|
ᠮᠠᠨ ᠤ ᠣᠷᠣᠨ ᠤ 6 ᠳ᠋ᠤᠭᠠᠷ ᠰᠠᠷ᠎ᠠ ᠶᠢᠨ 5 ᠤ ᠡᠳᠦᠷ ᠤᠨ 24 ᠴᠠᠭ ᠪᠣᠯᠲᠠᠯᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ |
|
|
ᠨᠡᠶᠢᠲᠡᠯᠡᠭᠰᠡᠨ ᠴᠠᠭ᠄
2022/6/6
|
|
6 ᠳ᠋ᠤᠭᠠᠷ ᠰᠠᠷ᠎ᠠ ᠶᠢᠨ 5 ᠤ ᠡᠳᠦᠷ ᠤᠨ 0 ︱ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 16 ︵ᠴᠥᠮ ᠰᠢᠯᠢ ᠶᠢᠨ ᠭᠤᠣᠯ ᠠᠶᠢᠮᠠᠭ ᠲᠤ ᠪᠣᠶ︶ ᠨᠡᠮᠡᠭᠳᠡᠪᠡ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 33 ᠨᠡᠮᠡᠭᠳᠡᠪᠡ᠂ ᠡᠭᠦᠨ ᠳᠤ ᠬᠥᠬᠡᠬᠤᠲᠠ ᠳᠤ 1᠂ ᠰᠢᠯᠢ ᠶᠢᠨ ᠭᠤᠣᠯ ᠠᠶᠢᠮᠠᠭ ᠲᠤ 32 ᠪᠣᠶ᠃ 6 ᠳ᠋ᠤᠭᠠᠷ ᠰᠠᠷ᠎ᠠ ᠶᠢᠨ 5 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠲᠣ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 41 ᠪᠠᠶᠢᠵᠤ᠂ ᠡᠭᠦᠨ ᠳᠤ ᠲᠦᠩᠯᠢᠶᠣᠣ ᠬᠤᠲᠠ ᠳᠤ 1᠂ ᠰᠢᠯᠢ ᠶᠢᠨ ᠭᠤᠣᠯ ᠠᠶᠢᠮᠠᠭ ᠲᠤ 40 ᠪᠣᠶ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 49 ᠪᠣᠶ᠂ ᠡᠭᠦᠨ ᠳᠤ ᠬᠥᠬᠡᠬᠤᠲᠠ ᠳᠤ 3᠂ ᠲᠦᠩᠯᠢᠶᠣᠣ ᠬᠤᠲᠠ ᠳᠤ 2᠂ ᠰᠢᠯᠢ ᠶᠢᠨ ᠭᠤᠣᠯ ᠠᠶᠢᠮᠠᠭ ᠲᠤ 42᠂ ᠤᠯᠠᠭᠠᠨᠴᠠᠪ ᠬᠤᠲᠠ ᠳᠤ 2 ᠪᠣᠶ᠃ ᠴᠥᠮ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠲᠠᠯᠠᠪᠤᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠣᠢ᠃ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|