6 ᠳ᠋ᠤᠭᠠᠷ ᠰᠠᠷ᠎ᠠ ᠶᠢᠨ 6 ᠤ ᠡᠳᠦᠷ ᠤᠨ 0 ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ | ᠲᠣᠳᠣᠯᠠᠭᠰᠠᠨ ᠡᠪᠡᠳᠴᠢᠨ ᠤ ᠵᠢᠱᠢᠶ᠎ᠡ 20 ᠨᠡᠮᠡᠭᠳᠡᠪᠡ᠂ ᠡᠭᠦᠨ ᠳᠤ ᠲᠦᠩᠯᠢᠶᠣᠣ ᠬᠤᠲᠠ ᠳᠤ 1᠂ ᠰᠢᠯᠢ ᠶᠢᠨ ᠭᠤᠣᠯ ᠠᠶᠢᠮᠠᠭ ᠲᠤ 19 ᠪᠣᠢ᠃ ᠲᠤᠬᠠᠢ ᠶᠢᠨ | ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 49 ᠨᠡᠮᠡᠭᠳᠡᠪᠡ᠂ ᠡᠭᠦᠨ ᠳᠤ ᠬᠥᠬᠡᠬᠤᠲᠠ ᠳᠤ 1᠂ ᠰᠢᠯᠢ ᠶᠢᠨ ᠭᠤᠣᠯ ᠠᠶᠢᠮᠠᠭ ᠲᠤ 48 ᠪᠣᠶ᠃ | 6 ᠳ᠋ᠤᠭᠠᠷ ᠰᠠᠷ᠎ᠠ ᠶᠢᠨ 6 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠲᠣ ᠲᠤᠬᠠᠢ ᠶᠢᠨ ᠭᠠᠵᠠᠷ ᠤᠨ | ᠲᠣᠳᠣᠯᠠᠭᠰᠠᠨ ᠡᠪᠡᠳᠴᠢᠨ ᠤ ᠵᠢᠱᠢᠶ᠎ᠡ 61 ᠪᠠᠶᠢᠵᠤ᠂ ᠡᠭᠦᠨ ᠳᠤ ᠲᠦᠩᠯᠢᠶᠣᠣ ᠬᠤᠲᠠ ᠳᠤ 2᠂ ᠰᠢᠯᠢ ᠶᠢᠨ ᠭᠤᠣᠯ ᠠᠶᠢᠮᠠᠭ ᠲᠤ 59 ᠪᠣᠶ᠃ ᠲᠤᠬᠠᠢ ᠶᠢᠨ | ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 98 ᠪᠣᠶ᠂ ᠡᠭᠦᠨ ᠳᠤ ᠬᠥᠬᠡᠬᠤᠲᠠ ᠳᠤ 4᠂ ᠲᠦᠩᠯᠢᠶᠣᠣ ᠬᠤᠲᠠ ᠳᠤ 2᠂ ᠰᠢᠯᠢ ᠶᠢᠨ ᠭᠤᠣᠯ | ᠠᠶᠢᠮᠠᠭ ᠲᠤ 90᠂ ᠤᠯᠠᠭᠠᠨᠴᠠᠪ ᠬᠤᠲᠠ ᠳᠤ 2 ᠪᠣᠶ᠃ ᠴᠥᠮ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ | ᠣᠶᠢᠷᠠᠲᠤᠭᠰᠠᠳ ᠢ ᠨᠢ ᠴᠥᠮ ᠲᠣᠭᠲᠠᠭᠰᠠᠨ ᠲᠠᠯᠠᠪᠤᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ | ᠴᠢᠩᠭ᠎ᠠ ᠰᠡᠷᠭᠡᠶᠢᠯᠡᠵᠦ ᠪᠣᠢ᠃ |