︽ᠡᠮᠴᠢᠯᠡᠭᠡᠨ ᠤ ᠳᠠᠭᠠᠳᠬᠠᠯ ᠢᠶᠠᠷ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠳᠡᠮᠵᠢᠬᠦ ᠠᠷᠭ᠎ᠠ ᠬᠡᠮᠵᠢᠶ᠎ᠡ ᠨᠦᠭᠦᠳ︾᠎ ᠤᠨ ᠲᠠᠶᠢᠯᠤᠮᠵᠢ
ᠨᠡᠶᠢᠲᠡᠯᠡᠭᠰᠡᠨ ᠴᠠᠭ᠄
2022/6/30


      ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠬᠢᠭᠡᠳ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠮᠲᠤᠷᠠᠨ ︽ᠡᠮᠴᠢᠯᠡᠭᠡᠨ ᠤ ᠳᠠᠭᠠᠳᠬᠠᠯ ᠢᠶᠠᠷ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠳᠡᠮᠵᠢᠬᠦ ᠠᠷᠭ᠎ᠠ ᠬᠡᠮᠵᠢᠶ᠎ᠡ ᠨᠦᠭᠦᠳ︾ ︵ᠳᠣᠷᠣᠭᠰᠢ ︽ᠠᠷᠭ᠎ᠠ ᠬᠡᠮᠵᠢᠶ᠎ᠡ ᠨᠦᠭᠦᠳ︾ ᠭᠡᠵᠦ ᠲᠣᠪᠴᠢᠯᠠᠨ᠎ᠠ︶᠎ ᠢ ᠳᠠᠷᠤᠮᠠᠯᠯᠠᠨ ᠲᠠᠷᠬᠠᠭᠠᠵᠠᠢ᠂ ᠡᠳᠦᠭᠡ ᠬᠤᠯᠪᠣᠭᠳᠠᠯ ᠪᠥᠬᠦᠶ ᠠᠭᠤᠯᠭ᠎ᠠ ᠳᠤ ᠲᠠᠶᠢᠯᠤᠮᠵᠢ ᠬᠢᠶ᠎ᠡ᠃
      ᠨᠢᠭᠡ᠂ ︽ᠠᠷᠭ᠎ᠠ ᠬᠡᠮᠵᠢᠶ᠎ᠡ ᠨᠦᠭᠦᠳ︾᠎ ᠢ ᠨᠡᠶᠢᠲᠡᠯᠡᠭᠰᠡᠨ ᠠᠬᠤᠶ ᠪᠠᠶᠢᠳᠠᠯ
      ᠡᠮᠴᠢᠯᠡᠭᠡᠨ ᠤ ᠪᠠᠲᠤᠯᠠᠭ᠎ᠠ ᠪᠣᠯ ᠤᠯᠠᠨ ᠲᠦᠮᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠬᠥᠩᠭᠡᠷᠡᠭᠦᠯᠬᠦ᠂ ᠠᠷᠠᠳ ᠲᠦᠮᠡᠨ ᠤ ᠵᠣᠯ ᠵᠢᠷᠭᠠᠯ ᠢ ᠨᠡᠮᠡᠭᠳᠡᠭᠦᠯᠬᠦ᠂ ᠨᠡᠶᠢᠭᠡᠮ ᠤᠨ ᠡᠶ᠎ᠡ ᠵᠣᠬᠢᠴᠠᠩᠭᠤᠢ ᠠᠮᠤᠷ ᠲᠣᠭᠲᠠᠭᠤᠨ ᠢ ᠬᠠᠮᠠᠭᠠᠯᠠᠬᠤ ᠴᠢᠬᠤᠯᠠ ᠶᠡᠭᠡ ᠲᠦᠷᠢᠮ ᠤᠨ ᠲᠤᠬᠢᠷᠠᠭᠤᠯᠤᠯᠳᠠ ᠪᠠᠶᠢᠵᠤ᠂ ᠡᠮᠴᠢᠯᠡᠭᠡᠨ ᠤ ᠡᠬᠢ ᠪᠠᠶᠠᠯᠢᠭ ᠤᠨ ᠵᠣᠬᠢᠰᠲᠠᠢ ᠲᠤᠬᠢᠷᠠᠭᠤᠯᠤᠯᠳᠠ ᠶᠢ ᠵᠣᠬᠢᠴᠠᠭᠤᠯᠬᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ  ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠬᠤ ᠵᠡᠷᠭᠡ ᠲᠠᠯ᠎ᠠ ᠪᠠᠷ ᠢᠳᠡᠪᠬᠢᠲᠡᠢ ᠦᠢᠯᠡᠳᠦᠯ ᠦᠵᠡᠭᠦᠯᠳᠡᠭ᠃ ᠡᠮᠴᠢᠯᠡᠭᠡᠨ ᠤ ᠳᠠᠭᠠᠳᠬᠠᠯ ᠤᠨ ᠡᠭᠦᠷᠭᠡ ᠴᠢᠳᠠᠪᠬᠢ ᠪᠠ ᠦᠢᠯᠡᠳᠦᠯ ᠢ ᠭᠦᠢᠴᠡᠳ ᠪᠠᠳᠠᠷᠠᠭᠤᠯᠤᠨ᠂ ᠬᠢᠲᠠᠳ ᠡᠮ ᠡᠮᠨᠡᠯᠭᠡ ᠶᠢᠨ ᠡᠮᠴᠢᠯᠡᠭᠡᠨ ᠤ ᠳᠠᠭᠠᠳᠬᠠᠯ ᠢ ᠳᠡᠮᠵᠢᠬᠦ ᠲᠥᠷᠥ ᠶᠢᠨ ᠪᠣᠳᠣᠯᠭ᠎ᠠ ᠶᠢ ᠤᠯᠠᠮ ᠴᠢᠨᠠᠭᠰᠢᠲᠠ ᠪᠦᠷᠢᠨᠰᠢᠭᠦᠯᠬᠦ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠴᠢᠬᠤᠯᠠ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ ᠮᠥᠨ ᠴᠤ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠡᠮᠴᠢᠯᠡᠭᠡ ᠡᠷᠡᠭᠦᠯ ᠮᠡᠨᠳᠦ ᠶᠢᠨ ᠬᠡᠷᠡᠭᠴᠡᠭᠡ ᠶᠢ ᠬᠠᠩᠭᠠᠬᠤ ᠶᠢᠨ ᠵᠠᠶᠢᠯᠠᠰᠢ ᠥᠬᠡᠶ ᠱᠠᠭᠠᠷᠳᠠᠯᠭ᠎ᠠ ᠶᠤᠮ᠃ ︽ᠡᠮᠴᠢᠯᠡᠭᠡᠨ ᠤ ᠳᠠᠭᠠᠳᠬᠠᠯ ᠢᠶᠠᠷ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠳᠡᠮᠵᠢᠬᠦ ᠲᠤᠬᠠᠶ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠤᠯᠤᠰ ᠤᠨ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠵᠢᠯᠣᠭᠤᠳᠬᠤ ᠰᠠᠨᠠᠯ︾᠎ ᠤᠨ ᠵᠣᠷᠢᠭ ᠰᠠᠨᠠᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠨᠢ ᠮᠠᠨ ᠤ ᠣᠷᠣᠨ ᠤ ᠪᠣᠳᠠᠲᠠᠶ ᠲᠠᠢ ᠤᠶᠠᠯᠳᠤᠭᠤᠯᠤᠨ ︽ᠠᠷᠭ᠎ᠠ ᠬᠡᠮᠵᠢᠶ᠎ᠡ ᠨᠦᠭᠦᠳ︾᠎ ᠢ ᠲᠣᠭᠲᠠᠭᠠᠭᠰᠠᠨ ᠪᠠᠶᠢᠨ᠎ᠠ᠃
      ᠬᠤᠶᠠᠷ᠂ ︽ᠠᠷᠭ᠎ᠠ ᠬᠡᠮᠵᠢᠶ᠎ᠡ ᠨᠦᠭᠦᠳ︾᠎ ᠤᠨ ᠭᠤᠣᠯ ᠠᠭᠤᠯᠭ᠎ᠠ
      ︽ᠠᠷᠭ᠎ᠠ ᠬᠡᠮᠵᠢᠶ᠎ᠡ ᠨᠦᠭᠦᠳ︾᠎ ᠨᠢ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠳᠡᠮᠵᠢᠬᠦ ᠲᠠᠯ᠎ᠠ ᠪᠠᠷ᠂ ᠭᠤᠤᠯᠳᠠᠭᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠳᠡᠮᠵᠢᠬᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠦᠢᠯᠡᠴᠢᠯᠡᠭᠡᠨ ᠤ ᠠᠭᠤᠯᠤᠭᠳᠠᠬᠤᠨ ᠤ ᠬᠥᠭᠵᠢᠯᠲᠡ ᠶᠢ ᠳᠡᠮᠵᠢᠬᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠲᠣᠭᠲᠠᠯᠴᠠᠭ᠎ᠠ ᠶᠢ ᠪᠦᠷᠢᠨᠰᠢᠭᠦᠯᠬᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠣᠨᠴᠠᠯᠢᠭ ᠲᠤ ᠳᠣᠭᠢᠷᠠᠭᠰᠠᠨ ᠲᠣᠭᠠᠴᠠᠭ᠎ᠠ ᠬᠢᠬᠦ ᠲᠥᠷᠥ ᠶᠢᠨ ᠪᠣᠳᠣᠯᠭ᠎ᠠ ᠶᠢ ᠪᠦᠷᠢᠨᠰᠢᠭᠦᠯᠬᠦ ᠵᠡᠷᠭᠡ ᠶᠢ ᠳᠤᠷᠠᠳᠪᠠ᠃ ᠡᠭᠦᠨ ᠤ ᠬᠠᠮᠲᠤ᠂ ᠰᠠᠭᠤᠷᠢ ᠮᠥᠩᠭᠦᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠵᠢᠴᠢ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠬᠦ ᠪᠣᠳᠠᠲᠠᠶ ᠱᠠᠭᠠᠷᠳᠠᠯᠭ᠎ᠠ ᠳᠤᠷᠠᠳᠴᠠᠢ᠃
      ᠭᠤᠷᠪᠠ᠂ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠳᠡᠮᠵᠢᠬᠦ ᠲᠠᠯ᠎ᠠ ᠪᠠᠷ
      ᠨᠢᠭᠡ᠂ ᠨᠥᠬᠦᠴᠡᠯ ᠳᠤ ᠨᠡᠶᠢᠴᠡᠬᠦ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠡᠮᠴᠢᠯᠡᠭᠡᠨ ᠤ ᠪᠠᠶᠢᠭᠤᠯᠤᠮᠵᠢ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠵᠡᠷᠭᠡ ᠶᠢ ᠴᠠᠭ ᠲᠤᠬᠠᠶ ᠳᠤ ᠨᠢ ᠡᠮᠴᠢᠯᠡᠭᠡᠨ ᠤ ᠳᠠᠭᠠᠳᠬᠠᠯ ᠤᠨ ᠴᠡᠭ ᠲᠣᠭᠲᠠᠭᠠᠭᠰᠠᠨ ᠵᠥᠪᠳᠡᠯᠴᠡᠬᠡᠷ ᠤᠨ ᠬᠠᠮᠢᠶᠠᠷᠤᠯᠲᠠ ᠳᠤ ᠣᠷᠣᠭᠤᠯᠤᠨ᠎ᠠ︔ ᠬᠤᠶᠠᠷ᠂ ᠨᠥᠬᠦᠴᠡᠯ ᠳᠤ ᠨᠡᠶᠢᠴᠡᠬᠦ ᠴᠡᠭ  ᠲᠣᠭᠲᠠᠭᠠᠭᠰᠠᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠡᠮᠴᠢᠯᠡᠭᠡᠨ ᠤ ᠪᠠᠶᠢᠭᠤᠯᠤᠮᠵᠢ ᠨᠤᠭᠤᠳ ᠢ ᠣᠨᠳᠣᠤ ᠭᠠᠵᠠᠷ ᠲᠤ ᠡᠮᠴᠢᠯᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠴᠡᠭ ᠲᠣᠭᠲᠠᠭᠠᠭᠰᠠᠨ ᠬᠡᠪᠴᠢᠶᠡᠨ ᠳᠤ ᠴᠠᠭ ᠲᠤᠬᠠᠶ ᠳᠤ ᠨᠢ ᠣᠷᠣᠭᠤᠯᠤᠨ᠎ᠠ︔ ᠭᠤᠷᠪᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠵᠥᠪᠰᠢᠶᠡᠷᠡᠯ ᠢᠶᠠᠷ ᠢᠨᠲ᠋ᠧᠷ ᠰᠦᠯᠵᠢᠶᠡᠨ ᠳᠡᠭᠡᠷ᠎ᠡ ᠣᠨᠣᠰᠢᠯᠠᠨ ᠡᠮᠨᠡᠬᠦ ᠦᠢᠯᠡᠴᠢᠯᠡᠭᠡ ᠥᠷᠨᠢᠭᠦᠯᠦᠭᠰᠡᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠡᠮᠴᠢᠯᠡᠭᠡᠨ ᠤ ᠪᠠᠶᠢᠭᠤᠯᠤᠮᠵᠢ ᠨᠤᠭᠤᠳ ᠢ ᠴᠠᠭ ᠲᠤᠬᠠᠶ ᠳᠤ ᠨᠢ ︽ᠢᠨᠲ᠋ᠧᠷ ᠰᠦᠯᠵᠢᠶ᠎ᠡ +︾ ᠡᠮᠴᠢᠯᠡᠭᠡᠨ ᠤ ᠦᠢᠯᠡᠴᠢᠯᠡᠭᠡ ᠶᠢᠨ ᠴᠡᠭ ᠲᠣᠭᠲᠠᠭᠠᠭᠰᠠᠨ ᠬᠡᠪᠴᠢᠶᠡᠨ ᠳᠤ ᠣᠷᠣᠭᠤᠯᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠭᠤᠷ ᠡᠷᠬᠡ ᠲᠡᠭᠰᠢ ᠪᠠᠷ ᠲᠣᠭᠠᠴᠠᠭ᠎ᠠ ᠬᠢᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃
      ᠳᠥᠷᠪᠡ᠂ ᠦᠢᠯᠡᠴᠢᠯᠡᠭᠡᠨ ᠤ ᠠᠭᠤᠯᠤᠭᠳᠠᠬᠤᠨ ᠤ ᠬᠥᠭᠵᠢᠯᠲᠡ ᠶᠢ ᠳᠡᠮᠵᠢᠬᠦ ᠲᠠᠯ᠎ᠠ ᠪᠠᠷ
      ᠨᠢᠭᠡ᠂ ᠤᠯᠤᠰ ᠠᠴᠠ ᠲᠣᠭᠲᠠᠭᠠᠭᠰᠠᠨ ᠳᠣᠭᠢᠷᠠᠭᠤᠯᠬᠤ ᠡᠷᠬᠡ ᠶᠢᠨ ᠬᠢᠵᠠᠭᠠᠷ ᠪᠠ ᠲᠠᠰ ᠳᠠᠷᠠᠭᠠᠯᠠᠯ ᠤᠨ ᠶᠣᠰᠣᠭᠠᠷ᠂ ᠨᠥᠬᠦᠴᠡᠯ ᠳᠤ ᠨᠡᠶᠢᠴᠡᠬᠦ ᠮᠣᠩᠭᠤᠯ ᠪᠡᠯᠡᠨ ᠡᠮ᠂ ᠡᠮᠴᠢᠯᠡᠭᠡᠨ ᠤ ᠪᠠᠶᠢᠭᠤᠯᠤᠮᠵᠢ ᠶᠢᠨ ᠨᠠᠶᠢᠷᠠᠯᠭ᠎ᠠ ᠡᠮ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠴᠢᠨᠠᠬᠤ ᠡᠮ ᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠤᠨ᠎ᠠ᠃ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠡᠮᠴᠢᠯᠡᠭᠡᠨ ᠤ ᠪᠠᠶᠢᠭᠤᠯᠤᠮᠵᠢ ᠨᠤᠭᠤᠳ ᠤᠨ ᠬᠤᠭᠤᠷᠣᠨᠳᠣ ᠳᠣᠭᠢᠷᠠᠭᠤᠯᠤᠨ ᠬᠡᠷᠡᠭᠯᠡᠬᠦ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠡᠮᠨᠡᠯᠭᠡ ᠶᠢᠨ ᠬᠤᠷᠢᠶᠠᠨ ᠤ ᠨᠠᠶᠢᠷᠠᠯᠭ᠎ᠠ ᠶᠢ ᠰᠢᠶᠠᠨ ᠤ ᠬᠡᠪᠴᠢᠶᠡᠨ ᠤ ᠨᠢᠭᠲᠠ ᠬᠠᠷᠢᠴᠠᠭᠠᠨ ᠤ ᠬᠡᠯᠪᠡᠷᠢ ᠪᠦᠬᠦᠢ ᠡᠮᠴᠢᠯᠡᠭᠡᠨ ᠤ ᠬᠤᠯᠪᠤᠭᠠᠲᠤ ᠴᠣᠭᠴᠠ ᠶᠢᠨ ᠳᠣᠲᠤᠭᠠᠳᠤ ᠳᠠᠬᠢ ᠪᠠᠶᠢᠭᠤᠯᠤᠮᠵᠢ ᠨᠤᠭᠤᠳ ᠤᠨ ᠬᠤᠭᠤᠷᠣᠨᠳᠣ ᠳᠣᠭᠢᠷᠠᠭᠤᠯᠤᠨ ᠬᠡᠷᠡᠭᠯᠡᠵᠦ ᠪᠣᠯᠬᠤ ᠪᠥᠭᠡᠳ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠤᠨ᠎ᠠ᠃ ᠬᠤᠶᠠᠷ᠂ ᠡᠮᠴᠢᠯᠡᠭᠡᠨ ᠤ ᠦᠷ᠎ᠡ ᠳ᠋ᠦᠩ ᠨᠢ ᠣᠨᠣᠪᠴᠢᠲᠠᠶ ᠪᠥᠭᠡᠳ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠳᠠᠪᠠᠭᠤᠯᠢᠭ ᠣᠨᠴᠠᠯᠢᠭ ᠢ ᠬᠠᠷᠠᠭᠤᠯᠤᠭᠰᠠᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠲᠣᠬᠢᠷᠠᠮᠵᠢᠲᠠᠢ ᠮᠡᠷᠭᠡᠵᠢᠯ ᠢ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠤᠨ᠎ᠠ᠃ ᠭᠤᠷᠪᠠ᠂ ᠬᠦᠨᠳᠦ ᠶᠡᠭᠡ ᠬᠢᠵᠢᠭ ᠢ ᠰᠡᠷᠭᠡᠶᠢᠯᠡᠨ ᠵᠠᠰᠠᠬᠤ ᠦᠶᠡᠰ ᠲᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠢᠳᠡᠪᠬᠢ ᠦᠢᠯᠡᠳᠦᠯ ᠢ ᠴᠢᠬᠤᠯᠠᠴᠢᠯᠠᠨ ᠪᠠᠳᠠᠷᠠᠭᠤᠯᠵᠤ᠂ ᠬᠢᠵᠢᠭ ᠢ ᠣᠨᠣᠰᠢᠯᠠᠨ ᠡᠮᠴᠢᠯᠡᠬᠦ ᠵᠢᠷᠤᠮᠵᠢᠯ ᠳᠤ ᠨᠡᠶᠢᠴᠡᠭᠰᠡᠨ ᠬᠢᠲᠠᠳ ᠡᠮ ᠡᠮᠨᠡᠯᠭᠡ

︵ᠮᠣᠩᠭᠤᠯ ᠡᠮ ᠡᠮᠨᠡᠯᠭᠡ︶᠎ ᠶᠢᠨ ᠵᠠᠷᠤᠳᠠᠯ ᠢ ᠲᠣᠭᠲᠠᠭᠠᠯ ᠶᠣᠰᠣᠭᠠᠷ ᠲᠦᠷ ᠴᠠᠭ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ

ᠣᠷᠣᠭᠤᠯᠤᠨ᠎ᠠ᠃
      ᠲᠠᠪᠤ᠂ ᠦᠢᠯᠡᠴᠢᠯᠡᠭᠡᠨ ᠤ ᠦᠨ᠎ᠡ ᠬᠠᠩᠰᠢ ᠶᠢᠨ ᠲᠣᠭᠲᠠᠯᠴᠠᠭ᠎ᠠ ᠶᠢ ᠪᠦᠷᠢᠨᠰᠢᠭᠦᠯᠬᠦ ᠲᠠᠯ᠎ᠠ ᠪᠠᠷ
      ᠨᠢᠭᠡ᠂ ᠬᠠᠷᠠᠯᠲᠠ ᠪᠠᠷ ᠤᠳᠤᠷᠢᠳᠤᠮᠵᠢ ᠪᠣᠯᠭᠠᠭᠰᠠᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠦᠨ᠎ᠡ ᠬᠠᠩᠰᠢ ᠶᠢᠨ ᠲᠥᠷᠥᠯ ᠵᠦᠢᠯ ᠢ ᠪᠠᠶᠠᠯᠢᠭᠵᠢᠭᠤᠯᠤᠨ᠎ᠠ᠃ ᠡᠷᠲᠡᠨ ᠤ ᠰᠣᠩᠭᠤᠳᠠᠭ ᠪᠦᠲᠦᠭᠡᠯ ᠤᠳ ᠠᠴᠠ ᠢᠷᠡᠯᠲᠡ ᠲᠠᠢ᠂ ᠣᠲᠣ ᠬᠦᠷᠲᠡᠯ᠎ᠡ ᠥᠷᠭᠡᠨ ᠢᠶᠠᠷ ᠬᠡᠷᠡᠭᠯᠡᠭᠰᠡᠭᠡᠷ ᠪᠠᠶᠢᠭ᠎ᠠ᠂ ᠡᠮᠴᠢᠯᠡᠭᠡᠨ ᠤ ᠦᠷ᠎ᠡ ᠳ᠋ᠦᠩ ᠣᠨᠣᠪᠴᠢᠲᠠᠶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠤᠯᠠᠮᠵᠢᠯᠠᠯᠲᠤ ᠮᠡᠷᠭᠡᠵᠢᠯ ᠵᠢᠴᠢ ᠰᠢᠨ᠎ᠡ ᠶᠢ ᠡᠭᠦᠳᠬᠦ ᠴᠢᠨᠠᠷᠲᠠᠶ᠂ ᠠᠵᠤ ᠠᠬᠤᠶ ᠶᠢᠨ ᠴᠢᠨᠠᠷᠲᠠᠶ ᠳᠠᠪᠠᠭᠤᠯᠢᠭ ᠢᠶᠠᠷ ᠲᠣᠪᠤᠶᠢᠮ᠎ᠠ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠰᠢᠨ᠎ᠡ ᠮᠡᠷᠭᠡᠵᠢᠯ ᠳᠤ᠂ ᠰᠢᠨ᠎ᠡ ᠪᠠᠷ ᠨᠡᠮᠡᠭᠳᠡᠭᠰᠡᠨ ᠦᠨ᠎ᠡ ᠬᠠᠩᠰᠢ ᠶᠢᠨ ᠲᠥᠷᠥᠯ ᠵᠦᠢᠯ ᠤᠨ ᠬᠢᠨᠠᠨ ᠬᠠᠷᠭᠤᠭᠤᠯᠬᠤ ᠲᠠᠰ ᠳᠠᠷᠠᠭᠠᠯᠠᠯ ᠢ ᠳᠥᠭᠦᠮᠴᠢᠯᠡᠵᠦ᠂ ᠰᠠᠭᠠᠳ ᠥᠬᠡᠶ ᠨᠡᠪᠲᠡᠷᠡᠬᠦ ᠵᠠᠮ ᠢ ᠨᠡᠭᠡᠭᠡᠵᠦ ᠥᠭᠭᠦᠨ᠎ᠡ᠃ ᠬᠤᠶᠠᠷ᠂ ᠦᠨ᠎ᠡ ᠬᠠᠩᠰᠢ ᠶᠢ ᠬᠥᠳᠡᠯᠦᠩᠭᠦᠶ ᠪᠠᠷ ᠳᠣᠭᠢᠷᠠᠭᠤᠯᠬᠤ ᠬᠤᠷᠴᠠ ᠰᠡᠷᠭᠡᠭ ᠪᠥᠭᠡᠳ ᠪᠠᠷᠢᠮᠵᠢᠶᠠᠲᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢ ᠬᠥᠳᠡᠯᠦᠩᠭᠦᠶ ᠪᠠᠷ ᠳᠣᠭᠢᠷᠠᠭᠤᠯᠬᠤ ᠶᠢᠨ ᠳᠠᠭᠠᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ ᠢ ᠭᠤᠤᠯᠳᠠᠯᠭ᠎ᠠ ᠲᠠᠢ ᠪᠣᠳᠣᠯᠬᠢᠯᠠᠨ᠎ᠠ᠃ ᠭᠤᠷᠪᠠ᠂ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠨᠢ ᠥᠪᠡᠷᠲᠡᠭᠡᠨ ᠵᠠᠰᠠᠬᠤ ᠣᠷᠣᠨ ᠤ ᠡᠮ  ᠬᠤᠳᠠᠯᠳᠤᠨ ᠠᠪᠬᠤ ᠲᠠᠪᠴᠠᠩ ᠠᠴᠠ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠴᠢᠨᠠᠬᠤ ᠡᠮ ᠢ ᠬᠤᠳᠠᠯᠳᠤᠨ ᠠᠪᠤᠭᠰᠠᠨ ᠤ ᠳᠠᠷᠠᠭ᠎ᠠ᠂ ᠣᠷᠤᠭᠤᠯᠤᠭᠰᠠᠨ ᠪᠣᠳᠠᠲᠠᠶ ᠦᠨ᠎ᠡ ᠶᠢ ᠴᠢᠩᠭ᠎ᠠ ᠵᠢᠷᠤᠮᠯᠠᠨ 25%᠎ ᠠᠴᠠ ᠬᠡᠲᠦᠷᠡᠭᠦᠯᠬᠦ ᠥᠬᠡᠶ ᠪᠠᠷ ᠦᠨ᠎ᠡ ᠨᠡᠮᠡᠵᠤ ᠪᠣᠷᠣᠯᠠᠭᠤᠯᠤᠨ᠎ᠠ᠃ ᠬᠢᠲᠠᠳ ᠪᠡᠯᠡᠨ ᠡᠮ ︵ᠮᠣᠩᠭᠤᠯ ᠪᠡᠯᠡᠨ ᠡᠮ︶᠎ ᠢ ᠣᠷᠣᠭᠤᠯᠤᠭᠰᠠᠨ ᠪᠣᠳᠠᠲᠠᠶ ᠦᠨ᠎ᠡ ᠶᠢᠨ ︽ᠵᠥᠷᠢᠶ᠎ᠡ ᠥᠬᠡᠶ ᠨᠣᠷᠮ᠎ᠠ︾ ᠶᠣᠰᠣᠭᠠᠷ ᠪᠣᠷᠤᠯᠠᠭᠤᠯᠤᠨ᠎ᠠ᠃ ᠡᠮᠴᠢᠯᠡᠭᠡᠨ ᠤ ᠪᠠᠶᠢᠭᠤᠯᠤᠮᠵᠢ ᠶᠢᠨ ᠨᠣᠮᠣᠬᠠᠳᠬᠠᠨ ᠬᠡᠷᠡᠭᠯᠡᠬᠦ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠤᠨ ᠴᠢᠨᠠᠬᠤ ᠡᠮ ᠪᠠ ᠨᠠᠶᠢᠷᠠᠭᠤᠯᠤᠭᠰᠠᠨ ᠨᠠᠶᠢᠷᠠᠯᠭ᠎ᠠ ᠶᠢᠨ ᠦᠨ᠎ᠡ ᠶᠢ ᠡᠮᠴᠢᠯᠡᠭᠡᠨ ᠤ ᠪᠠᠶᠢᠭᠤᠯᠤᠮᠵᠢ ᠥᠪᠡᠷᠲᠡᠭᠡᠨ ᠲᠣᠭᠲᠠᠭᠠᠨ᠎ᠠ᠃ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠬᠤᠳᠠᠯᠳᠤᠨ ᠠᠪᠬᠤ ᠬᠢᠲᠠᠳ ᠡᠮ ᠤᠨ ᠨᠠᠶᠢᠷᠠᠯᠭ᠎ᠠ ᠶᠢᠨ ᠮᠥᠬᠦᠯᠢᠭ ᠢ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠲᠥᠪᠯᠡᠷᠡᠭᠦᠯᠦᠨ ᠬᠤᠳᠠᠯᠳᠤᠨ ᠠᠪᠬᠤ ᠲᠠᠪᠴᠠᠩ ᠳᠤ ᠣᠷᠣᠭᠤᠯᠤᠨ ᠰᠦᠯᠵᠢᠶᠡᠨ ᠳᠡᠭᠡᠷ᠎ᠡ  ᠬᠤᠳᠠᠯᠳᠤᠵᠤ᠂ ᠠᠷᠠᠯᠵᠢᠶ᠎ᠠ ᠶᠢᠨ ᠢᠯᠡ ᠲᠣᠳᠣ ᠪᠠᠶᠢᠬᠤ ᠶᠢ ᠠᠬᠢᠭᠤᠯᠤᠨ᠎ᠠ᠃
      ᠵᠢᠷᠭᠤᠭ᠎ᠠ᠂ ᠲᠣᠭᠠᠴᠠᠭ᠎ᠠ ᠬᠢᠬᠦ ᠲᠦᠷᠦ ᠶᠢᠨ ᠪᠤᠳᠤᠯᠭ᠎ᠠ ᠶᠢ ᠪᠦᠷᠢᠨᠰᠢᠭᠦᠯᠬᠦ ᠲᠠᠯ᠎ᠠ ᠪᠠᠷ
      ᠨᠢᠭᠡ᠂ ᠡᠮᠴᠢᠯᠡᠭᠡᠨ ᠤ ᠳᠠᠭᠠᠳᠬᠠᠯ ᠤᠨ ᠶᠡᠷᠦᠩᠬᠡᠶ ᠲᠥᠰᠦᠪ ᠤᠨ ᠬᠠᠮᠢᠶᠠᠷᠤᠯᠲᠠ ᠶᠢ ᠴᠢᠩᠭᠠᠳᠬᠠᠵᠤ᠂ ᠶᠡᠷᠦᠩᠬᠡᠶ ᠲᠥᠰᠦᠪ ᠲᠤ ᠬᠢᠲᠠᠳ ᠡᠮ ᠡᠮᠨᠡᠯᠭᠡ

 ︵ᠮᠣᠩᠭᠤᠯ ᠡᠮ ᠡᠮᠨᠡᠯᠭᠡ︶᠎ ᠶᠢᠨ ᠡᠮᠴᠢᠯᠡᠭᠡᠨ ᠤ ᠪᠠᠶᠢᠭᠤᠯᠤᠮᠵᠢ ᠶᠢᠨ ᠲᠣᠯᠤᠭᠠᠶᠢᠯᠠᠨ ᠪᠠᠶᠢᠭᠤᠯᠤᠭᠰᠠᠨ ᠰᠢᠶᠠᠨ ᠤ ᠬᠡᠪᠴᠢᠶᠡᠨ ᠤ ᠨᠢᠭᠲᠠ ᠬᠠᠷᠢᠴᠠᠭᠠᠨ ᠤ ᠬᠡᠯᠪᠡᠷᠢ ᠪᠦᠬᠦᠢ ᠡᠮᠴᠢᠯᠡᠭᠡᠨ ᠤ ᠬᠤᠯᠪᠤᠭᠠᠲᠤ ᠴᠣᠭᠴᠠ ᠶᠢ ᠵᠣᠬᠢᠬᠤ ᠬᠡᠮᠵᠢᠶ᠎ᠡ ᠪᠠᠷ ᠬᠠᠷᠠᠭᠠᠯᠵᠠᠨ᠎ᠠ᠃ ᠬᠤᠶᠠᠷ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠠᠬᠢᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠡᠪᠡᠳᠴᠢᠨ ᠤ ᠲᠥᠷᠥᠯ ᠳᠤ ᠡᠪᠡᠳᠴᠢᠨ ᠤ ᠲᠥᠷᠥᠯ ᠤᠨ ᠨᠣᠭᠳᠠᠬᠤ ᠦᠷᠲᠡᠭ ︵DIP︶ ᠵᠢᠴᠢ ᠡᠪᠡᠳᠴᠢᠨ ᠡᠮᠭᠡᠭ ᠢ ᠣᠨᠣᠰᠢᠯᠠᠭᠰᠠᠨ ᠬᠠᠮᠢᠶ᠎ᠠ ᠪᠥᠬᠦᠶ ᠠᠩᠭᠢᠯᠠᠯ

︵DRG︶᠎ ᠢ ᠨᠢ ᠦᠨᠳᠦᠰᠦᠯᠡᠨ ᠲᠣᠭᠠᠴᠠᠭ᠎ᠠ ᠬᠢᠬᠦ ᠥᠭᠡᠷᠡᠴᠢᠯᠡᠯᠲᠡ ᠶᠢ ᠰᠦᠪᠡᠭᠴᠢᠯᠡᠨ ᠬᠡᠷᠡᠭᠵᠢᠭᠦᠯᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠡᠮᠴᠢᠯᠡᠭᠡᠨ ᠤ ᠪᠠᠶᠢᠭᠤᠯᠤᠮᠵᠢ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠡᠪᠡᠳᠴᠢᠨ ᠤ ᠲᠥᠷᠥᠯ ᠤᠨ ᠢᠯᠡᠳᠬᠡᠮᠵᠢ ᠶᠢ ᠵᠣᠬᠢᠰᠲᠠᠶ ᠳᠡᠭᠡᠭᠰᠢᠯᠡᠭᠦᠯᠦᠨ᠎ᠡ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠡᠮᠴᠢᠯᠡᠬᠦ ᠳᠤ ᠴᠢᠳᠠᠮᠠᠭᠠᠢ ᠡᠪᠡᠳᠴᠢᠨ ᠤ ᠲᠥᠷᠥᠯ ᠢ ᠰᠢᠭᠰᠢᠨ ᠰᠣᠩᠭᠤᠵᠤ᠂ ᠧᠦ᠋ᠷᠣᠫᠠ ᠡᠮᠨᠡᠯᠭᠡ ᠳᠤ ᠣᠨᠣᠰᠢᠯᠠᠨ ᠡᠮᠴᠢᠯᠡᠬᠦ ︽ᠠᠳᠠᠯᠢ ᠲᠥᠷᠦᠯ ᠤᠨ ᠡᠪᠡᠳᠴᠢᠨ ᠢ ᠠᠳᠠᠯᠢ ᠦᠷ᠎ᠡ ᠠᠰᠢᠭ ᠲᠠᠢ᠂ ᠠᠳᠠᠯᠢ ᠦᠨ᠎ᠡ ᠬᠠᠩᠰᠢ ᠪᠠᠷ ᠡᠮᠴᠢᠯᠡᠬᠦ︾᠎ ᠶᠢ ᠬᠡᠷᠡᠭᠵᠢᠭᠦᠯᠦᠨ᠎ᠡ᠃ ᠭᠤᠷᠪᠠ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠪᠠ ᠬᠡᠷ ᠪᠦᠯᠢ ᠶᠢᠨ ᠡᠮᠴᠢ ᠶᠢᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠦᠢᠯᠡᠴᠢᠯᠡᠭᠡ ᠬᠠᠩᠭᠠᠬᠤ ᠶᠢ ᠳᠡᠮᠵᠢᠨ ᠵᠣᠷᠢᠭᠵᠢᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠡᠮᠴᠢ ᠪᠠ ᠨᠥᠬᠦᠴᠡᠯ ᠲᠠᠢ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠡᠮᠴᠢᠯᠡᠭᠡᠨ ᠤ ᠭᠠᠵᠠᠷ ᠠᠴᠠ ᠪᠦᠯᠬᠦᠮ ᠵᠣᠬᠢᠶᠠᠨ ᠪᠠᠶᠢᠭᠤᠯᠵᠤ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡ ᠥᠷᠨᠢᠭᠦᠯᠬᠦ ᠶᠢ ᠵᠣᠷᠢᠭᠵᠢᠭᠤᠯᠤᠨ᠎ᠠ᠃ ᠳᠥᠷᠪᠡ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠡᠮᠴᠢᠯᠡᠭᠡᠨ ᠤ ᠪᠠᠶᠢᠭᠤᠯᠤᠮᠵᠢ ᠲᠣᠯᠤᠭᠠᠶᠢᠯᠠᠨ ᠪᠠᠶᠢᠵᠤ ᠨᠢᠭᠲᠠ ᠬᠠᠷᠢᠴᠠᠭᠠᠨ ᠤ ᠬᠡᠯᠪᠡᠷᠢ ᠪᠦᠬᠦᠢ ᠡᠮᠴᠢᠯᠡᠭᠡᠨ ᠤ ᠬᠤᠯᠪᠤᠭᠠᠲᠤ ᠴᠣᠭᠴᠠ ᠪᠠᠶᠢᠭᠤᠯᠬᠤ ᠶᠢ ᠳᠡᠮᠵᠢᠨ᠎ᠡ᠃
      ᠳᠣᠯᠤᠭ᠎ᠠ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠲᠠᠯ᠎ᠠ ᠪᠠᠷ
      ᠨᠢᠭᠡ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠬᠢᠨᠠᠯᠲᠠ ᠬᠠᠮᠢᠶᠠᠷᠤᠯᠲᠠ ᠶᠢᠨ ᠬᠡᠪᠰᠢᠭᠰᠡᠨ ᠲᠣᠭᠲᠠᠴᠠ ᠶᠢ ᠲᠡᠭᠦᠯᠳᠡᠷᠵᠢᠭᠦᠯᠵᠤ᠂ ᠴᠡᠭ ᠲᠣᠭᠲᠠᠭᠠᠭᠰᠠᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠡᠮᠴᠢᠯᠡᠭᠡᠨ ᠤ ᠪᠠᠶᠢᠭᠤᠯᠤᠮᠵᠢ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠮ ᠡᠮᠨᠡᠯᠭᠡ ᠶᠢᠨ ᠪᠠᠶᠢᠭᠤᠯᠤᠮᠵᠢ ᠶᠢᠨ ᠬᠤᠳᠠᠯ ᠬᠠᠭᠤᠷᠮᠠᠭ ᠢᠶᠠᠷ ᠡᠮᠴᠢᠯᠡᠬᠦ᠂ ᠬᠠᠭᠤᠷᠮᠠᠭᠯᠠᠨ ᠡᠮᠨᠡᠯᠭᠡ ᠳᠤ ᠰᠠᠭᠤᠯᠭᠠᠬᠤ᠂ ᠬᠤᠳᠠᠯ ᠢᠶᠠᠷ ᠡᠮ ᠬᠤᠳᠠᠯᠳᠤᠬᠤ᠂ ᠣᠨᠣᠰᠢᠯᠠᠨ ᠡᠮᠨᠡᠬᠦ ᠲᠥᠷᠥᠯ ᠵᠦᠢᠯ ᠢ ᠬᠤᠳᠠᠯ ᠢᠶᠠᠷ ᠡᠷᠬᠢᠯᠡᠬᠦ ᠵᠡᠷᠭᠡ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠮᠡᠬᠡᠯᠡᠨ ᠠᠪᠬᠤ ᠦᠢᠯᠡ ᠠᠵᠢᠯᠯᠠᠭ᠎ᠠ ᠨᠤᠭᠤᠳ ᠢ ᠰᠡᠷᠭᠡᠶᠢᠯᠡᠨ᠎ᠡ᠃ ᠬᠤᠶᠠᠷ᠂ ᠶᠡᠷᠦᠩᠬᠡᠶᠢᠯᠡᠨ ᠬᠢᠨᠠᠨ ᠬᠠᠮᠢᠶᠠᠷᠬᠤ ᠲᠦᠷᠢᠮ ᠢ ᠲᠡᠭᠦᠯᠳᠡᠷᠵᠢᠭᠦᠯᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠣᠨᠴᠠᠯᠢᠭ ᠲᠤ ᠴᠢᠭᠯᠡᠭᠦᠯᠦᠨ᠂ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠬᠢᠭᠡᠳ ᠬᠢᠲᠠᠳ ᠡᠮ ᠡᠮᠨᠡᠯᠭᠡ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠤᠨ ᠬᠠᠷᠢᠯᠴᠠᠨ ᠬᠠᠮᠵᠢᠯᠴᠠᠵᠤ᠂ ᠬᠠᠮᠵᠢᠯᠴᠠᠨ ᠬᠢᠨᠠᠨ ᠬᠠᠮᠢᠶᠠᠷᠬᠤ ᠶᠡᠷᠦᠩᠬᠡᠶᠢᠯᠡᠭᠰᠡᠨ ᠬᠢᠨᠠᠨ ᠬᠠᠮᠢᠶᠠᠷᠬᠤ ᠲᠦᠷᠢᠮ ᠢ ᠪᠠᠶᠢᠭᠤᠯᠬᠤ ᠶᠢᠨ ᠬᠠᠮᠲᠤ ᠲᠡᠭᠦᠯᠳᠡᠷᠵᠢᠭᠦᠯᠦᠨ᠎ᠡ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ