ᠸᠠᠩ ᠯᠢ ᠰᠢᠶᠠ ᠡᠷᠢᠶᠡᠨ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠢ ᠰᠡᠳᠦᠪᠲᠦ ᠲᠤᠬᠢᠷᠠᠭᠤᠯᠤᠯᠳᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/6/7


      6 ᠰᠠᠷ᠎ᠠ ᠶᠢᠨ 2 ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠶᠡᠷᠦᠩᠬᠡᠢ ᠵᠢᠯᠤᠭᠤᠳᠤᠬᠴᠢ ᠸᠠᠩ ᠯᠢ ᠰᠢᠶᠠ ᠡᠷᠢᠶᠡᠨ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠸᠢᠳᠢᠣ᠋ ᠲᠤᠬᠢᠷᠠᠭᠤᠯᠤᠯᠳᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠢᠵᠢᠭ ᠤᠨ ᠪᠠᠶᠢᠳᠠᠯ ᠢ ᠰᠢᠢᠳᠪᠦᠷᠢᠯᠡᠵᠦ ᠠᠷᠭᠠᠴᠠᠭᠠᠵᠤ ᠪᠠᠶᠢᠭ᠎ᠠ ᠪᠠᠶᠢᠳᠠᠯ ᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠰᠡᠷᠭᠡᠶᠢᠯᠡᠨ ᠡᠵᠡᠮᠳᠡᠬᠦ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃
      ᠸᠠᠩ ᠯᠢ ᠰᠢᠶᠠ᠂ ᠴᠤᠮᠬᠠᠳᠬᠠᠨ ᠰᠢᠯᠢᠳᠡᠭᠵᠢᠬᠦᠯᠦᠨ ᠵᠢᠯᠣᠭᠤᠳᠬᠤ ᠬᠠᠮᠢᠶᠠᠷᠤᠯᠲᠠ ᠶᠢᠨ ᠵᠠᠭᠪᠤᠷ ᠢ ᠨᠠᠶᠢᠳᠠᠪᠤᠷᠢᠵᠢᠭᠤᠯᠵᠤ᠂ ᠲᠦᠷᠭᠡᠨ ᠪᠥᠭᠡᠳ ᠥᠨᠳᠥᠷ ᠪᠦᠲᠦᠮᠵᠢᠲᠡᠶ ᠪᠠᠷ ᠪᠥᠭᠡᠮ ᠬᠦᠴᠢᠯ ᠤᠨ ᠪᠠᠶᠢᠴᠠᠭᠠᠯᠲᠠ ᠶᠢ ᠪᠥᠬᠦ ᠲᠠᠯ᠎ᠠ ᠪᠠᠷ ᠥᠷᠨᠢᠭᠦᠯᠵᠦ᠂ ᠪᠠᠶᠢᠴᠠᠭᠠᠪᠡᠯ ᠵᠤᠬᠢᠬᠤ ᠶᠢ ᠨᠢ ᠪᠦᠬᠦᠨ ᠢ ᠪᠠᠶᠢᠴᠠᠭᠠᠬᠤ ᠶᠢ ᠦᠨᠡᠨ ᠬᠦ ᠪᠠᠲᠤᠯᠠᠵᠤ᠂ ᠠᠷᠭ᠎ᠠ ᠴᠢᠨᠠᠷᠳᠠᠢ ᠡᠪᠡᠳᠴᠢᠨ ᠤ ᠵᠢᠱᠢᠶ᠎ᠠ ᠳᠠᠭᠠᠷᠠᠪᠠᠯ ᠡᠷᠬᠡᠪᠰᠢ ᠮᠡᠳᠡᠭᠦᠯᠬᠦ᠂ ᠠᠷᠭ᠎ᠠ ᠴᠢᠨᠠᠷᠳᠠᠢ ᠡᠪᠡᠳᠴᠢᠨ ᠤ ᠵᠢᠱᠢᠶ᠎ᠠ ᠳᠠᠭᠠᠷᠠᠪᠠᠯ ᠳᠠᠷᠤᠶᠢᠬᠠᠨ ᠮᠡᠳᠡᠭᠦᠯᠬᠦ᠂ ᠳᠠᠷᠤᠶᠢᠬᠠᠨ ᠮᠡᠳᠡᠭᠦᠯᠬᠦ ᠳᠠᠷᠤᠶᠢᠬᠠᠨ ᠪᠠᠶᠢᠴᠠᠭᠠᠬᠤ᠂ ᠤᠷᠢᠳ ᠢᠶᠠᠷ ᠬᠠᠮᠢᠶᠠᠷᠴᠤ ᠳᠠᠷᠠᠭ᠎ᠠ ᠨᠢ ᠰᠢᠭᠰᠢᠨ ᠪᠠᠶᠢᠴᠠᠭᠠᠬᠤ ᠶᠢ ᠪᠡᠶᠡᠯᠡᠭᠦᠯᠬᠦ ᠬᠡᠷᠡᠭᠲᠡᠶ᠃

︽ᠠᠷᠭ᠎ᠠ ᠴᠢᠨᠠᠷᠳᠠᠢ ᠡᠪᠡᠳᠴᠢᠨ ᠤ ᠵᠢᠱᠢᠶ᠎ᠠ ᠶᠢ ᠮᠦᠷᠳᠡᠬᠦ︾ ᠲᠤᠰᠬᠠᠶ ᠠᠩᠭᠢ ᠪᠠᠶᠢᠭᠤᠯᠵᠤ᠂ ᠬᠤᠯᠢᠯᠳᠤᠭᠤᠯᠤᠨ ᠦᠯᠢᠭᠡᠷ ᠠᠪᠬᠤ ᠬᠤᠷᠤᠭᠤ ᠰᠢᠯ ᠲᠤᠮᠳᠠᠬᠢ ᠠᠷᠭ᠎ᠠ ᠴᠢᠨᠠᠷᠲᠠᠶ ᠡᠪᠡᠳᠴᠢᠨ ᠤ ᠵᠢᠱᠢᠶ᠎ᠠ ᠶᠢᠨ ᠪᠦᠬᠦ ᠬᠡᠯᠬᠢᠶ᠎ᠡ ᠶᠢ ᠦᠳᠲᠡᠷ ᠲᠦᠷᠭᠡᠨ ᠮᠥᠷᠳᠡᠵᠦ᠂ ᠨᠢᠭᠡ ᠬᠤᠷᠤᠭᠤ ᠰᠢᠯ ᠢ ᠨᠢᠭᠡ ᠲᠤᠰᠬᠠᠶ ᠠᠩᠭᠢ ᠪᠣᠯᠭᠠᠵᠤ᠂ ᠨᠢᠭᠡ ᠬᠤᠷᠤᠭᠤ ᠰᠢᠯ ᠢ ᠨᠢᠭᠡ ᠮᠦᠷᠳᠡᠵᠤ᠂ ᠡᠴᠦᠰ ᠲᠤᠨᠢ ᠲᠤᠯᠲᠠᠯ᠎ᠠ ᠮᠦᠷᠳᠡᠬᠦ ᠶᠢ ᠪᠠᠶᠠᠯᠡᠬᠦᠯᠬᠦ ᠭᠡᠷᠡᠭᠳᠠᠢ᠃ ᠬᠠᠮᠤᠭ ᠤᠨ ᠲᠦᠷᠦᠬᠦᠨ ᠳᠤ ᠲᠠᠬᠤᠯ ᠡᠪᠡᠳᠴᠢᠨ ᠤ ᠪᠠᠶᠢᠴᠠᠭᠠᠯᠲᠠ ᠶᠢᠨ ᠡᠬᠢ ᠰᠤᠷᠪᠤᠯᠵᠢ ᠶᠢ ᠮᠦᠷᠳᠡᠵᠤ᠂ ᠳᠠᠷᠬᠠᠨ ᠲᠠᠯᠭᠡᠷᠡᠬᠦ ᠵᠠᠮ ᠮᠥᠷ ᠢ ᠲᠦᠷᠭᠡᠨ ᠴᠡᠪᠡᠷᠯᠡᠵᠦ᠂ ᠰᠢᠨᠵᠢᠯᠡᠬᠦ ᠤᠬᠠᠭᠠᠨᠴᠢ ᠣᠨᠣᠴᠠᠲᠠᠢ ᠪᠠᠷ ᠨᠢᠭᠲᠠ ᠤᠶᠢᠷᠠᠳᠤᠬᠴᠢ᠂ ᠲᠠᠮ ᠤᠶᠢᠷᠠᠳᠤᠬᠴᠢ ᠶᠢ ᠡᠷᠢᠨ ᠭᠠᠷᠭᠠᠵᠤ᠂ ᠬᠠᠮᠢᠶᠠᠷᠤᠨ ᠡᠵᠡᠮᠳᠡᠵᠦ᠂ ᠲᠤᠰᠠᠭᠠᠷᠯᠠᠬᠤ ᠦᠷᠦᠭᠡ ᠶᠢ ᠭᠦᠢᠴᠡᠳ ᠪᠡᠯᠡᠳᠭᠡᠵᠦ᠂ ᠲᠤᠰᠠᠭᠠᠷᠯᠠᠪᠡᠯ ᠵᠤᠬᠢᠬᠤ ᠶᠢ ᠨᠢ ᠪᠦᠬᠦᠨ ᠢ ᠲᠤᠰᠠᠭᠠᠷᠯᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠨᠡᠶᠢᠭᠡᠮ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠬᠡᠷ ᠠᠴᠠ ᠪᠠᠨ ᠭᠠᠷᠬᠤ ᠥᠬᠡᠶ ᠪᠠᠶᠢᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠯᠳᠠᠪᠤᠷᠢᠯᠠᠬᠤ ᠬᠡᠯᠬᠢᠶ᠎ᠡ ᠶᠢ ᠡᠷᠡᠰ ᠲᠡᠰᠦᠯᠵᠦ᠂ ᠬᠢᠵᠢᠭ ᠤᠨ ᠪᠠᠶᠢᠳᠠᠯ ᠭᠠᠳᠠᠭᠰᠢ ᠳᠡᠯᠭᠡᠷᠡᠬᠦ ᠶᠢ ᠰᠡᠷᠭᠡᠶᠢᠯᠡᠬᠦ ᠬᠡᠷᠡᠭᠲᠡᠶ᠃ ᠲᠤᠰᠠᠭᠠᠷᠯᠠᠬᠤ ᠴᠡᠭ ᠪᠣᠯᠤᠨ ᠠᠪᠤᠷᠠᠨ ᠵᠠᠰᠠᠬᠤ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢ ᠴᠢᠩᠭᠠᠳᠬᠠᠵᠤ᠂ ᠡᠵᠡᠮᠳᠡᠪᠡᠯ ᠵᠤᠬᠢᠬᠤ ᠶᠢ ᠨᠢ ᠪᠦᠬᠦᠨ ᠢ ᠡᠵᠡᠮᠳᠡᠵᠤ᠂ ᠡᠮᠨᠡᠨ ᠵᠠᠰᠠᠪᠡᠯ ᠵᠣᠬᠢᠬᠤ ᠶᠢ ᠨᠢ ᠪᠦᠬᠦᠨ ᠢ ᠡᠮᠨᠡᠨ ᠵᠠᠰᠠᠬᠤ ᠶᠢ ᠦᠨᠡᠨ ᠬᠦ ᠪᠠᠲᠤᠯᠠᠵᠤ᠂ ᠡᠮᠨᠡᠯᠭᠡ ᠶᠢᠨ ᠬᠤᠷᠢᠶᠠᠨ ᠳᠤ ᠬᠠᠯᠳᠠᠪᠤᠷᠢᠯᠠᠬᠤ ᠪᠠ ᠰᠣᠯᠪᠢᠴᠠᠨ ᠬᠠᠯᠳᠠᠪᠤᠷᠢᠯᠠᠬᠤ ᠶᠢ ᠡᠷᠡᠰ ᠰᠡᠷᠭᠡᠶᠢᠯᠡᠬᠦ ᠬᠡᠷᠡᠭᠲᠡᠢ᠃ ᠡᠮ ᠡᠮᠨᠡᠯᠭᠡ ᠪᠠ ᠠᠮᠢᠳᠤᠷᠠᠯ ᠤᠨ ᠡᠳ᠋ ᠪᠣᠳᠠᠰ ᠢ ᠭᠦᠢᠴᠡᠳ ᠪᠡᠯᠡᠳᠭᠡᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠢ ᠪᠠᠳᠠᠷᠠᠭᠤᠯᠤᠨ᠂ ᠤᠯᠠᠨ ᠲᠦᠮᠡᠨ ᠤ ᠠᠮᠢᠳᠤᠷᠠᠯ ᠪᠠ ᠡᠮ ᠡᠮᠨᠡᠯᠭᠡ ᠶᠢᠨ ᠬᠡᠷᠡᠭᠴᠡᠭᠡ ᠶᠢ ᠰᠠᠶᠢᠲᠤᠷ ᠪᠠᠲᠤᠯᠠᠬᠤ ᠬᠡᠷᠡᠭᠲᠡᠢ᠃ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠴᠢᠩᠭ᠎ᠠ ᠰᠠᠶᠢᠲᠤᠷ ᠠᠳᠬᠤᠵᠤ᠂ ᠲᠣᠭᠲᠠᠭᠠᠭᠰᠠᠨ ᠬᠠᠷᠠᠯᠲᠠ ᠡᠭᠦᠷᠭᠡ ᠶᠢ ᠡᠷᠬᠡᠪᠰᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃
      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠣᠤ ᠰᠢᠶᠠᠨ ᠬᠤᠸᠠ ᠬᠤᠷᠠᠯ ᠳᠤ ᠣᠷᠣᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ