ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠬᠤᠷᠠᠯ ᠬᠤᠷᠠᠯᠳᠤᠭᠤᠯᠵᠤ ᠠᠵᠤ ᠠᠬᠤᠶ ᠶᠢᠨ ᠶᠡᠭᠡ ᠲᠠᠯ᠎ᠠ ᠶᠢ ᠲᠤᠭᠳᠠᠭᠤᠨ ᠪᠠᠶᠢᠯᠭᠠᠬᠤ ᠠᠵᠢᠯ ᠢ ᠪᠠᠶᠢᠷᠢᠯᠠᠭᠤᠯᠪᠠ    ᠸᠠᠩ ᠯᠢ ᠰᠢᠶᠠ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2022/6/6
      6 ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠦᠬᠦ ᠣᠷᠣᠨ ᠤ ᠠᠵᠤ ᠠᠬᠤᠢ ᠶᠢᠨ ᠶᠡᠭᠡ ᠲᠠᠯ᠎ᠠ ᠶᠢ ᠳᠤᠬᠳᠠᠭᠤᠨ ᠪᠠᠶᠢᠯᠭᠠᠬᠤ ᠲᠧᠯᠸᠢᠰ ᠤᠲᠠᠰᠤ ᠬᠤᠷᠠᠯ ᠬᠤᠷᠠᠯᠳᠤᠭᠤᠯᠵᠤ᠂ ᠪᠦᠬᠦ ᠤᠯᠤᠰ ᠤᠨ ᠠᠵᠤ ᠠᠬᠤᠢ ᠶᠢᠨ ᠶᠡᠭᠡ ᠲᠠᠯ᠎ᠠ ᠶᠢ ᠲᠤᠭᠳᠠᠭᠤᠨ ᠪᠠᠶᠢᠯᠭᠠᠬᠤ ᠲᠧᠯᠸᠢᠰ ᠤᠲᠠᠰᠤ ᠬᠤᠷᠠᠯ ᠤᠨ ᠵᠣᠷᠢᠭ ᠰᠠᠨᠠᠭ᠎ᠠ ᠪᠣᠯᠤᠨ ᠲᠦᠷᠦ ᠶᠢᠨ ᠶᠠᠪᠤᠳᠠᠯ ᠤᠨ ᠬᠤᠷᠢᠶᠠᠨ ᠤ ᠠᠵᠤ ᠠᠬᠤᠢ ᠶᠢ ᠯᠠᠪᠳᠠᠭᠤᠨ ᠪᠠᠳᠤᠳᠠᠢ ᠪᠠᠷ ᠲᠤᠭᠳᠠᠭᠤᠨ ᠪᠠᠶᠢᠯᠭᠠᠬᠤ ᠠᠯᠢ ᠤᠯᠠᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢ ᠲᠤᠭᠳᠠᠭᠤᠨ ᠪᠠᠶᠢᠯᠭᠠᠬᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃       ᠸᠠᠩ ᠯᠢ ᠰᠢᠶᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠲᠠᠢ ᠦᠨᠡᠨ ᠬᠦ ᠨᠢᠭᠡᠳᠭᠡᠵᠦ᠂ ︽ᠴᠠᠭ ᠢᠮᠠᠭᠲᠠ ᠰᠡᠳᠭᠢᠯ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠭᠢᠯᠭᠡ ᠪᠣᠯᠤᠨ ︽ᠶᠠᠪᠤᠳᠠᠯ ᠪᠣᠯᠭᠠᠨ ᠢ ᠭᠠᠷ ᠲᠠᠭᠠᠨ ᠠᠳᠬᠤᠬᠤ︾ ᠭᠦᠢᠴᠡᠳᠭᠡᠬᠦ ᠴᠢᠳᠠᠪᠤᠷᠢ ᠪᠠᠷ ᠪᠦᠬᠦ ᠲᠠᠯ᠎ᠠ ᠪᠠᠷ ᠬᠥᠳᠡᠯᠦᠯᠴᠡᠵᠦ᠂ ᠬᠤᠷᠳᠤᠴᠠ ᠨᠡᠮᠡᠵᠤ᠂ ᠭᠠᠪᠰᠢᠭᠠᠶᠢᠯᠠᠵᠥ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠠᠵᠤ ᠠᠬᠤᠢ ᠶᠢᠨ ᠶᠡᠭᠡ ᠲᠠᠯ᠎ᠠ ᠶᠢ ᠲᠣᠭᠲᠠᠭᠤᠨ ᠪᠠᠶᠢᠯᠭᠠᠵᠥ᠂ ᠴᠢᠩᠭ᠎ᠠ ᠠᠳᠬᠤᠨ ᠳᠦᠷᠬᠡᠨ ᠬᠦᠢᠴᠡᠳᠬᠡᠬᠦ ᠪᠠᠷ ᠳᠠᠮᠵᠢᠭᠤᠯᠤᠨ ︽ᠲᠣᠭᠲᠠᠭᠤᠨ ᠪᠠᠶᠢᠯᠭᠠᠬᠤ︾ ᠰᠠᠭᠤᠷᠢ ᠶᠢ ᠨᠡᠩ ᠪᠠᠲᠤ ᠲᠠᠯᠪᠢᠵᠤ᠂︽ᠤᠷᠤᠭᠰᠢᠯᠠᠬᠤ︾ ᠰᠦᠷ ᠬᠦᠴᠦᠨ ᠢ ᠨᠡᠩ ᠭᠦᠢᠴᠡᠳ ᠬᠠᠳᠠᠭᠠᠯᠠᠬᠤ ᠬᠡᠷᠡᠭᠲᠡᠢ᠃ ᠬᠤᠶᠠᠳᠤᠭᠠᠷ ᠤᠯᠠᠷᠢᠯ ᠳᠤ ᠰᠢᠪᠲᠤᠯᠤᠯᠲᠠ ᠬᠢᠵᠦ᠂ ᠳᠡᠭᠡᠷ᠎ᠡ ᠬᠠᠭᠠᠰ ᠵᠢᠯ ᠳᠤ ᠰᠢᠶᠳᠪᠦᠷᠢᠲᠦ ᠢᠯᠠᠯᠲᠠ ᠶᠢ ᠤᠯᠬᠤ ᠪᠠᠷ ᠴᠢᠷᠮᠠᠶᠢᠵᠥ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠠᠵᠢᠯ ᠣᠯᠭᠤᠯᠲᠠ ᠶᠢ ᠲᠤᠭᠳᠠᠪᠤᠷᠢᠵᠢᠭᠤᠯᠬᠤ᠂ ᠦᠶᠯᠡᠳᠪᠦᠷᠢᠯᠡᠯ ᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ᠂ ᠲᠥᠷᠥᠯ ᠵᠦᠶᠯ ᠤᠨ ᠪᠠᠯᠠ ᠣᠷᠣᠭᠤᠯᠤᠯᠲᠠ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠵᠡᠷᠭᠡ ᠡᠯ᠎ᠡ ᠵᠦᠶᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠴᠠᠭ ᠨᠢ ᠬᠠᠭᠠᠰ ᠦᠩᠭᠡᠷᠡᠬᠦ ᠳᠤ ᠡᠭᠦᠷᠭᠡ ᠪᠠᠨ ᠬᠠᠭᠠᠰ ᠠᠴᠠ ᠲᠡᠭᠡᠭᠰᠢ ᠪᠡᠶᠡᠯᠡᠭᠦᠯᠬᠦ ᠶᠢ ᠡᠷᠡᠰ ᠬᠢᠵᠤ ᠲᠡᠶᠢᠯᠬᠦ ᠬᠡᠷᠡᠭᠲᠡᠶ᠃ ᠡᠷᠴᠢ ᠵᠣᠷᠢᠭ ᠢᠶᠠᠨ ᠭᠦᠶᠴᠡᠳ ᠪᠠᠳᠠᠷᠠᠭᠤᠯᠵᠤ᠂ ᠡᠭᠦᠷᠭᠡᠯᠡᠯ ᠢᠶᠠᠨ ᠴᠢᠩᠭᠠᠳᠬᠠᠨ᠂ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠬᠤᠷᠳᠤᠨ ᠮᠣᠷᠢᠨ ᠳᠤ ᠲᠠᠰᠢᠭᠤᠷ ᠨᠡᠮᠡᠵᠦ᠂ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠵᠦ᠂ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠡᠯ᠎ᠡ ᠵᠦᠶᠯ ᠤᠨ ᠠᠵᠢᠯ ᠢ ᠰᠠᠶᠢᠲᠤᠷ ᠬᠢᠵᠦ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠪᠣᠳᠠᠲᠠᠶ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠬᠡᠷᠡᠭᠲᠡᠶ ᠬᠡᠵᠥ ᠴᠢᠬᠤᠯᠠᠴᠢᠯᠠᠪᠠ᠃       ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠠᠩ ᠱᠤᠤ ᠴᠦᠨ᠂ ᠠᠶ ᠯᠢ ᠬᠤᠸᠠ᠂ ᠯᠢ ᠪᠢᠩ ᠷᠦᠩ᠂ ᠾᠧᠩ ᠰᠢᠶᠤᠤ ᠹᠠᠨ᠂ ᠴᠢ᠊ ᠪᠠᠲᠤ᠂ ᠪᠣᠤ ᠰᠢᠶᠠᠨ ᠬᠤᠸᠠ ᠬᠤᠷᠠᠯ ᠳᠤ ᠣᠷᠣᠯᠴᠠᠵᠠᠶ᠃ 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ