6 ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ | ᠯᠢ ᠰᠢᠶᠠ ᠡᠷᠢᠶᠡᠨ ᠬᠤᠳᠠ ᠳᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠤᠬᠠᠢ ᠶᠢᠨ ᠲᠠᠯᠠᠪᠠᠢ ᠳᠤ ᠱᠠᠯᠠᠪᠳᠠᠭᠤᠯᠤᠨ ᠵᠢᠯᠣᠭᠤᠳᠪᠠ᠃ | | | | ᠲᠡᠷᠭᠡᠨ ᠠᠴᠠ ᠪᠠᠭᠤᠮᠠᠭᠴᠠ᠂ ᠸᠠᠩ ᠯᠢ ᠰᠢᠶᠠ ᠪᠤᠷᠪᠢ ᠪᠤᠬᠢᠰᠬᠢᠯ ᠦᠭᠡᠢ ᠪᠠᠷ ᠡᠷᠢᠶᠡᠨ ᠬᠤᠳᠠ ᠶᠢᠨ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠳᠤ | ᠬᠦᠷᠴᠦ᠂ ᠸᠢᠳᠢᠣ᠋ ᠬᠢᠨᠠᠨ ᠡᠵᠡᠮᠳᠡᠯᠲᠡ ᠪᠠᠷ ᠰᠤᠷᠤᠭᠴᠢᠳ ᠤᠨ ᠤᠯᠤᠰ ᠤᠨ ᠨᠢᠭᠡᠳᠦᠯᠲᠡᠢ ᠰᠢᠯᠭᠠᠯᠲᠠ ᠶᠢᠨ ᠠᠬᠤᠢ ᠪᠠᠶᠢᠳᠠᠯ ᠢ ᠪᠠᠶᠢᠴᠠᠭᠠᠨ ᠦᠵᠡᠵᠦ᠂ ᠰᠢᠯᠭᠠᠯᠲᠠ ᠶᠢᠨ | ᠴᠡᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠷᠢᠯᠠᠭᠤᠯᠤᠯᠲᠠ ᠶᠢ ᠨᠠᠷᠢᠨ ᠣᠶᠢᠯᠠᠭᠠᠪᠠ᠃ ᠸᠠᠩ ᠯᠢ ᠰᠢᠶᠠ᠂ ᠠᠮᠤᠷ ᠲᠦᠪᠰᠢᠨ ᠢ ᠲᠡᠷᠢᠭᠦᠨ ᠳᠤ | ᠲᠠᠯᠪᠢᠬᠤ ᠶᠢ ᠪᠠᠷᠢᠮᠲᠠᠯᠠᠵᠤ᠂ ᠦᠢᠯᠡᠴᠢᠯᠡᠭᠡ ᠬᠠᠮᠢᠶᠠᠷᠤᠯᠲᠠ ᠶᠢ ᠨᠠᠷᠢᠨ ᠨᠢᠭᠲᠠ ᠰᠠᠶᠢᠲᠤᠷ ᠬᠢᠵᠦ᠂ ᠰᠤᠷᠤᠭᠴᠢᠳ ᠤᠨ ᠬᠦᠰᠡᠯ ᠱᠠᠭᠠᠷᠳᠠᠯᠭ᠎ᠠ ᠳᠤ ᠴᠠᠭ ᠲᠤᠬᠠᠢ ᠳᠤᠨᠢ | ᠬᠠᠷᠢᠭᠤᠯᠲᠠ ᠥᠭᠴᠦ᠂ ᠰᠤᠷᠤᠭᠴᠢᠳ ᠤᠨ ᠰᠡᠳᠭᠢᠴᠡ ᠶᠢᠨ ᠬᠠᠪᠰᠤᠷᠤᠨ ᠵᠢᠯᠤᠭᠤᠳᠤᠯᠭ᠎ᠠ ᠶᠢ ᠪᠦᠬᠦ ᠬᠦᠴᠦ ᠪᠠᠷ ᠢᠶᠠᠨ ᠰᠠᠶᠢᠲᠤᠷ ᠬᠢᠵᠦ᠂ ᠬᠡᠦᠬᠡᠳ ᠤᠳ ᠤᠨ | ᠤᠷᠤᠭᠰᠢᠲᠠᠢ ᠪᠠᠷ ᠤᠯᠤᠰ ᠤᠨ ᠨᠢᠭᠡᠳᠦᠯᠲᠡᠢ ᠰᠢᠯᠭᠠᠯᠲᠠ ᠳᠤ ᠤᠷᠤᠯᠴᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠲᠠᠬᠢᠨ ᠳᠠᠪᠲᠠᠨ ᠵᠠᠬᠢᠪᠠ᠃ | | | | ᠲᠦᠩ ᠠᠨ ᠵᠢᠶᠦ᠋ᠨ ᠲᠠᠢ ᠰᠠᠭᠤᠭᠠᠯᠢ ᠠᠷᠠᠳ ᠤᠨ ᠲᠣᠭᠤᠷᠢᠭ ᠪᠣᠯ ᠪᠢᠲᠡᠭᠦᠮᠵᠢᠯᠡᠨ ᠡᠵᠡᠮᠳᠡᠭᠰᠡᠨ ᠰᠠᠭᠤᠭᠠᠯᠢ ᠠᠷᠠᠳ ᠤᠨ ᠲᠣᠭᠤᠷᠢᠭ ᠪᠣᠯᠤᠨ᠎ᠠ᠂ ᠸᠠᠩ ᠯᠢ | ᠰᠢᠶᠠ ᠰᠠᠭᠤᠭᠠᠯᠢ ᠠᠷᠠᠳ ᠤᠨ ᠲᠣᠭᠤᠷᠢᠭ ᠲᠤ ᠬᠦᠷᠴᠦ ᠠᠵᠢᠯᠲᠠᠨ ᠤ ᠵᠢᠵᠢᠭᠦᠷᠯᠡᠨ ᠠᠵᠢᠯ ᠤᠨ ᠪᠠᠶᠢᠷᠢ ᠪᠠᠨ ᠰᠠᠬᠢᠵᠦ ᠪᠠᠶᠢᠭ᠎ᠠ᠂ ᠪᠢᠲᠡᠭᠦᠮᠵᠢᠯᠡᠨ ᠡᠵᠡᠮᠳᠡᠬᠦ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠪᠠᠶᠢᠴᠠᠭᠠᠵᠤ᠂ ᠰᠠᠭᠤᠭᠠᠯᠢ ᠠᠷᠠᠳ ᠤᠨ ᠲᠣᠭᠤᠷᠢᠭ ᠤᠨ ᠬᠦᠮᠦᠰ ᠤᠨ ᠰᠠᠭᠤᠷᠢ ᠲᠤᠭ᠎ᠠ ᠵᠢᠴᠢ ᠡᠳ᠋ | ᠪᠣᠳᠠᠰ ᠤᠨ ᠪᠠᠲᠤᠯᠠᠭ᠎ᠠ ᠵᠡᠷᠭᠡ ᠠᠰᠠᠭᠤᠳᠠᠯ ᠢ ᠨᠠᠷᠢᠨ ᠣᠶᠢᠯᠠᠭᠠᠵᠤ᠂ ᠡᠷᠬᠡᠪᠰᠢ ᠬᠥᠮᠦᠨ ᠤ ᠲᠤᠭ᠎ᠠ ᠲᠣᠳᠣᠷᠬᠠᠶ᠂ ᠪᠠᠶᠢᠳᠠᠯ ᠲᠣᠳᠣᠷᠬᠠᠶ᠂ ᠣᠷᠣᠨ ᠪᠠᠶᠢᠷᠢ ᠲᠣᠳᠣᠷᠬᠠᠶ᠂ | ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠲᠣᠳᠣᠷᠬᠠᠶ ᠪᠣᠯᠭᠠᠬᠤ ᠶᠢ ᠪᠡᠶᠡᠯᠡᠭᠦᠯᠵᠦ᠂ ᠰᠢᠨᠵᠢᠯᠡᠬᠦ ᠤᠬᠠᠭᠠᠨᠴᠢ ᠪᠠᠷ ᠬᠦᠴᠦᠨ ᠢᠶᠠᠨ ᠨᠡᠶᠢᠳᠭᠡᠵᠦ᠂ ᠠᠶᠤᠯ | ᠲᠦᠭᠰᠢᠭᠦᠷᠢ ᠬᠡᠮ ᠰᠣᠭᠤᠭ ᠢ ᠲᠣᠳᠣᠷᠬᠠᠶ ᠣᠶᠢᠯᠠᠭᠠᠵᠤ᠂ ᠬᠢᠵᠢᠭ ᠥᠬᠡᠶ ᠰᠠᠭᠤᠭᠠᠯᠢ ᠠᠷᠠᠳ ᠤᠨ ᠲᠣᠭᠤᠷᠢᠭ ᠢ ᠪᠠᠶᠢᠭᠤᠯᠬᠤ ᠬᠡᠷᠡᠭᠲᠡᠶ ᠭᠡᠵᠦ ᠱᠠᠭᠠᠷᠳᠠᠪᠠ᠃ | | | | ᠮᠧᠩ ᠺᠧ ᠯᠦᠩ ᠬᠠᠮ ᠳᠡᠯᠭᠡᠭᠦᠷ ᠪᠣᠯ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠪᠥᠬᠦ ᠬᠤᠲᠠ ᠶᠢᠨ 117 ᠪᠠᠲᠤᠯᠠᠨ ᠬᠠᠩᠭᠠᠬᠤ ᠬᠠᠮ ᠳᠡᠯᠭᠡᠭᠦᠷ ᠤᠨ | ᠨᠢᠭᠡ ᠪᠣᠯᠤᠨ᠎ᠠ᠃ ᠸᠠᠩ ᠯᠢ ᠰᠢᠶᠠ ᠬᠠᠮ ᠳᠡᠯᠭᠡᠭᠦᠷ ᠲᠤ ᠣᠷᠣᠵᠤ᠂ ᠲᠠᠸᠠᠷ ᠤᠨ ᠬᠠᠩᠭᠠᠯᠭ᠎ᠠ᠂ ᠡᠳ᠋ ᠪᠣᠳᠠᠰ ᠢ ᠲᠤᠬᠢᠷᠠᠭᠤᠯᠤᠨ ᠬᠦᠷᠭᠡᠬᠦ ᠵᠡᠷᠭᠡ ᠪᠣᠳᠠᠲᠠᠢ ᠪᠠᠶᠢᠳᠠᠯ ᠢ | ᠨᠠᠷᠢᠨ ᠣᠶᠢᠯᠠᠭᠠᠪᠠ᠃ ᠲᠡᠷᠡ᠂ ᠡᠳ᠋ ᠪᠠᠷᠠᠭᠠᠨ ᠤ ᠢᠷᠡᠯᠳᠡ ᠭᠦᠢᠴᠡᠳ ᠪᠠᠶᠢᠬᠤ ᠶᠢ ᠪᠠᠲᠤᠯᠠᠵᠤ᠂ ᠲᠤᠬᠢᠷᠠᠭᠤᠯᠤᠨ ᠬᠦᠷᠭᠡᠬᠦ ᠨᠢᠭᠡᠴᠢ ᠶᠢ ᠪᠠᠭᠠᠰᠬᠠᠵᠤ᠂ ᠨᠡᠶᠢᠭᠡᠮ | ᠲᠣᠭᠤᠷᠢᠭ ᠤᠨ ᠬᠠᠮᠢᠶᠠᠷᠤᠯᠲᠠ ᠶᠢ ᠢᠵᠢ ᠪᠦᠷᠢᠳᠦᠬᠦᠯᠵᠤ᠂ ᠲᠣᠭᠲᠠᠭᠰᠠᠨ ᠴᠡᠭ ᠢᠶᠠᠷ ᠬᠠᠩᠭᠠᠬᠤ ᠲᠣᠭᠲᠠᠴᠠ ᠶᠢ ᠪᠠᠶᠢᠭᠤᠯᠵᠤ᠂ ᠤᠯᠠᠨ ᠲᠦᠮᠡᠨ ᠤ ᠡᠳᠦᠷ | ᠲᠤᠳᠤᠮ ᠤᠨ ᠠᠮᠢᠳᠤᠷᠠᠯ ᠳᠤ ᠪᠦᠬᠦ ᠲᠠᠯ᠎ᠠ ᠪᠠᠷ ᠦᠢᠯᠡᠴᠢᠯᠡᠵᠦ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠬᠡᠯᠡᠪᠡ᠃ | | | | ᠡᠷᠢᠶᠡᠨ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠳᠤ᠂ ᠸᠠᠩ ᠯᠢ ᠰᠢᠶᠠ ᠡᠪᠡᠳᠴᠢᠲᠡᠨ ᠢ ᠠᠪᠤᠷᠠᠨ ᠡᠮᠨᠡᠵᠦ ᠪᠠᠶᠢᠬᠤ ᠪᠠ ᠣᠯᠠᠨ ᠲᠦᠮᠡᠨ ᠤ ᠡᠳᠦᠷ | ᠲᠤᠲᠤᠮ ᠤᠨ ᠡᠮᠴᠢᠯᠡᠭᠡᠨ ᠤ ᠪᠠᠲᠤᠯᠠᠭ᠎ᠠ ᠶᠢᠨ ᠪᠠᠶᠢᠳᠠᠯ ᠢ ᠨᠠᠷᠢᠨ ᠬᠢᠨᠠᠮᠠᠭᠠᠶ ᠣᠶᠢᠯᠠᠭᠠᠪᠠ᠃ ᠲᠡᠷᠡ᠂ ᠡᠮᠨᠡᠯᠭᠡ ᠶᠢᠨ ᠬᠤᠷᠢᠶᠠᠨ ᠳᠤ ᠬᠠᠯᠳᠠᠪᠤᠷᠢᠯᠠᠭᠰᠠᠳ ᠭᠠᠷᠬᠤ ᠦᠭᠡᠢ | ᠪᠠᠶᠢᠬᠤ ᠶᠢ ᠦᠨᠡᠨ ᠬᠦ ᠪᠠᠲᠤᠯᠠᠬᠤ᠂ ᠡᠮᠨᠡᠯᠭᠡ ᠶᠢᠨ ᠬᠤᠷᠢᠶᠠᠨ ᠳᠤ ᠬᠠᠯᠳᠠᠪᠤᠷᠢᠯᠠᠯ ᠡᠭᠦᠰᠭᠦ ᠶᠢ ᠲᠠᠰᠤ ᠬᠤᠷᠢᠭᠯᠠᠬᠤ ᠶᠢ ᠲᠡᠷᠢᠭᠦᠨ ᠴᠢᠬᠤᠯᠠ ᠶᠡᠭᠡ ᠶᠠᠪᠤᠳᠠᠯ ᠪᠣᠯᠭᠠᠵᠤ᠂ | ᠠᠵᠢᠯ ᠢᠶᠠᠨ ᠴᠢᠩᠭ᠎ᠠ ᠪᠣᠳᠠᠲᠠᠢ ᠬᠢᠵᠦ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠡᠮᠨᠡᠯᠭᠡ ᠶᠢᠨ ᠬᠤᠷᠢᠶᠠᠨ ᠤ ᠬᠠᠷᠢᠴᠠᠯᠠᠰᠢᠭᠦᠢ ᠠᠮᠤᠷ ᠲᠦᠪᠰᠢᠨ ᠪᠠᠶᠢᠬᠤ ᠶᠢ | ᠡᠷᠬᠡᠪᠰᠢ ᠪᠠᠲᠤᠯᠠᠬᠤ ᠬᠡᠷᠡᠭᠲᠡᠢ ᠭᠡᠵᠦ ᠲᠠᠬᠢᠨ ᠳᠠᠪᠲᠠᠨ ᠰᠠᠨᠠᠭᠤᠯᠪᠠ᠃ ᠸᠠᠩ ᠯᠢ ᠰᠢᠶᠠ ᠪᠠᠰᠠ ᠪᠦᠳᠦᠬᠡᠨ ᠪᠠᠶᠢᠭᠤᠯᠵᠤ ᠪᠠᠶᠢᠭ᠎ᠠ ᠴᠢᠩᠭᠡᠯᠢᠭ ᠡᠮᠨᠡᠯᠭᠡ ᠶᠢᠨ | ᠬᠤᠷᠢᠶᠠᠨ ᠳᠤ ᠬᠦᠷᠴᠦ᠂ ᠠᠬᠤᠢ ᠲᠠᠯᠠᠪᠠᠢ ᠶᠢ ᠦᠵᠡᠵᠦ᠂ ᠠᠬᠢᠴᠠ ᠶᠢ ᠠᠰᠠᠭᠤᠵᠤ᠂ ᠪᠦᠳᠦᠬᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠭᠡᠵᠦ᠂ ᠪᠦᠳᠦᠬᠡᠨ | ᠪᠠᠶᠢᠭᠤᠯᠤᠯᠲᠠ ᠶᠢᠨ ᠶᠠᠰᠤ ᠴᠢᠨᠠᠷ ᠢ ᠪᠠᠲᠤᠯᠠᠵᠤ᠂ ᠴᠢᠩᠭᠡᠯᠢᠭ ᠡᠮᠨᠡᠯᠭᠡ ᠶᠢᠨ ᠬᠤᠷᠢᠶ᠎ᠠ ᠡᠪᠡᠳᠴᠢᠲᠡᠨ ᠢ ᠲᠣᠭᠲᠠᠭᠰᠠᠨ ᠴᠠᠭ ᠲᠠᠭᠠᠨ ᠬᠦᠯᠢᠶᠡᠨ ᠠᠪᠴᠤ ᠡᠮᠨᠡᠬᠦ ᠶᠢ | ᠦᠨᠡᠨ ᠬᠦ ᠪᠠᠲᠤᠯᠠᠬᠤ ᠬᠡᠷᠡᠭᠲᠡᠢ ᠭᠡᠵᠦ ᠠᠵᠢᠯᠲᠠᠳ ᠲᠤ ᠵᠠᠬᠢᠪᠠ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠣᠣ ᠰᠢᠶᠠᠨ ᠬᠤᠸᠠ ᠠᠵᠢᠯᠯᠠᠭ᠎ᠠ ᠳᠤ ᠣᠷᠣᠯᠴᠠᠵᠠᠢ᠃ |