ᠰᠦᠨ ᠱᠤᠤ ᠴᠧᠩ ᠤᠯᠠᠭᠠᠨᠴᠠᠪ ᠬᠤᠳᠠ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/6/9
      6 ᠰᠠᠷ᠎ᠠ ᠶᠢᠨ 7 ᠠᠴᠠ 8 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠤᠯᠠᠭᠠᠨᠴᠠᠪ ᠬᠤᠲᠠ ᠳᠤ ᠭᠦᠨᠵᠡᠭᠡᠶᠢᠷᠡᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠪᠠ᠃
0609孙绍骋深入乌兰察布市调研.png
0609孙绍骋深入乌兰察布市调研2.png
0609孙绍骋深入乌兰察布市调研3.png
      ᠰᠦᠨ ᠱᠤᠤ ᠴᠧᠩ ᠬᠤᠩ ᠹᠦ᠋ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠳᠤ ᠬᠦᠷᠴᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠭᠠᠵᠠᠷ ᠰᠢᠷᠣᠢ ᠶᠢ ᠡᠵᠡᠩᠨᠡᠬᠦ ᠠᠵᠢᠯ ᠢ ᠰᠠᠶᠢᠲᠤᠷ ᠬᠢᠵᠦ᠂ ᠭᠠᠵᠠᠷ ᠰᠢᠷᠣᠢ ᠶᠢᠨ ᠶᠡᠷᠦᠩᠬᠡᠶᠢᠯᠡᠭᠰᠡᠨ ᠦᠷ᠎ᠡ ᠠᠰᠢᠭ ᠢ ᠳᠡᠭᠡᠭᠰᠢᠯᠡᠭᠦᠯᠵᠦ᠂ ᠮᠠᠯᠴᠢᠨ ᠲᠠᠷᠢᠶᠠᠴᠢᠳ ᠤᠨ ᠡᠭᠦᠨ ᠤ ᠲᠤᠮᠳᠠ  ᠠᠴᠠ ᠢᠯᠡᠭᠦᠬᠡᠨ ᠠᠰᠢᠭ ᠬᠦᠷᠲᠡᠵᠦ᠂ ᠤᠷᠳᠤ ᠬᠤᠭᠤᠴᠠᠭ᠎ᠠ ᠪᠠᠷ ᠠᠰᠢᠭ ᠬᠦᠷᠲᠡᠬᠦ ᠶᠢ ᠪᠠᠳᠤᠯᠬᠠᠤ ᠬᠡᠷᠡᠭᠲᠡᠢ ᠭᠡᠪᠡ᠃ ᠵᠦᠩ ᠵᠢᠶᠠ ᠠᠮᠢᠳᠤ ᠪᠣᠳᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠺᠣᠮᠫᠠᠨᠢ ᠳᠤ ᠰᠢᠨᠵᠢᠯᠡᠨ ᠪᠠᠶᠢᠴᠠᠭᠠᠬᠤ ᠳᠠᠭᠠᠨ᠂ ᠰᠦᠨ ᠱᠤᠤ ᠴᠧᠩ ᠠᠵᠤ ᠠᠬᠤᠶᠢᠯᠠᠯ ᠤᠨ ᠬᠢᠨ ᠢ ᠲᠦᠮᠦᠰᠦ ᠲᠠᠷᠢᠬᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠪᠦᠬᠦ ᠳᠡᠯᠡᠬᠡᠢ ᠳᠤ ᠬᠠᠨᠳᠤᠭᠤᠯᠤᠨ ᠨᠡᠩ ᠶᠡᠭᠡ ᠵᠠᠬ᠎ᠠ ᠳᠡᠯᠭᠡᠭᠦᠷ ᠢ ᠨᠡᠭᠡᠭᠡᠭᠡᠷᠡᠢ ᠭᠡᠵᠦ ᠵᠣᠷᠢᠭᠵᠢᠭᠤᠯᠪᠠ᠃ ᠰᠦᠨ ᠱᠤᠤ ᠴᠧᠩ ᠲᠣᠰᠬᠤᠨ ᠤ ᠠᠷᠠᠳ ᠯᠦ ᠯᠢᠨ ᠵᠦᠩ ᠤᠨ ᠭᠡᠷ ᠲᠤ ᠬᠦᠷᠴᠦ᠂ ᠭᠡᠷ ᠪᠦᠯᠢ ᠶᠢᠨ ᠦᠢᠯᠡᠳᠪᠦᠷᠢᠯᠡᠯ᠂ ᠣᠷᠣᠯᠭ᠎ᠠ ᠵᠠᠷᠤᠯᠭ᠎ᠠ ᠪᠣᠯᠤᠨ ᠦᠷ᠎ᠡ ᠬᠡᠦᠬᠡᠳ ᠤᠨ ᠬᠢᠨᠢ ᠰᠤᠷᠭᠠᠨ ᠬᠥᠮᠦᠵᠢᠯ ᠵᠡᠷᠭᠡ ᠪᠠᠶᠢᠳᠠᠯ ᠢ ᠯᠠᠪᠯᠠᠨ ᠠᠰᠠᠭᠤᠵᠤ᠂ ᠲᠡᠳᠡᠨ ᠤ ᠠᠮᠢᠳᠤᠷᠠᠯ ᠶᠠᠪᠤᠬᠤ ᠲᠤᠳᠤᠮ ᠰᠠᠶᠢᠵᠢᠷᠠᠬᠤ ᠶᠢ ᠵᠥᠩᠨᠡᠪᠡ᠃
0609孙绍骋深入乌兰察布市调研4.png
       ᠰᠦᠨ ᠱᠤᠤ ᠴᠧᠩ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠤᠯᠠᠭᠠᠨᠴᠠᠪ ᠬᠤᠲᠠ᠂ ᠳᠥᠷᠪᠡᠳ ᠬᠤᠰᠢᠭᠤ ᠪᠣᠯᠤᠨ ᠪᠥᠬᠦ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠪᠠᠶᠢᠳᠠᠯ ᠢ ᠣᠶᠢᠯᠠᠭᠠᠪᠠ᠃ ᠲᠡᠷᠡ᠂ ᠮᠠᠨ ᠤ ᠣᠷᠣᠨ ᠤ ᠪᠠᠶᠢᠭᠠᠯᠢ ᠶᠢᠨ ᠨᠥᠬᠦᠴᠡᠯ ᠪᠣᠯᠤᠨ ᠡᠬᠢ ᠪᠠᠶᠠᠯᠢᠭ ᠤᠨ ᠳᠠᠪᠠᠭᠤᠯᠢᠭ ᠴᠥᠮ ᠨᠡᠯᠢᠶᠡᠳ ᠰᠠᠶᠢᠨ᠂ ᠭᠠᠵᠠᠷ ᠰᠢᠷᠣᠢ ᠪᠣᠯᠤᠨ ᠨᠤᠲᠤᠭ ᠪᠡᠯᠴᠢᠭᠡᠷ ᠦᠷᠭᠡᠨ ᠠᠭᠤᠳᠠᠮ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠨᠡ ᠬᠦ ᠶᠡᠭᠡ ᠶᠠᠪᠤᠳᠠᠯ ᠢ ᠰᠠᠶᠢᠲᠤᠷ ᠠᠳᠬᠤᠬᠤ ᠳᠤ ᠪᠢᠳᠡ ᠢᠲᠡᠭᠡᠯ ᠲᠠᠢ ᠪᠠᠶᠢᠨ᠎ᠠ᠃ ᠤᠳᠤᠬᠠᠨ ᠳᠤ ᠤᠯᠤᠰ ᠠᠴᠠ ᠥᠪᠡᠷᠲᠡᠭᠡᠨ ᠵᠠᠰᠠᠬᠤ ᠣᠷᠣᠨ ᠬᠦᠷᠲᠡᠯ᠎ᠡ ᠴᠥᠮ ᠴᠥᠭᠡᠨ ᠪᠤᠰᠤ ᠲᠦᠷᠦ ᠶᠢᠨ ᠪᠤᠳᠤᠯᠭ᠎ᠠ ᠲᠣᠭᠲᠠᠭᠠᠪᠠ᠂ ᠡᠳᠡᠭᠡᠷ ᠲᠦᠷᠦ ᠶᠢᠨ ᠪᠤᠳᠤᠯᠭ᠎ᠠ ᠶᠢ ᠪᠤᠲᠠᠲᠠᠢ ᠰᠠᠶᠢᠲᠤᠷ ᠨᠠᠶᠢᠳᠠᠪᠤᠷᠢᠵᠢᠭᠤᠯᠳᠠᠭ ᠯᠠ ᠶᠤᠮ ᠪᠣᠯ ᠪᠢᠳᠠ ᠯᠠᠪᠲᠠᠢ ᠥᠷᠭᠡᠨ ᠠᠭᠤᠳᠠᠮ ᠬᠥᠳᠡᠭᠡ ᠲᠣᠰᠬᠤᠨ ᠢ ᠰᠠᠶᠢᠲᠤᠷ ᠪᠦᠳᠦᠭᠡᠨ ᠪᠠᠶᠢᠭᠤᠯᠵᠤ᠂ ᠰᠠᠶᠢᠲᠤᠷ ᠬᠥᠭᠵᠢᠭᠦᠯᠵᠦ ᠴᠢᠳᠠᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠵᠦ᠂ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠶᠢᠨ ᠦᠷᠭᠦᠯᠵᠢᠯᠡᠬᠦ ᠴᠢᠨᠠᠷ ᠢ ᠪᠠᠲᠤᠯᠠᠵᠤ᠂ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠭᠰᠡᠨ ᠤ ᠳᠠᠷᠠᠭᠠᠬᠢ ᠠᠵᠤ ᠦᠢᠯᠡᠰ ᠤᠨ ᠬᠥᠭᠵᠢᠯᠲᠡ ᠪᠣᠯᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠠᠪᠴᠠᠩ ᠢ ᠰᠠᠶᠢᠲᠤᠷ ᠠᠰᠢᠭᠯᠠᠵᠤ᠂ ᠤᠯᠤᠰ ᠤᠨ ᠶᠠᠮᠤᠨ ᠵᠥᠪᠯᠡᠯ ᠤᠨ ᠳᠡᠮᠵᠢᠯᠭᠡ ᠶᠢ ᠢᠳᠡᠪᠬᠢᠲᠡᠶ ᠣᠯᠵᠤ᠂ ᠬᠠᠪᠰᠤᠷᠤᠨ ᠲᠡᠳᠬᠦᠬᠦ ᠬᠡᠷᠡᠭᠴᠡᠭᠡ ᠱᠠᠭᠠᠷᠳᠠᠯᠭ᠎ᠠ ᠪᠠᠨ ᠤᠨᠢᠨ ᠲᠡᠭᠡᠷ᠎ᠠ ᠨᠢ ᠳᠤᠷᠠᠳᠬᠤ ᠬᠡᠷᠡᠭᠲᠡᠶ᠃ ᠶᠠᠳᠠᠭᠤ ᠠᠴᠠ ᠠᠩᠭᠢᠵᠢᠷᠠᠭᠰᠠᠨ ᠤᠯᠠᠨ ᠲᠦᠮᠡᠨ ᠤ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠪᠣᠯᠤᠨ ᠦᠷ᠎ᠡ ᠬᠡᠦᠬᠡᠳ ᠤᠨ ᠬᠢᠨᠢ ᠰᠤᠷᠭᠠᠨ ᠬᠥᠮᠦᠵᠢᠯ ᠵᠡᠷᠭᠡ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠭᠠᠴᠠᠭ᠎ᠠ ᠲᠣᠰᠬᠤᠨ ᠤ ᠬᠤᠭ ᠨᠣᠪᠰᠢ ᠪᠣᠯᠤᠨ ᠪᠣᠬᠢᠷ ᠤᠰᠤ ᠶᠢ ᠰᠢᠢᠳᠪᠦᠷᠢᠯᠡᠬᠦ ᠠᠵᠢᠯ ᠢ ᠰᠠᠶᠢᠲᠤᠷ ᠠᠳᠬᠤᠵᠤ᠂ ᠤᠯᠠᠨ ᠲᠦᠮᠡᠨ ᠤ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠤᠯᠠᠨ ᠲᠦᠮᠡᠨ ᠢ ᠵᠣᠬᠢᠶᠠᠨ ᠪᠠᠶᠢᠭᠤᠯᠬᠤ ᠪᠠ ᠳᠠᠶᠢᠴᠢᠯᠠᠬᠤ ᠠᠵᠢᠯ ᠢ ᠰᠠᠶᠢᠲᠤᠷ ᠬᠢᠵᠦ᠂ ᠡᠯ᠎ᠡ ᠵᠦᠢᠯ ᠤᠨ ᠡᠭᠦᠷᠭᠡ ᠶᠢ ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠪᠡ᠃       ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠤᠢ ᠯᠢ ᠰᠢᠨ ᠠᠵᠢᠯᠯᠠᠭ᠎ᠠ ᠳᠤ ᠣᠷᠣᠯᠴᠠᠪᠠ᠃ 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ