ᠸᠠᠩ ᠯᠢ ᠰᠢᠶᠠ ᠡᠷᠢᠶᠡᠨ ᠬᠤᠳᠠ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠠᠯᠳᠠᠭᠤᠷ ᠪᠠᠶᠢᠴᠠᠭᠠᠪᠠ
ᠨᠡᠶᠢᠲᠡᠯᠡᠭᠰᠡᠨ ᠴᠠᠭ᠄
2022/6/9
      6 ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠡᠷᠢᠶᠡᠨ ᠬᠤᠳᠠ ᠶᠢᠨ ᠪᠥᠭᠡᠮ ᠬᠦᠴᠢᠯ ᠤᠨ ᠦᠯᠢᠭᠡᠷ ᠠᠪᠬᠤ ᠴᠡᠭ᠂ ᠪᠢᠲᠡᠭᠦᠮᠵᠢᠯᠡᠨ ᠡᠵᠡᠮᠳᠡᠭᠰᠡᠨ ᠰᠠᠭᠤᠭᠠᠯᠢ ᠠᠷᠠᠳ ᠤᠨ ᠲᠣᠭᠤᠷᠢᠭ᠂ ᠡᠳ᠋ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ᠂ ᠲᠤᠰᠠᠭᠠᠷᠯᠠᠬᠤ ᠴᠡᠭ ᠵᠡᠷᠭᠡ ᠪᠠᠷ ᠭᠦᠨᠵᠡᠭᠡᠶᠢᠷᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠠᠯᠳᠠᠭᠤᠷ ᠪᠠᠶᠢᠴᠠᠭᠠᠪᠠ᠃
0609王莉霞在二连浩特市暗访检查疫情防控工作.png
      ᠸᠠᠩ ᠯᠢ ᠰᠢᠶᠠ ᠣᠯᠢᠮᠫᠢᠺ ᠤᠨ ᠴᠡᠴᠡᠷᠯᠢᠭ ᠤᠨ ᠡᠮᠦᠨ᠎ᠡ ᠡᠭᠦᠳᠡᠨ ᠤ ᠪᠥᠭᠡᠮ ᠬᠦᠴᠢᠯ ᠤᠨ ᠦᠯᠢᠭᠡᠷ ᠠᠪᠬᠤ ᠴᠡᠭ ᠲᠤ ᠲᠠᠰᠢᠷᠠᠮ ᠢᠶᠠᠷ ᠬᠦᠷᠴᠦ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠠᠵᠢᠯ ᠤᠨ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠯᠠᠪᠯᠠᠨ ᠠᠰᠠᠭᠤᠪᠠ᠃ ᠲᠡᠷᠡ ᠠᠵᠢᠯᠲᠠᠳ ᠢ ᠠᠵᠢᠯ ᠤᠨ ᠡᠷᠴᠢᠮ ᠢᠶᠠᠨ ᠵᠣᠬᠢᠰᠲᠠᠶ ᠲᠣᠬᠢᠷᠠᠭᠤᠯᠵᠤ᠂ ᠴᠠᠭ ᠮᠥᠴᠡ ᠲᠠᠢ ᠤᠷᠤᠯᠳᠤᠨ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ ᠡᠯ᠎ᠡ ᠭᠤᠭᠴᠤᠭ᠎ᠠ ᠶᠢ ᠨᠢᠭᠲᠠ ᠵᠣᠯᠭᠠᠭᠤᠯᠵᠤ᠂ ᠪᠠᠶᠢᠴᠠᠭᠠᠬᠤ ᠶᠣᠰᠣᠲᠠᠶ ᠶᠢ ᠨᠢ ᠪᠦᠬᠦᠨ ᠢ ᠪᠠᠶᠢᠴᠠᠭᠠᠵᠤ᠂ ᠲᠦᠷᠭᠡᠨ ᠦᠯᠢᠭᠡᠷ ᠠᠪᠴᠤ ᠲᠦᠷᠭᠡᠨ ᠪᠠᠶᠢᠴᠠᠭᠠᠨ ᠰᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠵᠠᠬᠢᠪᠠ᠃
0609王莉霞在二连浩特市暗访检查疫情防控工作2.png
0609王莉霞在二连浩特市暗访检查疫情防控工作3.png
      ᠲᠠᠷᠠᠭ᠋᠎ᠠ ᠨᠢ᠂ ᠸᠠᠩ ᠯᠢ ᠰᠢᠶᠠ ᠶᠤᠸᠠᠨ ᠳ᠋ᠢ ᠵᠢᠶᠠ ᠶᠤᠸᠠᠨ ᠰᠠᠭᠤᠭᠠᠯᠢ ᠠᠷᠠᠳ ᠤᠨ ᠲᠣᠭᠤᠷᠢᠭ᠂ ᠵᠦᠩ ᠵᠢᠩ ᠬᠤᠤ ᠲᠢᠩ ᠰᠠᠭᠤᠭᠠᠯᠢ ᠠᠷᠠᠳ ᠤᠨ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠵᠠᠷ ᠪᠣᠯᠤᠨ ᠲᠦᠩ ᠠᠨ ᠵᠢᠶᠦ᠋ᠨ ᠲᠠᠢ ᠰᠠᠭᠤᠭᠠᠯᠢ ᠠᠷᠠᠳ ᠤᠨ ᠲᠣᠭᠤᠷᠢᠭ ᠲᠤ ᠬᠦᠷᠴᠦ᠂ ᠬᠦᠷᠦᠭᠰᠡᠨ ᠭᠠᠵᠠᠷ ᠪᠣᠯᠭᠠᠨ ᠳᠠᠭᠠᠨ ᠰᠠᠭᠤᠷᠢ ᠲᠤᠭ᠎ᠠ᠂ ᠪᠥᠭᠡᠮ ᠬᠦᠴᠢᠯ ᠤᠨ ᠪᠠᠶᠢᠴᠠᠭᠠᠯᠲᠠ᠂ ᠬᠥᠮᠦᠰ ᠤᠨ ᠪᠠᠶᠢᠳᠠᠯ ᠢ ᠨᠠᠷᠢᠨ ᠠᠰᠠᠭᠤᠨ ᠯᠠᠪᠯᠠᠪᠠ᠃ ᠲᠡᠷᠡ᠂ ᠡᠷᠬᠡᠪᠰᠢ ᠬᠥᠮᠦᠨ ᠤ ᠲᠤᠭ᠎ᠠ ᠲᠣᠳᠣᠷᠬᠠᠶ᠂ ᠪᠠᠶᠢᠳᠠᠯ ᠲᠣᠳᠣᠷᠬᠠᠶ᠂ ᠣᠷᠣᠨ ᠪᠠᠶᠢᠷᠢ ᠲᠣᠳᠣᠷᠬᠠᠶ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠳᠤᠳᠤᠷᠬᠠᠢ ᠪᠠᠶᠢᠬᠤ ᠶᠢ ᠪᠡᠶᠡᠯᠡᠭᠦᠯᠵᠦ᠂ ᠲᠤᠰᠠᠭᠠᠠᠷᠯᠠᠬᠤ ᠴᠢᠬᠤᠯᠠᠳᠠᠢ ᠶᠢ ᠨᠢ ᠡᠷᠭᠡᠪᠰᠢ ᠲᠤᠰᠠᠭᠠᠷᠯᠠᠵᠤ᠂ ᠨᠢᠭᠡ ᠬᠥᠮᠦᠨ ᠢ ᠴᠦ ᠣᠷᠬᠢᠭᠳᠠᠭᠤᠯᠵᠤ ᠪᠤᠯᠬᠤ ᠦᠬᠡᠢ ᠬᠡᠵᠤ ᠵᠠᠬᠢᠪᠠ᠃
0609王莉霞在二连浩特市暗访检查疫情防控工作4.png
      ᠮᠧᠶ ᠲᠣᠸᠠᠨ ᠤ ᠡᠵᠡᠩᠨᠡᠯᠲᠡ ᠶᠢᠨ ᠭᠠᠵᠠᠷ ᠲᠤ᠂ ᠸᠠᠩ ᠯᠢ ᠰᠢᠶᠠ ᠬᠢᠵᠢᠭ ᠤᠨ ᠬᠤᠭᠤᠴᠠᠭᠠᠨ ᠳᠤ ᠠᠮᠤᠷ ᠲᠦᠪᠰᠢᠨ ᠢᠶᠠᠷ ᠵᠦᠬᠡᠬᠡᠪᠤᠷᠢᠯᠠᠨ ᠬᠦᠷᠭᠡᠬᠦ ᠠᠷᠭ᠎ᠠ ᠬᠡᠮᠵᠢᠶ᠎ᠡ ᠶᠢ ᠨᠠᠷᠢᠨ ᠣᠶᠢᠯᠠᠭᠠᠵᠤ᠂ ᠲᠦᠷᠭᠡᠨ ᠬᠦᠷᠭᠡᠭᠴᠢ ᠠᠴᠠ ᠪᠥᠭᠡᠮ ᠬᠦᠴᠢᠯ ᠤᠨ ᠪᠠᠶᠢᠴᠠᠭᠠᠯᠲᠠ ᠶᠢᠨ ᠪᠠᠶᠢᠳᠠᠯ ᠢ ᠯᠠᠪᠯᠠᠨ ᠠᠰᠠᠭᠤᠪᠠ᠃ ᠲᠡᠷᠡ᠂ ᠬᠤᠳᠠ ᠶᠢᠨ ᠬᠡᠪ ᠤᠨ ᠠᠵᠢᠯᠯᠠᠭᠠᠨ ᠲᠠ ᠨᠠᠷ ᠠᠴᠠ ᠰᠠᠯᠵᠤ ᠴᠢᠳᠠᠬᠤ ᠦᠭᠡᠢ ᠶᠤᠮ᠂ ᠵᠠᠪᠠᠯ ᠲᠤᠰ ᠪᠡᠶ᠎ᠡ ᠶᠢᠨ ᠬᠠᠮᠠᠭᠠᠯᠠᠯᠲᠠ ᠪᠠᠨ ᠰᠠᠶᠢᠲᠤᠷ ᠬᠢᠵᠦ᠂ ᠠᠵᠢᠯ ᠲᠦᠷᠦᠯ ᠤᠨ ᠠᠮᠤᠷ ᠲᠦᠪᠰᠢᠨ ᠢ ᠪᠠᠲᠤᠯᠠᠵᠤ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠬᠤᠳᠠ ᠶᠢᠨ ᠠᠷᠠᠳ ᠤᠨ ᠬᠡᠪ ᠤᠨ ᠠᠮᠢᠳᠤᠷᠠᠯ ᠢ ᠪᠠᠲᠤᠯᠠᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠵᠦ ᠬᠡᠯᠡᠪᠡ᠃       ᠬᠤᠸᠠᠨ ᠢᠤᠢ ᠡᠳ᠋ ᠪᠠᠷᠠᠭᠠᠨ ᠤ ᠭᠦᠶᠯᠭᠡᠭᠡᠨ ᠤ ᠬᠦᠷᠢᠶᠡᠯᠡᠩ ᠤᠨ ᠴᠢᠩᠭᠡᠯᠢᠭ ᠡᠮᠨᠡᠯᠭᠡ ᠶᠢᠨ ᠬᠤᠷᠢᠶ᠎ᠠ ᠤᠳᠠᠯ ᠥᠬᠡᠶ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠬᠤ ᠭᠡᠵᠦ ᠪᠣᠶ᠃ ᠸᠠᠩ ᠯᠢ ᠰᠢᠶᠠ ᠲᠤᠬᠠᠶ ᠶᠢᠨ ᠲᠠᠯᠠᠪᠠᠶ ᠳᠤ ᠬᠦᠷᠴᠦ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠪᠠᠶᠢᠴᠠᠭᠠᠨ ᠦᠵᠡᠵᠦ᠂ ᠡᠷᠬᠡᠪᠰᠢ ᠴᠠᠭ ᠲᠤᠬᠠᠶ ᠳᠤᠨᠢ ᠴᠢᠨᠠᠷ ᠢ ᠪᠠᠲᠤᠯᠠᠨ ᠲᠤᠭ᠎ᠠ ᠶᠣᠰᠣᠭᠠᠷ ᠲᠤᠰᠢᠶᠠᠬᠤ ᠬᠡᠷᠡᠭᠲᠡᠶ ᠭᠡᠵᠦ ᠬᠠᠷᠢᠭᠤᠴᠠᠯᠭᠠᠲᠠᠨ ᠢ ᠱᠠᠭᠠᠷᠳᠠᠪᠠ᠃ ᠲᠡᠷᠡ ᠰᠢᠯᠭᠠᠨ ᠬᠤᠷᠢᠶᠠᠬᠤ ᠪᠠᠷ ᠢᠷᠡᠭᠰᠡᠨ ᠲᠤᠰᠬᠠᠶ ᠮᠡᠷᠭᠡᠵᠢᠯᠲᠡᠨ ᠳᠤ᠂ ᠡᠷᠬᠡᠪᠰᠢ ᠨᠠᠷᠢᠨ ᠬᠢᠨᠠᠮᠠᠭᠠᠶ ᠬᠠᠷᠢᠭᠤᠴᠠᠵᠤ᠂ ᠪᠠᠷᠢᠯᠭ᠎ᠠ ᠶᠢᠨ ᠰᠢᠯᠭᠠᠨ ᠬᠤᠷᠢᠶᠠᠬᠤ ᠠᠵᠢᠯ ᠪᠠᠷᠢᠮᠵᠢᠶ᠎ᠠ ᠳᠤ ᠬᠥᠷᠬᠦ ᠥᠬᠡᠶ ᠪᠣᠯ ᠵᠦᠭᠡᠷ ᠲᠠᠯᠪᠢᠵᠤ ᠪᠤᠯᠬᠤ ᠦᠭᠡᠢ ᠵᠠᠬᠢᠪᠠ᠃
0609王莉霞在二连浩特市暗访检查疫情防控工作5.png
      ᠸᠠᠩ ᠯᠢ ᠰᠢᠶᠠ ᠪᠥᠭᠡᠮ ᠬᠦᠴᠢᠯ ᠤᠨ ᠦᠯᠢᠭᠡᠷ ᠴᠤᠭᠯᠠᠭᠤᠯᠵᠤ ᠪᠠᠶᠢᠴᠠᠭᠠᠬᠤ ᠠᠵᠢᠯ ᠳᠤ ᠰᠠᠨᠠᠭᠠᠰᠢᠷᠠᠵᠤ᠂ ᠡᠷᠢᠶᠡᠨ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤ ᠬᠦᠷᠴᠦ᠂ ᠪᠥᠭᠡᠮ ᠬᠦᠴᠢᠯ ᠢ ᠰᠢᠭᠰᠢᠨ ᠪᠠᠶᠢᠴᠠᠭᠠᠬᠤ ᠬᠠᠮᠢᠶᠠᠷᠤᠯᠲᠠ ᠶᠢᠨ ᠲᠠᠪᠴᠠᠩ ᠢᠶᠠᠷ ᠳᠠᠮᠵᠢᠭᠤᠯᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠲᠤᠬᠠᠢ ᠶᠢᠨ ᠴᠠᠭ ᠤᠨ ᠲᠤᠭ᠎ᠠ ᠪᠠᠷᠢᠮᠲᠠ ᠶᠢ ᠨᠠᠷᠢᠨ ᠪᠠᠶᠢᠴᠠᠭᠠᠨ ᠦᠵᠡᠪᠡ᠃ ᠸᠠᠩ ᠯᠢ ᠰᠢᠶᠠ ᠲᠤᠬᠠᠢ ᠶᠢᠨ ᠲᠠᠯᠠᠪᠠᠢ ᠶᠢᠨ ᠬᠠᠷᠢᠭᠤᠴᠠᠯᠭᠠᠲᠠᠨ ᠢ ᠡᠷᠬᠡᠪᠰᠢ ᠲᠣᠭᠲᠠᠭᠰᠠᠨ ᠬᠠᠷᠠᠯᠲᠠ ᠶᠣᠰᠣᠭᠠᠷ᠂ ᠴᠠᠭ ᠢ ᠲᠣᠩᠭᠤᠷᠠᠭᠤᠯᠤᠨ ᠵᠢᠭᠰᠠᠭᠠᠵᠤ᠂ ᠶᠠᠪᠤᠴᠠ ᠶᠢ ᠰᠢᠯᠢᠳᠡᠭᠵᠢᠭᠦᠯᠦᠨ᠂ ᠲᠤᠬᠢᠷᠠᠭᠤᠯᠤᠯᠳᠠ  ᠪᠠᠨ ᠴᠢᠩᠭᠠᠳᠬᠠᠵᠤ᠂ ᠪᠥᠭᠡᠮ ᠬᠦᠴᠢᠯ ᠤᠨ ᠪᠠᠶᠢᠴᠠᠭᠠᠯᠳᠠ ᠶᠢᠨ ᠡᠭᠦᠷᠭᠡ ᠪᠠᠨ ᠴᠠᠭ ᠲᠠᠭᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠵᠠᠬᠢᠪᠠ᠃
0609王莉霞在二连浩特市暗访检查疫情防控工作6.png
0609王莉霞在二连浩特市暗访检查疫情防控工作7.png
0609王莉霞在二连浩特市暗访检查疫情防控工作8.png
      ᠲᠤᠰᠠᠭᠠᠷᠯᠠᠬᠤ ᠴᠡᠭ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠬᠢᠷᠢ ᠵᠡᠷᠭᠡ ᠪᠠᠶᠢᠬᠤ ᠶᠢ ᠸᠠᠩ ᠯᠢ ᠰᠢᠶᠠ ᠳᠡᠭᠡᠳᠦ ᠬᠡᠮᠵᠢᠶ᠎ᠡ ᠪᠠᠷ ᠠᠩᠬᠠᠷᠴᠤ᠂ ᠲᠡᠷᠡ ᠤᠷᠢᠳ ᠬᠤᠵᠢᠳ ᠪᠠᠶᠢᠭᠤᠯᠵᠤ ᠪᠠᠶᠢᠭ᠎ᠠ ᠲᠥᠪᠯᠡᠷᠡᠭᠦᠯᠦᠨ ᠲᠤᠰᠠᠭᠠᠷᠯᠠᠬᠤ ᠴᠡᠭ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠡᠷᠢᠶᠡᠨ ᠬᠤᠲᠠ ᠶᠢᠨ ᠣᠯᠠᠨ ᠤᠯᠤᠰ ᠤᠨ ᠳᠡᠭᠡᠳᠦ ᠰᠤᠷᠭᠠᠭᠤᠯᠢ᠂ ᠡᠸᠤ ᠬᠤᠸᠠ ᠲᠣᠮᠣ ᠵᠤᠴᠢᠳ ᠤᠨ ᠪᠠᠭᠤᠳᠠᠯ ᠳᠤ ᠬᠦᠷᠴᠦ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠵᠤ᠂ ︽ᠭᠤᠷᠪᠠᠨ ᠣᠷᠣᠨ ᠬᠤᠶᠠᠷ ᠱᠤᠭᠤᠮ︾ ᠵᠡᠷᠭᠡ ᠵᠢᠷᠤᠮᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯᠲᠠᠨ ᠪᠣᠯᠤᠨ ᠲᠤᠰᠠᠭᠠᠷᠯᠠᠬᠤ ᠬᠥᠮᠦᠰ ᠢ ᠲᠣᠭᠤᠷᠢᠭ ᠬᠤᠪᠢᠶᠠᠨ ᠬᠠᠮᠢᠶᠠᠷᠬᠤ ᠪᠠ ᠹᠢᠽᠢᠺ ᠤᠨ ᠲᠤᠰᠠᠭᠠᠷᠯᠠᠯᠳᠠ ᠶᠢ ᠴᠢᠩᠭ᠎ᠠ ᠬᠡᠷᠡᠭᠵᠢᠭᠦᠯᠵᠦ᠂ ᠰᠣᠯᠪᠢᠴᠠᠨ ᠬᠠᠯᠳᠠᠪᠤᠷᠢᠯᠠᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠭᠡᠷᠡᠭᠳᠠᠢ ᠬᠡᠵᠤ ᠱᠠᠭᠠᠷᠳᠠᠪᠠ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ