ᠸᠠᠩ ᠯᠢ ᠰᠢᠶᠠ ᠤᠯᠤᠰ ᠤᠨ ᠨᠢᠭᠡᠳᠦᠯᠳᠠᠢ ᠰᠢᠯᠭᠠᠯᠳᠠ ᠶᠢᠨ ᠪᠡᠯᠡᠳᠭᠡᠯ ᠠᠵᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2022/6/7
      6 ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢᠸᠠᠩ ᠯᠢ ᠰᠢᠶᠠ ᠤᠯᠤᠰ ᠤᠨ ᠨᠢᠭᠡᠳᠦᠯᠲᠡᠢ ᠰᠢᠯᠭᠠᠯᠲᠠ ᠶᠢᠨ ᠴᠡᠭ ᠲᠤ ᠬᠦᠷᠴᠦ᠂ ᠤᠯᠤᠰ ᠤᠨ ᠨᠢᠭᠡᠳᠦᠯᠲᠡᠢ ᠰᠢᠯᠭᠠᠯᠲᠠ ᠶᠢᠨ ᠪᠡᠯᠡᠳᠭᠡᠯ ᠠᠵᠢᠯ ᠢ ᠪᠠᠶᠢᠴᠠᠭᠠᠪᠠ᠃
1.png
      ᠸᠠᠩ ᠯᠢ ᠰᠢᠶᠠ ᠤᠷᠢᠳ ᠬᠤᠵᠢᠳ ᠬᠥᠬᠡᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠴᠡᠭ ᠲᠤ ᠬᠦᠷᠴᠦ᠂ ᠰᠢᠯᠭᠠᠯᠲᠠ ᠶᠢᠨ ᠲᠠᠯᠠᠪᠠᠶ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠪᠥᠭᠡᠮ ᠬᠦᠴᠢᠯ ᠤᠨ ᠪᠠᠶᠢᠴᠠᠭᠠᠯᠳᠠ ᠶᠢᠨ ᠲᠣᠭᠤᠷᠢᠭ᠂ ᠰᠢᠯᠭᠠᠭᠤᠯᠤᠭᠴᠢ ᠶᠢᠨ ᠡᠳ᠋ ᠪᠣᠳᠠᠰ ᠢ ᠲᠠᠯᠪᠢᠬᠤ ᠲᠣᠭᠤᠷᠢᠭ᠂ ᠪᠡᠶ᠎ᠡ ᠶᠢᠨ ᠦᠨᠡᠮᠯᠡᠯ ᠤᠨ ᠪᠠᠶᠢᠴᠠᠭᠠᠯᠳᠠ ᠶᠢᠨ ᠲᠣᠭᠤᠷᠢᠭ᠂ ᠸᠢᠳᠢᠣ᠋ ᠬᠢᠨᠠᠨ ᠡᠵᠡᠮᠳᠡᠬᠦ ᠲᠠᠰᠤᠭ ᠵᠡᠷᠭᠡ ᠶᠢ ᠨᠠᠷᠢᠨ ᠬᠢᠨᠠᠮᠠᠭᠠᠶ ᠪᠠᠶᠢᠴᠠᠭᠠᠨ ᠦᠵᠡᠵᠦ᠂ ᠬᠢᠵᠢᠭ ᠢ ᠰᠡᠷᠭᠡᠶᠢᠯᠡᠬᠦ ᠡᠳ᠋ ᠪᠣᠳᠠᠰ ᠤᠨ ᠪᠡᠯᠡᠳᠭᠡᠯ᠂ ᠪᠠᠴᠢᠮ ᠪᠠᠶᠢᠳᠠᠯ ᠢ ᠠᠷᠭᠠᠴᠠᠭᠠᠨ ᠰᠢᠶᠳᠪᠦᠷᠢᠯᠡᠬᠦ᠂ ᠡᠮᠬᠢ ᠳᠢᠭᠯᠢᠮ ᠢ ᠬᠠᠮᠠᠭᠠᠯᠠᠬᠤ ᠵᠡᠷᠭᠡ ᠰᠢᠯᠭᠠᠯᠲᠠ ᠶᠢᠨ ᠶᠠᠪᠤᠳᠠᠯ ᠤᠨ ᠪᠡᠯᠡᠳᠭᠡᠯ ᠠᠵᠢᠯ ᠤᠨ ᠪᠠᠶᠢᠳᠠᠯ ᠢ ᠨᠠᠷᠢᠨ ᠣᠶᠢᠯᠠᠭᠠᠵᠤ᠂ ᠰᠢᠯᠭᠠᠯᠲᠠ ᠶᠢᠨ ᠲᠠᠯᠠᠪᠠᠶ ᠶᠢᠨ ᠣᠷᠴᠢᠨ ᠲᠣᠭᠤᠷᠢᠨ ᠢ ᠨᠠᠷᠢᠨ ᠪᠠᠶᠢᠴᠠᠭᠠᠨ ᠦᠵᠡᠵᠦ᠂ ᠬᠤᠶᠠᠳᠠᠬᠢ ᠤᠳᠠᠭᠠᠨ ᠤ ᠠᠮᠤᠷ ᠲᠦᠪᠰᠢᠨ ᠤ ᠪᠠᠶᠢᠴᠠᠭᠠᠯᠲᠠ ᠶᠢ ᠪᠡᠶᠡᠴᠢᠯᠡᠨ ᠣᠶᠢᠯᠠᠭᠠᠪᠠ᠃ ᠸᠠᠩ ᠯᠢ ᠰᠢᠶᠠ ᠠᠵᠢᠯᠳᠠᠨ ᠳᠤ᠂ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠰᠢᠯᠭᠠᠭᠤᠯᠤᠭᠰᠠᠳ ᠢᠶᠠᠷ ᠦᠨᠳᠦᠰᠦ ᠪᠣᠯᠭᠠᠬᠤ ᠶᠢ ᠢᠮᠠᠭᠲᠠ ᠪᠠᠷᠢᠮᠲᠠᠯᠠᠵᠤ᠂ ᠤᠯᠤᠰ ᠤᠨ ᠨᠢᠭᠡᠳᠦᠯᠲᠡᠢ ᠰᠢᠯᠭᠠᠯᠲᠠ ᠶᠢᠨ ᠡᠯ᠎ᠡ ᠭᠤᠭᠴᠤᠭ᠎ᠠ ᠶᠢᠨ ᠠᠵᠢᠯ ᠢ ᠨᠠᠷᠢᠯᠢᠭ ᠠᠴᠠ ᠨᠠᠷᠢᠯᠢᠭ᠂ ᠪᠣᠯᠭᠤᠮᠵᠢᠲᠠᠢ ᠠᠴᠠ ᠪᠣᠯᠭᠤᠮᠵᠢᠲᠠᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ  ᠪᠡᠯᠡᠳᠭᠡᠯ ᠢ ᠭᠦᠢᠴᠡᠳ ᠰᠠᠶᠢᠲᠤᠷ ᠬᠢᠵᠦ᠂ ᠤᠯᠤᠰ ᠤᠨ ᠨᠢᠭᠡᠳᠦᠯᠲᠡᠢ ᠰᠢᠯᠭᠠᠯᠲᠠ ᠶᠢᠨ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠲᠠᠬᠢᠨ ᠳᠠᠪᠲᠠᠨ ᠵᠠᠬᠢᠪᠠ᠃
2.png
3.png
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶᠠᠨ ᠤ ᠱᠦᠵᠢ ᠪᠣᠤ ᠭᠠᠩ ᠠᠵᠢᠯᠯᠠᠭ᠎ᠠ ᠳᠤ ᠣᠷᠣᠯᠴᠠᠪᠠ᠃
4.png
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ