6 ᠳ᠋ᠤᠭᠠᠷ ᠰᠠᠷ᠎ᠠ ᠶᠢᠨ 7 ᠤ ᠡᠳᠦᠷ ᠤᠨ 0 ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ | ᠲᠣᠳᠣᠯᠠᠭᠰᠠᠨ ᠡᠪᠡᠳᠴᠢᠨ ᠤ ᠵᠢᠱᠢᠶ᠎ᠡ 35 ᠨᠡᠮᠡᠭᠳᠡᠪᠡ᠂ ᠡᠭᠦᠨ ᠳᠤ ᠤᠯᠠᠭᠠᠨᠬᠠᠳᠠ ᠬᠤᠲᠠ ᠳᠤ 6᠂ ᠰᠢᠯᠢ ᠶᠢᠨ ᠭᠤᠣᠯ ᠠᠶᠢᠮᠠᠭ ᠲᠤ 29 ᠪᠣᠢ᠃ ᠲᠤᠬᠠᠢ ᠶᠢᠨ | ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 46 ᠨᠡᠮᠡᠭᠳᠡᠪᠡ ︵ᠴᠥᠮ ᠰᠢᠯᠢ ᠶᠢᠨ ᠭᠤᠣᠯ ᠠᠶᠢᠮᠠᠭ ᠲᠤ ᠪᠣᠢ︶᠃ | 6 ᠳ᠋ᠤᠭᠠᠷ ᠰᠠᠷ᠎ᠠ ᠶᠢᠨ 7 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠲᠣ ᠲᠤᠬᠠᠢ ᠶᠢᠨ ᠭᠠᠵᠠᠷ ᠤᠨ | ᠲᠣᠳᠣᠯᠠᠭᠰᠠᠨ ᠡᠪᠡᠳᠴᠢᠨ ᠤ ᠵᠢᠱᠢᠶ᠎ᠡ 96 ᠪᠠᠶᠢᠵᠤ᠂ ᠡᠭᠦᠨ ᠳᠤ ᠲᠦᠩᠯᠢᠶᠣᠣ ᠬᠤᠲᠠ ᠳᠤ 2᠂ ᠤᠯᠠᠭᠠᠨᠬᠠᠳᠠ ᠬᠤᠲᠠ ᠳᠤ 6᠂ ᠰᠢᠯᠢ ᠶᠢᠨ ᠭᠤᠣᠯ ᠠᠶᠢᠮᠠᠭ ᠲᠤ | 88 ᠪᠣᠶ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 144 ᠪᠣᠶ᠂ ᠡᠭᠦᠨ ᠳᠤ ᠬᠥᠬᠡᠬᠤᠲᠠ ᠳᠤ 4᠂ ᠲᠦᠩᠯᠢᠶᠣᠣ | ᠬᠤᠲᠠ ᠳᠤ 2᠂ ᠰᠢᠯᠢ ᠶᠢᠨ ᠭᠤᠣᠯ ᠠᠶᠢᠮᠠᠭ ᠲᠤ 136᠂ ᠤᠯᠠᠭᠠᠨᠴᠠᠪ ᠬᠤᠲᠠ ᠳᠤ 2 ᠪᠣᠶ᠃ ᠴᠥᠮ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ | ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠲᠠᠯᠠᠪᠤᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ | ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠣᠢ᠃ |