠡᠭᠡᠴᠡᠯᠳᠦᠯ᠂ ᠤᠶᠤᠨ ᠰᠠᠨᠠᠭᠠᠨ ᠤ ᠣᠨᠴᠠᠯᠢᠭ ᠰᠢᠨᠵᠢ᠂ ᠤᠶᠤᠨ ᠰᠠᠨᠠᠭᠠᠨ ᠤ ᠰᠤᠳᠠᠰᠤ ᠠᠴᠠ ᠢᠷᠡᠯᠲᠡ ᠲᠠᠢ ᠶᠤᠮ᠂ ᠡᠷᠬᠡ ᠲᠡᠭᠰᠢ᠂ ᠬᠠᠷᠢᠯᠴᠠᠨ ᠲᠣᠯᠢᠯᠠᠬᠤ᠂ ᠬᠠᠷᠢᠯᠴᠠᠬᠤ᠂ ᠪᠠᠭᠲᠠᠭᠠᠬᠤ ᠪᠣᠯᠪᠠᠰᠤᠨ ᠦᠵᠡᠯᠲᠡ ᠠᠴᠠ ᠢᠷᠡᠯᠲᠡ ᠲᠠᠢ ᠶᠤᠮ᠃ ᠰᠣᠶᠣᠯ ᠤᠨ ᠢᠲᠡᠭᠡᠯ ᠢᠶᠠᠨ ᠪᠠᠲᠤᠳᠬᠠᠬᠤ ᠳᠤ ᠡᠷᠬᠡᠪᠰᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠪᠠᠷ ᠵᠢᠯᠤᠭᠤᠳᠤᠯᠭ᠎ᠠ ᠪᠣᠯᠭᠠᠵᠤ᠂ ᠳᠤᠮᠳᠠᠳᠤ ᠤᠯᠤᠰ ᠤᠨ ᠵᠣᠷᠢᠭ ᠰᠠᠨᠠᠭ᠎ᠠ᠂ ᠳᠤᠮᠳᠠᠳᠤ ᠤᠯᠤᠰ ᠤᠨ ᠦᠷᠳᠡᠭ᠂ ᠳᠤᠮᠳᠠᠳᠤ ᠤᠯᠤᠰ ᠤᠨ ᠬᠦᠴᠦᠨ ᠢ ᠴᠣᠭᠴᠠᠯᠠᠬᠤ ᠬᠡᠷᠡᠭᠲᠡᠢ ᠬᠡᠪᠡ᠃

      ᠸᠠᠩ ᠯᠢ ᠰᠢᠶᠠ᠂ ᠰᠣᠶᠣᠯ ᠤᠨ ᠬᠠᠮᠲᠤ ᠶᠢᠨ ᠲᠠᠨᠢᠯᠲᠠ ᠶᠢ ᠴᠢᠩᠭᠠᠳᠬᠠᠬᠤ ᠳᠤ ᠡᠷᠬᠡᠪᠰᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠦᠨᠳᠦᠰᠦᠲᠡᠨ ᠤ ᠠᠵᠢᠯ ᠢ ᠲᠠᠰᠤᠷᠠᠯᠳᠠ ᠦᠭᠡᠢ ᠴᠢᠩᠭᠠᠳᠬᠠᠨ ᠰᠠᠶᠢᠵᠢᠷᠠᠭᠤᠯᠬᠤ ᠬᠡᠷᠡᠭᠲᠡᠢ᠃ ᠡᠷᠬᠡᠪᠰᠢ ᠵᠥᠪ ᠣᠨᠣᠪᠴᠢᠲᠠᠶ ᠤᠯᠤᠰ ᠤᠨ ᠦᠵᠡᠯᠲᠡ ᠶᠢ ᠪᠣᠶ ᠪᠣᠯᠭᠠᠵᠤ᠂ ᠥᠪᠥᠷ ᠮᠣᠩᠭᠤᠯ ᠤᠨ ᠡᠬᠡ ᠭᠠᠵᠠᠷ ᠪᠣᠯ ᠦᠨᠳᠦᠰᠦᠲᠡᠨ ᠨᠦᠭᠦᠳ ᠤᠨ ᠬᠠᠮᠲᠤ ᠪᠠᠷ ᠨᠡᠭᠡᠭᠡᠨ ᠬᠥᠭᠵᠢᠭᠦᠯᠦᠭᠰᠡᠨ ᠪᠠ ᠬᠠᠮᠲᠤ ᠪᠠᠷ ᠥᠮᠴᠢᠯᠡᠬᠦ ᠭᠠᠵᠠᠷ ᠣᠷᠣᠨ ᠮᠥᠨ ᠭᠡᠳᠡᠭ ᠢ ᠭᠦᠨᠵᠡᠭᠡᠶ ᠲᠠᠨᠢᠬᠤ ᠬᠡᠷᠡᠭᠲᠡᠶ᠃ ᠡᠷᠬᠡᠪᠰᠢ ᠵᠥᠪ ᠤᠨᠤᠪᠴᠢᠳᠠᠢ ᠲᠡᠦᠬᠡ ᠶᠢᠨ ᠦᠵᠡᠯᠲᠡ ᠶᠢ ᠪᠤᠢ ᠪᠣᠯᠭᠠᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠪᠣᠯ ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠳᠠᠪᠰᠢᠯᠲᠠ ᠶᠢ ᠠᠬᠢᠭᠤᠯᠬᠤ ᠤᠨᠳᠤᠷᠤᠭᠠᠳ ᠪᠠᠷᠠᠰᠢ ᠦᠭᠡᠢ ᠬᠥᠳᠡᠯᠭᠡᠬᠦ ᠬᠦᠴᠦᠨ ᠮᠥᠨ ᠭᠡᠳᠡᠭ ᠢ ᠭᠦᠨᠵᠡᠭᠡᠢ ᠲᠠᠨᠢᠬᠤ ᠬᠡᠷᠡᠭᠲᠡᠢ᠃ ᠡᠷᠬᠡᠪᠰᠢ ᠵᠥᠪ ᠤᠨᠤᠪᠴᠢᠳᠠᠢ ᠰᠣᠶᠣᠯ ᠤᠨ ᠦᠵᠡᠯᠲᠡ ᠶᠢ ᠪᠤᠢ ᠪᠣᠯᠭᠠᠵᠤ᠂ ᠳᠤᠮᠳᠠᠳᠤ ᠶᠢᠨ ᠰᠣᠶᠣᠯ ᠪᠣᠯ ᠦᠨᠳᠦᠰᠦᠲᠡᠨ ᠨᠦᠭᠦᠳ ᠤᠨ ᠰᠣᠶᠣᠯ ᠤᠨ ᠬᠤᠷᠠᠮᠠᠯ ᠮᠥᠨ ᠭᠡᠳᠡᠭ ᠢ ᠭᠦᠨᠵᠡᠭᠡᠢ ᠲᠠᠨᠢᠬᠤ ᠬᠡᠷᠡᠭᠲᠡᠢ᠃ ᠡᠷᠬᠡᠪᠰᠢ ᠵᠥᠪ ᠣᠨᠣᠪᠴᠢᠲᠠᠶ ᠦᠨᠳᠦᠰᠦᠲᠡᠨ ᠤ ᠦᠵᠡᠯᠲᠡ ᠶᠢ ᠪᠣᠶ ᠪᠣᠯᠭᠠᠵᠤ᠂ ᠥᠪᠥᠷ ᠮᠣᠩᠭᠤᠯ ᠤᠨ ᠥᠨᠥᠳᠦᠷ ᠤᠨ ᠬᠡᠷᠡᠯ ᠰᠠᠴᠤᠷᠠᠩᠭᠤᠶ ᠠᠮᠵᠢᠯᠲᠠ ᠶᠢ ᠪᠣᠯ ᠨᠠᠮ ᠤᠨ ᠤᠳᠤᠷᠢᠳᠤᠯᠭ᠎ᠠ ᠳᠤᠤᠷ᠎ᠠ ᠦᠨᠳᠦᠰᠦᠲᠡᠨ ᠨᠦᠭᠦᠳ ᠤᠨ ᠠᠷᠠᠳ ᠲᠦᠮᠡᠨ ᠬᠠᠮᠲᠤ ᠪᠠᠷ ᠡᠭᠦᠳᠦᠨ ᠪᠦᠲᠦᠭᠡᠭᠰᠡᠨ ᠭᠡᠳᠡᠭ ᠢ ᠭᠦᠨᠵᠡᠭᠡᠶ ᠲᠠᠨᠢᠬᠤ ᠬᠡᠷᠡᠭᠲᠡᠶ ᠬᠡᠪᠡ᠃

      ᠸᠠᠩ ᠯᠢ ᠰᠢᠶᠠ᠂ ᠰᠣᠶᠣᠯ ᠤᠨ ᠤᠬᠠᠮᠰᠠᠷ ᠢᠶᠠᠨ ᠴᠢᠩᠭᠠᠳᠬᠠᠬᠤ ᠳᠤ ᠡᠷᠬᠡᠪᠰᠢ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠤᠯᠤᠰ ᠲᠦᠷᠦ ᠶᠢᠨ ᠤᠤᠷ ᠴᠢᠨᠠᠷ ᠢᠶᠠᠨ ᠢᠮᠠᠭᠲᠠ ᠪᠠᠲᠤᠯᠠᠬᠤ ᠬᠡᠷᠡᠭᠲᠡᠢ᠃ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠥᠷᠭᠡᠨ ᠣᠯᠠᠨ ᠺᠠᠳ᠋ᠷᠴᠤᠳ ᠲᠡᠷᠢᠭᠦᠨ ᠵᠡᠷᠭᠡ ᠶᠢᠨ ᠤᠯᠤᠰ ᠲᠥᠷᠥ ᠶᠢᠨ ᠪᠠᠷᠢᠮᠵᠢᠶ᠎ᠠ ᠲᠠᠢ ᠪᠠᠶᠢᠵᠤ᠂ ᠨᠠᠮ ᠳᠠᠭᠠᠨ ᠬᠠᠷᠢᠴᠠᠯᠠᠰᠢ ᠦᠭᠡᠶ ᠦᠨᠡᠨᠴᠢ ᠰᠢᠳᠤᠷᠭᠤ ᠪᠠᠶᠢᠬᠤ ᠲᠠᠯ᠎ᠠ ᠪᠠᠷ ᠡᠮᠦᠨ᠎ᠡ ᠨᠢ ᠬᠤᠰᠢᠭᠤᠷᠠᠵᠥ᠂ ᠦᠯᠢᠭᠡᠷ ᠳᠠᠭᠤᠷᠢᠶᠠᠯ ᠪᠣᠯᠬᠤ ᠬᠡᠷᠡᠭᠲᠡᠶ︔ ᠲᠡᠷᠢᠭᠦᠨ ᠵᠡᠷᠭᠡ ᠶᠢᠨ ᠬᠠᠷᠢᠭᠤᠴᠠᠯᠭ᠎ᠠ ᠡᠭᠦᠷᠭᠡᠯᠡᠯ ᠲᠠᠢ ᠪᠠᠶᠢᠵᠤ᠂ ᠠᠯᠢᠪᠠ ᠶᠢ ᠬᠠᠷᠢᠭᠤᠴᠠᠬᠤ ᠲᠠᠯ᠎ᠠ ᠪᠠᠷ ᠡᠮᠦᠨ᠎ᠡ ᠨᠢ ᠬᠤᠰᠢᠭᠤᠷᠠᠵᠥ᠂ ᠦᠯᠢᠭᠡᠷ ᠳᠠᠭᠤᠷᠢᠶᠠᠯ ᠪᠣᠯᠬᠤ ᠬᠡᠷᠡᠭᠲᠡᠶ︔ ᠬᠠᠮᠤᠭ ᠤᠨ ᠴᠢᠩᠭ᠎ᠠ ᠰᠠᠬᠢᠯᠭ᠎ᠠ ᠪᠠᠲᠤ ᠶᠢ ᠪᠠᠲᠤ ᠰᠠᠬᠢᠵᠤ᠂ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠲᠠᠯ᠎ᠠ ᠪᠠᠷ ᠡᠮᠦᠨ᠎ᠡ ᠨᠢ ᠬᠤᠰᠢᠭᠤᠷᠠᠵᠤ᠂ ᠦᠯᠢᠭᠡᠷ ᠳᠠᠭᠤᠷᠢᠶᠠᠯ ᠪᠤᠯᠵᠤ᠂ ᠰᠠᠶᠢᠨ ᠵᠥᠪᠯᠡᠭᠴᠢ ᠲᠤᠰᠠᠯᠠᠭᠴᠢ᠂ ᠠᠵᠢᠯ ᠤᠨ ᠲᠦᠷᠭᠡᠨ ᠭᠠᠷ᠂ ᠭᠠᠷᠮᠠᠭᠠᠢ ᠳᠦᠯᠦᠪᠵᠢᠬᠦᠯᠦᠭᠴᠢ᠂ ᠤᠷᠠᠨ ᠴᠢᠳᠠᠪᠤᠷᠢᠲᠠᠨ᠂ ᠲᠤᠰᠬᠠᠢ ᠮᠡᠷᠭᠡᠵᠢᠯ ᠤᠨ ᠴᠢᠳᠠᠪᠤᠷᠢᠲᠠᠨ᠂ ᠰᠠᠶᠢᠨ ᠨᠠᠶᠢᠳᠠᠪᠤᠷᠢᠵᠢᠭᠤᠯᠤᠭᠴᠢ᠂ ᠦᠢᠯᠡᠴᠢᠯᠡᠭᠡᠨ ᠤ ᠬᠦᠴᠦᠷᠬᠡᠭ ᠭᠠᠷ ᠪᠤᠯᠵᠤ᠂ ᠥᠪᠥᠷ ᠮᠣᠩᠭᠤᠯ ᠤᠨ ᠠᠮᠢ ᠠᠬᠤᠢ ᠶᠢ ᠤᠷᠢᠳ ᠢᠶᠠᠷ ᠪᠣᠳᠣᠯᠬᠢᠯᠠᠵᠤ ᠪᠣᠬᠢᠷᠲᠤᠯ ᠦᠭᠡᠢ ᠬᠥᠭᠵᠢᠬᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠬᠡᠪᠡ᠃

2-3.jpg


      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠢ ᠡᠷᠭᠢᠯᠡᠪᠡ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ