ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ  ᠸᠠᠩ ᠯᠢ ᠰᠢᠶᠠ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2022/6/30
      ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠠᠴᠠ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠸᠠᠩ ᠯᠢ ᠰᠢᠶᠠ᠂ ᠰᠢᠨ᠎ᠡ ᠨᠢᠭᠡ ᠡᠭᠡᠯᠵᠢ ᠶᠢᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠥᠭᠡᠷᠡᠴᠢᠯᠡᠯᠲᠡ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ︽ᠬᠤᠣᠰ ᠵᠠᠭᠤᠨ ᠵᠢᠯ︾ ᠶᠢᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠰᠤᠷᠭᠠᠨ ᠬᠥᠮᠥᠵᠢᠯ ᠤᠨ ᠬᠦᠴᠦᠷᠬᠡᠭ ᠤᠯᠤᠰ᠂ ᠴᠢᠳᠠᠪᠤᠷᠢᠲᠠᠨ ᠤ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠶᠢᠨ ᠲᠥᠯᠥᠭᠡ ᠭᠠᠷᠭᠠᠭᠰᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠮᠥᠨ᠂ ᠡᠯ᠎ᠡ ᠱᠠᠲᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠦᠨ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠤᠯᠤᠰ ᠲᠥᠷᠥ ᠶᠢᠨ ᠲᠠᠯ᠎ᠠ ᠠᠴᠠ ᠦᠵᠡᠬᠦ᠂ ᠤᠯᠤᠰ ᠲᠥᠷᠥ ᠶᠢᠨ ᠲᠠᠯ᠎ᠠ ᠠᠴᠠ ᠬᠢᠬᠦ ᠶᠢ ᠪᠠᠷᠢᠮᠲᠠᠯᠠᠨ᠂ ᠯᠠᠪᠳᠠᠭᠤᠨ ᠪᠠᠲᠤᠲᠠᠢ ᠪᠠᠷ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠵᠤ᠂ ᠲᠤᠭᠤᠰᠢᠲᠠᠢ ᠠᠳᠬᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠸᠠᠩ ᠯᠢ ᠰᠢᠶᠠ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠢ ᠰᠠᠶᠢᠲᠤᠷ ᠬᠢᠬᠦ ᠳᠤ ᠠᠬᠢᠴᠠ ᠶᠢ ᠴᠢᠩᠭ᠎ᠠ ᠠᠩᠬᠠᠷᠴᠤ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠵᠤ᠂ ᠠᠵᠢᠯᠲᠠᠨ ᠤ ᠪᠣᠯᠪᠠᠰᠤᠷᠠᠭᠤᠯᠤᠯ ᠢ ᠴᠢᠩᠭᠠᠳᠬᠠᠬᠤ ᠪᠠ ᠪᠠᠭᠰᠢ ᠶᠢᠨ ᠡᠩᠨᠡᠭᠡ ᠶᠢ ᠰᠢᠯᠢᠳᠡᠭᠵᠢᠭᠦᠯᠬᠦ ᠳᠡᠭᠡᠷ᠎ᠡ ᠬᠦᠴᠦ ᠲᠠᠯᠪᠢᠵᠤ᠂ ᠰᠤᠷᠭᠠᠭᠤᠯᠢ ᠡᠷᠬᠢᠯᠡᠬᠦ ᠪᠡᠯᠡ ᠣᠷᠤᠭᠤᠯᠤᠯᠲᠠ ᠶᠢ ᠨᠡᠮᠡᠭᠳᠡᠭᠦᠯᠬᠦ ᠳᠡᠭᠡᠷ᠎ᠡ ᠬᠦᠴᠦ ᠲᠠᠯᠪᠢᠵᠤ᠂ ᠰᠣᠷᠣᠭᠴᠢᠳ ᠤᠨ ᠠᠮᠢᠳᠤᠷᠠᠯ ᠤᠨ ᠲᠥᠯᠥᠪᠵᠢᠭᠦᠯᠭᠡ ᠶᠢ ᠰᠠᠶᠢᠲᠤᠷ ᠬᠢᠬᠦ ᠪᠠ ᠰᠣᠷᠣᠭᠴᠢᠳ ᠤᠨ ᠶᠡᠷᠦᠩᠬᠡᠶᠢᠯᠡᠭᠰᠡᠨ ᠬᠡᠪ ᠴᠢᠨᠠᠷ ᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ ᠰᠢᠯᠭᠠᠯᠲᠠ ᠶᠢᠨ ᠰᠡᠳᠦᠪ ᠭᠠᠷᠭᠠᠬᠤ ᠴᠢᠳᠠᠪᠤᠷᠢ ᠶᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ ᠡᠯ᠎ᠡ ᠵᠦᠢᠯ ᠤᠨ ᠡᠭᠦᠷᠭᠡ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠣᠷᠣᠨ ᠳᠠᠶᠠᠭᠠᠷ ᠢᠶᠠᠨ ᠬᠠᠷᠢᠭᠤᠴᠠᠯᠭ᠎ᠠ ᠪᠠᠨ ᠮᠡᠳᠡᠵᠦ ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠤᠨ ᠤᠳᠤᠷᠢᠳᠬᠤ ᠬᠦᠴᠦᠨ ᠢ ᠤᠯᠠᠮ ᠴᠢᠨᠠᠭᠰᠢᠳᠠ ᠲᠡᠭᠦᠯᠳᠡᠷᠵᠢᠭᠦᠯᠦᠨ ᠴᠢᠩᠭᠠᠳᠬᠠᠵᠤ᠂ ᠡᠯ᠎ᠡ ᠵᠦᠢᠯ ᠤᠨ ᠰᠠᠭᠤᠷᠢ ᠨᠥᠬᠦᠴᠡᠯ ᠢ ᠲᠡᠭᠦᠯᠳᠡᠷᠵᠢᠭᠦᠯᠦᠨ᠂ ᠵᠥᠪ ᠲᠠᠯ᠎ᠠ ᠶᠢᠨ ᠤᠬᠠᠭᠤᠯᠭ᠎ᠠ ᠵᠢᠯᠣᠭᠤᠳᠤᠯᠭ᠎ᠠ ᠶᠢ ᠴᠢᠩᠭᠠᠳᠬᠠᠵᠤ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠧᠩ ᠬᠤᠩ ᠹᠠᠨ ᠬᠤᠷᠠᠯ ᠢ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠣᠣ ᠰᠢᠶᠠᠨ ᠬᠤᠸᠠ ᠬᠤᠷᠠᠯ ᠳᠤ ᠣᠷᠣᠯᠴᠠᠵᠠᠢ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ