ᠸᠠᠩ ᠯᠢ ᠰᠢᠶᠠ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ ᠰᠢᠨ᠎ᠡ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠰᠤᠳᠤᠯᠪᠠ
ᠨᠡᠶᠢᠲᠡᠯᠡᠭᠰᠡᠨ ᠴᠠᠭ᠄
2022/6/7


      6 ᠰᠠᠷ᠎ᠠ ᠶᠢᠨ 2 ᠤᠨ ᠡᠳᠤᠷ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠬᠡᠨ ᠵᠠᠰᠠᠬᠤ ᠤᠷᠤᠨ ᠤ ᠲᠡᠷᠢᠬᠦᠯᠡᠭᠴᠢ ᠸᠠᠩ ᠯᠢ ᠰᠢᠶᠠ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠰᠤᠳᠤᠯᠤᠨ ᠪᠠᠶᠢᠷᠢᠯᠠᠭᠤᠯᠪᠠ᠃
      ᠸᠠᠩ ᠯᠢ ᠰᠢᠶᠠ᠂ ᠰᠢᠨ᠎ᠡ ᠡᠨᠧᠷᠭᠢ ᠶᠢ ᠶᠡᠭᠡ ᠪᠠᠷ ᠬᠥᠭᠵᠢᠭᠦᠯᠬᠦ ᠪᠣᠯ ᠮᠠᠨ ᠤ ᠣᠷᠣᠨ ᠤ ᠠᠵᠤ ᠦᠢᠯᠡᠰ ᠤᠨ ᠳᠡᠭᠡᠳᠦ ᠲᠡᠰᠵᠢᠯᠳᠠ᠂ ᠤᠶᠤᠨᠴᠢᠯᠠᠯᠳᠠ᠂ ᠪᠣᠬᠢᠷᠲᠤᠯ ᠦᠭᠡᠶᠢᠵᠢᠯᠳᠠ ᠶᠢ ᠠᠬᠢᠭᠤᠯᠬᠤ ᠴᠢᠬᠤᠯᠠ ᠠᠷᠭ᠎ᠠ ᠵᠠᠮ ᠮᠥᠨ᠂ ᠵᠠᠬ᠎ᠠ ᠳᠡᠯᠭᠡᠭᠦᠷ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠬᠠᠷᠠᠯᠲᠠ ᠲᠠᠢ ᠪᠠᠷ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ᠂ ᠨᠠᠷᠢᠯᠢᠭ ᠣᠨᠣᠴᠠᠲᠠᠢ ᠪᠠᠷ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠬᠦ ᠶᠢ ᠴᠢᠩᠭᠠᠳᠬᠠᠵᠤ᠂ ᠳᠡᠭᠡᠳᠦ ᠲᠤᠤᠷᠠᠳᠤ ᠤᠷᠤᠰᠬᠠᠯ ᠤᠨ ᠠᠵᠤ ᠠᠬᠤᠶᠢᠯᠠᠯ ᠤᠨ ᠬᠠᠮᠵᠢᠯᠴᠠᠨ ᠬᠠᠮᠲᠤᠷᠠᠯᠴᠠᠬᠤ ᠶᠢ ᠬᠦᠳᠦᠯᠥᠨ ᠳᠠᠭᠠᠭᠤᠯᠵᠤ᠂ ᠢᠵᠢ ᠪᠦᠷᠢᠳᠦᠬᠦᠯᠬᠦ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠦᠢᠯᠡᠰ ᠤᠨ ᠵᠠᠬ᠎ᠠ ᠳᠡᠯᠭᠡᠭᠦᠷ ᠤᠨ ᠦᠷᠢᠰᠦᠯᠳᠦᠬᠦ ᠬᠦᠴᠦᠨ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠣᠷᠣᠨ ᠵᠠᠢ ᠶᠢᠨ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠴᠢᠩᠭᠠᠳᠬᠠᠵᠤ᠂ ᠠᠵᠤ ᠦᠢᠯᠡᠰ ᠤᠨ ᠬᠡᠯᠬᠢᠶ᠎ᠡ ᠶᠢᠨ ᠣᠷᠣᠨ ᠪᠦᠰᠡ ᠠᠯᠤᠰᠯᠠᠨ ᠪᠦᠬᠦ ᠲᠠᠯ᠎ᠠ ᠪᠠᠷ ᠵᠣᠯᠭᠠᠯᠴᠠᠬᠤ᠂ ᠭᠦᠨᠵᠡᠭᠡᠢ ᠠᠭᠤᠰᠤᠯᠴᠠᠬᠤ ᠶᠢ ᠠᠬᠢᠭᠤᠯᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠡᠷᠲᠡᠬᠡᠨ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠬᠡᠵᠤ ᠴᠢᠬᠤᠯᠠᠴᠢᠯᠠᠪᠠ᠃
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠠᠩ ᠱᠤᠤ ᠴᠦᠨ᠂ ᠠᠶ ᠯᠢ ᠬᠤᠸᠠ ᠬᠤᠷᠠᠯ ᠳᠤ ᠣᠷᠣᠯᠴᠠᠵᠠᠶ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ