︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠲᠠᠮᠠᠬᠠᠢ ᠬᠡᠢ ᠶᠢᠨ ᠬᠠᠮᠢᠶᠠᠷᠤᠯᠲᠠ ᠶᠢᠨ ᠳᠦᠷᠢᠮ︾ ᠢ 7 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2022/6/30

      ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ 7 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠲᠠᠮᠠᠬᠠᠢ ᠬᠡᠢ ᠶᠢᠨ ᠬᠠᠮᠢᠶᠠᠷᠤᠯᠲᠠ ᠶᠢᠨ ᠳᠦᠷᠢᠮ︾ ︵ᠳᠣᠷᠣᠭᠰᠢ ︽ᠳᠦᠷᠢᠮ︾ ᠭᠡᠵᠦ ᠲᠣᠪᠴᠢᠯᠠᠨ᠎ᠠ︶ ᠳᠤ ᠲᠠᠶᠢᠯᠤᠮᠵᠢ ᠬᠢᠪᠡ᠃ ︽ᠳᠦᠷᠢᠮ︾ ᠢ ᠨᠡᠶᠢᠲᠡᠯᠡᠭᠰᠡᠨ ᠨᠢ ᠥᠪᠡᠷᠲᠡᠭᠡᠨ ᠵᠠᠰᠠᠬᠤ ᠣᠷᠣᠨ ᠤ ᠰᠢᠲᠠᠮᠠᠬᠠᠢ ᠬᠡᠢ ᠶᠢᠨ ᠠᠵᠢᠯ ᠲᠥᠷᠥᠯ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠢᠲᠠᠮᠠᠬᠠᠢ ᠬᠡᠢ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠤᠨ᠂ ᠰᠢᠲᠠᠮᠠᠬᠠᠢ ᠬᠡᠢ ᠶᠢᠨ ᠠᠮᠤᠷ ᠲᠦᠪᠰᠢᠨ ᠤ ᠬᠠᠩᠭᠠᠯᠭ᠎ᠠ ᠶᠢ ᠪᠠᠲᠤᠯᠠᠵᠤ᠂ ᠰᠢᠲᠠᠮᠠᠬᠠᠢ ᠬᠡᠢ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠪᠣᠯᠣᠨ᠎ᠠ᠃
      ᠲᠠᠨᠢᠯᠴᠠᠭᠤᠯᠤᠭᠰᠠᠨ ᠢᠶᠠᠷ᠂ ︽ᠳᠦᠷᠢᠮ︾ ᠳᠤ ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ᠂ ᠰᠢᠲᠠᠮᠠᠬᠠᠢ ᠬᠡᠢ ᠶᠢᠨ ᠡᠵᠡᠩᠨᠡᠭᠴᠢ ᠪᠠ ᠰᠢᠲᠠᠮᠠᠬᠠᠢ ᠬᠡᠢ ᠶᠢᠨ ᠬᠡᠷᠡᠭᠯᠡᠭᠴᠢ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ︽ᠳᠦᠷᠢᠮ︾ ᠳᠤ ᠲᠣᠭᠲᠠᠭᠠᠭᠰᠠᠨ ᠨᠢ᠄ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠰᠢᠲᠠᠮᠠᠬᠠᠢ ᠬᠡᠢ ᠶᠢᠨ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠵᠤ᠂ ᠰᠢᠲᠠᠮᠠᠬᠠᠢ ᠬᠡᠢ ᠡᠵᠡᠩᠨᠡᠭᠴᠢ ᠠᠶᠤᠯ ᠦᠭᠡᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠰᠢᠲᠠᠮᠠᠬᠠᠢ ᠬᠡᠢ ᠬᠡᠷᠡᠭᠯᠡᠭᠴᠢ ᠰᠢᠲᠠᠮᠠᠬᠠᠢ ᠬᠡᠢ ᠶᠢᠨ ᠬᠡᠷᠡᠭᠯᠡᠯᠲᠡ ᠶᠢᠨ ᠠᠮᠤᠷ ᠲᠦᠪᠰᠢᠨ ᠳᠤ ᠬᠠᠷᠢᠭᠤᠴᠠᠵᠤ᠂ ᠰᠠᠭᠤᠭᠠᠯᠢ ᠠᠷᠠᠳ ᠤᠨ ᠪᠤᠰᠤ ᠬᠡᠷᠡᠭᠯᠡᠭᠴᠢ ᠰᠢᠲᠠᠮᠠᠬᠠᠢ ᠬᠡᠢ ᠶᠢᠨ ᠠᠮᠤᠷ ᠲᠦᠪᠰᠢᠨ ᠢ ᠲᠣᠰ ᠨᠢᠭᠡᠴᠢ ᠶᠢᠨ ᠢᠶᠠᠨ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯ ᠳᠤ ᠣᠷᠣᠭᠤᠯᠬᠤ ᠬᠡᠷᠡᠭᠲᠡᠢ᠃
      ᠣᠶᠢᠯᠠᠭᠠᠭᠰᠠᠨ ᠢᠶᠠᠷ᠂ ᠮᠠᠨ ᠤ ᠣᠷᠣᠨ ᠤ ᠯᠣᠩᠬᠤᠨ ᠳᠤ ᠰᠠᠪᠠᠯᠠᠭᠰᠠᠨ ᠰᠢᠩᠭᠡᠨᠵᠢᠮᠡᠯ ᠴᠢᠯᠠᠭᠤᠨ ᠲᠣᠰᠣᠨ ᠤ ᠬᠡᠢ ᠶᠢᠨ ᠬᠡᠷᠡᠭᠯᠡᠭᠴᠢ ᠪᠠᠷᠤᠭ 136 ᠲᠦᠮᠡᠨ ᠡᠷᠦᠬᠡ ᠪᠠᠶᠢᠵᠤ᠂ ᠰᠢᠲᠠᠮᠠᠬᠠᠢ ᠬᠡᠢ ᠶᠢᠨ ᠶᠡᠷᠦᠩᠬᠡᠢ ᠬᠡᠷᠡᠭᠯᠡᠭᠴᠢ ᠶᠢᠨ 27.4% ᠶᠢ ᠡᠵᠡᠯᠡᠵᠦ ᠪᠤᠢ᠃ ᠯᠣᠩᠬᠤᠨ ᠳᠤ ᠰᠠᠪᠠᠯᠠᠭᠰᠠᠨ ᠰᠢᠲᠠᠮᠠᠬᠠᠢ ᠬᠡᠢ ᠶᠢᠨ ᠡᠵᠡᠩᠨᠡᠯᠲᠡ ᠬᠠᠮᠢᠶᠠᠷᠤᠯᠲᠠ ᠶᠢ ᠴᠢᠩᠭᠠᠳᠬᠠᠬᠤ ᠶᠢᠨ ᠲᠤᠰᠠᠳᠠ᠂ ︽ᠳᠦᠷᠢᠮ︾ ᠳᠤ ᠯᠣᠩᠬᠤᠨ ᠳᠤ ᠰᠠᠪᠠᠯᠠᠭᠰᠠᠨ ᠰᠢᠲᠠᠮᠠᠬᠠᠢ ᠬᠡᠢ ᠶᠢ ᠦᠨᠡᠨ ᠨᠡᠷ᠎ᠡ ᠪᠠᠷ ᠬᠤᠳᠠᠯᠳᠤᠨ ᠠᠪᠬᠤ ᠳᠦᠷᠢᠮ ᠢ ᠬᠡᠷᠡᠭᠵᠢᠭᠦᠯᠦᠨ᠎ᠡ ᠭᠡᠵᠦ ᠲᠣᠭᠲᠠᠭᠠᠭᠰᠠᠨ ᠪᠥᠭᠡᠳ ᠯᠣᠩᠬᠤᠨ ᠳᠤ ᠰᠠᠪᠠᠯᠠᠭᠰᠠᠨ ᠰᠢᠲᠠᠮᠠᠬᠠᠢ ᠬᠡᠢ ᠶᠢᠨ ᠡᠵᠡᠩᠨᠡᠭᠴᠢ ᠠᠴᠠ ᠰᠢᠲᠠᠮᠠᠬᠠᠢ ᠬᠡᠢ ᠶᠢᠨ ᠬᠡᠷᠡᠭᠯᠡᠭᠴᠢ ᠳᠤ ᠰᠢᠲᠠᠮᠠᠬᠠᠢ ᠬᠡᠢ ᠶᠢᠨ ᠯᠣᠩᠬᠤ ︵ᠥᠨᠴᠥᠭ ᠤᠨ ᠨᠡᠭᠡᠯᠡᠭᠡᠢ ᠪᠠ ᠳᠠᠷᠤᠯᠲᠠ ᠪᠠᠭᠤᠷᠠᠭᠤᠯᠬᠤ ᠨᠡᠭᠡᠯᠡᠭᠡᠢ ᠪᠠᠭᠲᠠᠨ᠎ᠠ︶ ᠬᠠᠩᠭᠠᠬᠤ᠂ ᠲᠣᠬᠢᠷᠠᠭᠤᠯᠤᠨ ᠬᠦᠷᠭᠡᠬᠦ᠂ ᠤᠭᠰᠠᠷᠠᠬᠤ ᠠᠵᠢᠯ ᠢ ᠬᠠᠷᠢᠭᠤᠴᠠᠬᠤ ᠶᠢᠨ ᠬᠠᠮᠲᠤ ᠬᠠᠮᠠᠭᠠᠯᠠᠬᠤ᠂ ᠰᠢᠨᠡᠳᠬᠡᠬᠦ ᠪᠠ ᠠᠮᠤᠷ ᠲᠦᠪᠰᠢᠨ ᠢᠶᠠᠷ ᠬᠡᠢ ᠬᠡᠷᠡᠭᠯᠡᠬᠦ ᠵᠡᠷᠭᠡ ᠲᠣᠬᠢᠷᠠᠭᠰᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ ᠭᠡᠵᠦ ᠲᠣᠭᠲᠠᠭᠠᠵᠠᠢ᠃ ᠯᠣᠩᠬᠤᠨ ᠳᠤ ᠰᠠᠪᠠᠯᠠᠭᠰᠠᠨ ᠰᠢᠲᠠᠮᠠᠬᠠᠢ ᠬᠡᠢ ᠶᠢᠨ ᠡᠵᠡᠩᠨᠡᠭᠴᠢ ᠪᠠᠰᠠ ᠰᠢᠲᠠᠮᠠᠬᠠᠢ ᠬᠡᠢ ᠶᠢᠨ ᠬᠡᠷᠡᠭᠯᠡᠭᠴᠢ ᠶᠢᠨ ᠰᠢᠲᠠᠮᠠᠬᠠᠢ ᠬᠡᠢ ᠬᠡᠷᠡᠭᠯᠡᠬᠦ ᠲᠠᠯᠠᠪᠤᠷ᠂ ᠰᠢᠲᠠᠮᠠᠬᠠᠢ ᠬᠡᠢ ᠶᠢᠨ ᠲᠥᠬᠦᠭᠡᠷᠦᠮᠵᠢ ᠪᠣᠯᠣᠨ ᠰᠢᠲᠠᠮᠠᠬᠠᠢ ᠬᠡᠢ ᠶᠢᠨ ᠰᠢᠲᠠᠭᠠᠭᠴᠢ ᠪᠠᠭᠠᠵᠢ ᠬᠡᠷᠡᠭᠰᠡᠯ ᠳᠤ ᠠᠶᠤᠯ ᠦᠭᠡᠢ ᠶᠢᠨ ᠪᠠᠶᠢᠴᠠᠭᠠᠯᠲᠠ ᠬᠢᠬᠦ ᠬᠡᠷᠡᠭᠲᠡᠢ᠃ ᠰᠢᠲᠠᠮᠠᠬᠠᠢ ᠬᠡᠢ ᠡᠵᠡᠩᠨᠡᠭᠴᠢ ᠲᠤᠰᠬᠠᠢ ᠲᠡᠭᠡᠭᠡᠪᠦᠷᠢ ᠶᠢᠨ ᠨᠢᠭᠡᠴᠢ ᠳᠤ ᠨᠠᠶᠢᠳᠠᠵᠤ ᠯᠣᠩᠬᠤᠨ ᠳᠤ ᠰᠠᠪᠠᠯᠠᠭᠰᠠᠨ ᠰᠢᠲᠠᠮᠠᠬᠠᠢ ᠬᠡᠢ ᠶᠢ ᠲᠣᠬᠢᠷᠠᠭᠤᠯᠤᠨ ᠬᠦᠷᠭᠡᠭᠦᠯᠬᠦ ᠳᠤ ᠭᠦᠷᠪᠡᠯ᠂ ᠲᠣᠬᠢᠷᠠᠭᠤᠯᠤᠨ ᠬᠦᠷᠭᠡᠬᠦ ᠠᠵᠢᠯᠲᠠᠨ ᠪᠠ ᠲᠡᠷᠭᠡ ᠬᠥᠰᠬᠡ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃
      ︽ᠳᠦᠷᠢᠮ︾ ᠳᠤ ᠪᠠᠰᠠ ᠭᠡᠷ ᠪᠠᠶᠢᠰᠢᠩ ᠲᠦᠷᠢᠶᠡᠰᠦᠯᠡᠭᠦᠯᠦᠭᠴᠢ ᠪᠣᠯᠣᠨ ᠲᠦᠷᠢᠶᠡᠰᠦᠯᠡᠭᠴᠢ ᠶᠢᠨ ᠠᠮᠤᠷ ᠲᠦᠪᠰᠢᠨ ᠢᠶᠠᠷ ᠬᠡᠢ ᠬᠡᠷᠡᠭᠯᠡᠬᠦ ᠬᠠᠷᠢᠭᠤᠴᠠᠯᠭ᠎ᠠ ᠶᠢ ᠲᠣᠳᠣᠷᠬᠠᠢ ᠲᠣᠭᠲᠠᠭᠠᠵᠠᠢ᠃ ᠭᠡᠷ ᠪᠠᠶᠢᠰᠢᠩ ᠲᠦᠷᠢᠶᠡᠰᠦᠯᠡᠭᠦᠯᠦᠭᠴᠢ ᠭᠡᠷ ᠪᠠᠶᠢᠰᠢᠩ ᠢᠶᠠᠨ ᠲᠦᠷᠢᠶᠡᠰᠦᠯᠡᠭᠦᠯᠬᠦ ᠳᠤ ᠪᠠᠨ ᠲᠤᠰᠢᠶᠠᠨ ᠥᠭᠭᠦᠭᠰᠡᠨ ᠭᠡᠷ ᠪᠠᠶᠢᠰᠢᠩ ᠤᠨ

︽ᠳᠦᠷᠢᠮ︾ ᠤᠨ ᠲᠣᠭᠲᠠᠭᠠᠯ ᠳᠤ ᠨᠡᠶᠢᠴᠡᠬᠦ ᠶᠢ ᠪᠠᠲᠤᠯᠠᠬᠤ ᠶᠢᠨ ᠬᠠᠮᠲᠤ ᠰᠢᠲᠠᠮᠠᠬᠠᠢ ᠬᠡᠢ ᠶᠢᠨ ᠪᠡᠯᠡᠳᠬᠡᠮᠵᠢ ᠪᠣᠯᠣᠨ ᠰᠢᠲᠠᠮᠠᠬᠠᠢ ᠬᠡᠢ ᠶᠢᠨ ᠰᠢᠲᠠᠭᠠᠭᠴᠢ ᠪᠠᠭᠠᠵᠢ ᠬᠡᠷᠡᠭᠰᠡᠯ ᠢ ᠬᠠᠮᠠᠭᠠᠯᠠᠬᠤ᠂ ᠰᠡᠯᠪᠢᠨ ᠵᠠᠰᠠᠬᠤ ᠪᠠ ᠰᠢᠨᠡᠳᠬᠡᠨ ᠥᠭᠡᠷᠡᠴᠢᠯᠡᠬᠦ ᠬᠠᠷᠢᠭᠤᠴᠠᠯᠭ᠎ᠠ ᠶᠢ ᠡᠭᠦᠷᠭᠡᠯᠡᠬᠦ ᠮᠥᠷᠲᠡᠭᠡᠨ ᠲᠦᠷᠢᠶᠡᠰᠦᠯᠡᠭᠴᠢ ᠡᠳᠦᠷ ᠲᠤᠲᠤᠮ ᠤᠨ ᠰᠢᠲᠠᠮᠠᠬᠠᠢ ᠬᠡᠢ ᠶᠢᠨ ᠬᠡᠷᠡᠭᠯᠡᠯᠲᠡ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ