ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠯᠥᠭᠡᠯᠡᠭᠴᠢᠳ ᠤᠨ ᠬᠤᠷᠠᠯ ᠬᠥᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2022/7/1

      ᠨᠠᠮ ᠤᠨ ᠬᠤᠷᠢᠳᠤᠭᠠᠷ ᠶᠡᠭᠡ ᠬᠤᠷᠠᠯ ᠳᠤ ᠣᠷᠣᠯᠴᠠᠬᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠯᠥᠭᠡᠯᠡᠭᠴᠢ ᠶᠢ ᠰᠣᠩᠭᠤᠨ ᠭᠠᠷᠭᠠᠪᠠ   ᠲᠥᠪ ᠠᠴᠠ ᠨᠡᠷ᠎ᠡ ᠳᠤᠷᠠᠳᠤᠭᠰᠠᠨ ᠲᠥᠯᠥᠭᠡᠯᠡᠭᠴᠢ ᠶᠢᠨ ᠵᠢᠱᠢᠭᠳᠡᠭᠴᠢ ᠵᠤᠤ ᠯᠧ ᠵᠢᠢ ᠨᠥᠬᠦᠷ᠂ ᠪᠠᠭᠠᠲᠤᠷ ᠨᠥᠬᠦᠷ ᠰᠣᠩᠭᠤᠭᠳᠠᠪᠠ

      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠵᠦ ᠰᠦᠨ ᠱᠣᠣ ᠴᠧᠩ ᠶᠠᠷᠢᠶ᠎ᠠ ᠲᠠᠯᠪᠢᠵᠠᠢ

      6 ᠰᠠᠷ᠎ᠠ ᠶᠢᠨ 29 ᠠᠴᠠ 30 ᠤ ᠡᠳᠦᠷ ᠪᠣᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠥᠯᠥᠭᠡᠯᠡᠭᠴᠢᠳ ᠤᠨ ᠬᠤᠷᠠᠯ ᠬᠥᠬᠡᠬᠤᠲᠠ ᠳᠤ ᠬᠤᠷᠠᠯᠳᠤᠪᠠ᠃ ᠬᠤᠷᠠᠯ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠥᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠬᠤ 42 ᠲᠥᠯᠥᠭᠡᠯᠡᠭᠴᠢ ᠶᠢ ᠰᠣᠩᠭᠤᠨ ᠭᠠᠷᠭᠠᠵᠤ᠂ ᠲᠥᠪ ᠠᠴᠠ ᠨᠡᠷ᠎ᠡ ᠳᠤᠷᠠᠳᠤᠭᠰᠠᠨ ᠲᠥᠯᠥᠭᠡᠯᠡᠭᠴᠢ ᠶᠢᠨ ᠵᠢᠱᠢᠭᠳᠡᠭᠴᠢ ᠵᠤᠤ ᠯᠧ ᠵᠢᠢ ᠨᠥᠬᠦᠷ᠂ ᠪᠠᠭᠠᠲᠤᠷ ᠨᠥᠬᠦᠷ ᠰᠣᠩᠭᠤᠭᠳᠠᠪᠠ᠃

      ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 667 ᠬᠥᠮᠥᠨ ᠪᠣᠢ᠂ 644 ᠬᠥᠮᠥᠨ ᠬᠤᠷᠠᠯ ᠳᠤ ᠣᠷᠣᠯᠴᠠᠵᠤ᠂ ᠲᠣᠭᠲᠠᠭᠰᠠᠨ ᠬᠥᠮᠥᠨ ᠤ ᠲᠤᠭ᠎ᠠ ᠳᠤ ᠨᠡᠶᠢᠴᠡᠪᠡ᠃

      ᠬᠤᠷᠠᠯ ᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠣᠣ ᠴᠧᠩ ᠶᠠᠷᠢᠶ᠎ᠠ ᠲᠠᠯᠪᠢᠵᠠᠢ᠃

2.jpg


      6 ᠰᠠᠷ᠎ᠠ ᠶᠢᠨ 30 ᠤ ᠡᠳᠤᠷ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠳᠤᠮᠳᠠᠳᠤ ᠤᠯᠤᠰ ᠤᠨ ᠡᠪ ᠬᠠᠮᠳᠤ ᠨᠠᠮ ᠤᠨ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠳᠦᠯᠦᠬᠡᠯᠡᠭᠴᠢᠳ ᠤᠨ ᠬᠤᠷᠠᠯ ᠳᠡᠬᠡᠷ᠎ᠡ ᠶᠠᠷᠢᠶ᠎ᠠ ᠳᠠᠯᠪᠢᠪᠠ᠃

      ᠶᠤᠸᠠᠨ ᠶᠦᠩ ᠬᠤᠩ ᠰᠡᠬᠦᠳᠡᠷᠯᠡᠪᠡ

1.jpg

 

      6 ᠰᠠᠷ᠎ᠠ ᠶᠢᠨ 30 ᠤ ᠡᠳᠤᠷ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠳᠦᠯᠦᠬᠡᠯᠡᠭᠴᠢᠳ ᠤᠨ ᠬᠤᠷᠠᠯ ᠬᠦᠬᠡᠬᠤᠳᠠ ᠳᠤ ᠬᠤᠷᠠᠯᠳᠤᠪᠠ᠃

      ᠶᠤᠸᠠᠨ ᠶᠦᠩ ᠬᠤᠩ ᠰᠡᠬᠦᠳᠡᠷᠯᠡᠪᠡ

      ᠬᠤᠷᠠᠯ ᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠶᠠᠷᠢᠶ᠎ᠠ ᠲᠠᠯᠪᠢᠵᠠᠶ᠃ ᠬᠤᠷᠠᠯ ᠠᠴᠠ ︽ᠨᠠᠮ ᠤᠨ ᠬᠤᠷᠢᠳᠤᠭᠠᠷ ᠶᠡᠭᠡ ᠬᠤᠷᠠᠯ ᠤᠨ ᠲᠥᠯᠥᠭᠡᠯᠡᠭᠴᠢ ᠶᠢ ᠰᠣᠩᠭᠤᠬᠤ ᠠᠵᠢᠯ ᠤᠨ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠮᠡᠳᠡᠭᠳᠡᠯ︾ ᠢ ᠤᠯᠠᠮᠵᠢᠯᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠶᠠᠩ ᠸᠧᠢ ᠳ᠋ᠦᠩ ᠠᠴᠠ ᠨᠠᠮ ᠤᠨ ᠬᠤᠷᠢᠳᠤᠭᠠᠷ ᠶᠡᠭᠡ ᠬᠤᠷᠠᠯ ᠳᠤ ᠣᠷᠣᠯᠴᠠᠬᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠯᠥᠭᠡᠯᠡᠭᠴᠢᠳ ᠤᠨ ᠵᠢᠱᠢᠭᠳᠡᠭᠰᠡᠳ ᠤᠨ ᠪᠡᠯᠡᠳᠭᠡᠯ ᠵᠢᠱᠢᠭᠳᠡᠭᠴᠢ ᠶᠢᠨ ᠪᠠᠶᠢᠳᠠᠯ ᠤᠨ ᠲᠤᠬᠠᠢ ᠲᠣᠳᠣᠷᠬᠠᠶᠢᠯᠠᠯᠲᠠ ᠬᠢᠵᠡᠢ᠃ ᠬᠤᠷᠠᠯ ᠠᠴᠠ ᠰᠣᠩᠭᠤᠭᠤᠯᠢ ᠶᠢᠨ ᠠᠷᠭ᠎ᠠ᠂ ᠪᠢᠯᠧᠲ ᠬᠢᠨᠠᠭᠴᠢ ᠶᠢᠨ ᠨᠡᠷᠡᠰ ᠢ ᠪᠠᠲᠤᠯᠠᠪᠠ᠃ ᠭᠦᠢᠴᠡᠳ ᠵᠥᠪᠳᠡᠨ ᠶᠠᠷᠢᠯᠴᠠᠭᠰᠠᠨ ᠰᠠᠭᠤᠷᠢᠨ ᠳᠡᠭᠡᠷ᠎ᠡ᠂ ᠬᠤᠷᠠᠯ ᠠᠴᠠ ᠨᠢᠭᠤᠴᠠ ᠪᠠᠷ ᠪᠢᠯᠧᠲ ᠦᠭᠭᠦ ᠠᠷᠭ᠎ᠠ ᠪᠠᠷ ᠨᠠᠮ ᠤᠨ ᠬᠤᠷᠢᠳᠤᠭᠠᠷ ᠶᠡᠭᠡ ᠬᠤᠷᠠᠯ ᠳᠤ ᠣᠷᠣᠯᠴᠠᠬᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠯᠥᠭᠡᠯᠡᠭᠴᠢᠳ ᠢ ᠰᠣᠩᠭᠤᠨ ᠭᠠᠷᠭᠠᠪᠠ᠃ ᠰᠣᠩᠭᠤᠭᠤᠯᠢ ᠶᠢᠨ ᠦᠷ᠎ᠡ ᠳ᠋ᠦᠩ ᠪᠣᠯᠤᠨ ᠰᠣᠩᠭᠤᠭᠳᠠᠭᠰᠠᠨ ᠨᠡᠷᠡᠰ ᠢ ᠨᠡᠶᠢᠲᠡᠯᠡᠬᠦ ᠦᠶ᠎ᠡ ᠳᠤ᠂ ᠬᠤᠷᠠᠯ ᠤᠨ ᠲᠠᠯᠠᠪᠠᠢ ᠳᠤ ᠨᠢᠵᠢᠭᠢᠨᠡᠲᠡᠯ᠎ᠡ ᠠᠯᠠᠭ᠎ᠠ ᠲᠠᠰᠢᠬᠤ ᠳᠠᠭᠤᠨ ᠴᠤᠤᠷᠢᠶᠠᠳᠤᠪᠠ᠃

      ᠰᠣᠩᠭᠤᠭᠤᠯᠢ ᠳᠠᠭᠤᠰᠤᠭᠰᠠᠨ ᠤ ᠳᠠᠷᠠᠭ᠎ᠠ ᠰᠦᠨ ᠱᠤᠤ ᠴᠧᠩ ᠶᠠᠷᠢᠶ᠎ᠠ ᠲᠠᠯᠪᠢᠵᠠᠢ᠃ ᠲᠡᠷᠡ᠂ ᠨᠠᠮ ᠤᠨ ᠬᠤᠷᠢᠳᠤᠭᠠᠷ ᠶᠡᠭᠡ ᠬᠤᠷᠠᠯ ᠢ ᠤᠭᠲᠤᠬᠤ᠂ ᠤᠬᠠᠭᠤᠯᠬᠤ᠂ ᠲᠤᠭᠤᠰᠢᠯᠠᠭᠤᠯᠬᠤ ᠪᠣᠯ ᠡᠨᠡ ᠵᠢᠯ ᠤᠨ ᠪᠦᠬᠦ ᠠᠵᠢᠯ ᠤᠨ ᠭᠤᠣᠯ ᠱᠤᠭᠤᠮ ᠪᠣᠯᠤᠨ᠎ᠠ᠃ ᠪᠦᠬᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ︽ᠬᠤᠶᠠᠷ ᠢ ᠲᠣᠭᠲᠠᠭᠠᠬᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠲᠠᠯ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠤᠷᠤᠯᠴᠠᠯᠭ᠎ᠠ ᠤᠬᠠᠭᠤᠯᠭ᠎ᠠ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠮᠵᠢᠯᠲᠠ ᠪᠦᠲᠦᠮᠵᠢ ᠶᠢᠨ ᠤᠬᠠᠭᠤᠯᠭ᠎ᠠ ᠶᠢ ᠥᠩᠭᠡ ᠢᠯᠭᠠᠷᠠᠮ᠎ᠠ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠬᠠᠭᠤᠯᠭ᠎ᠠ ᠬᠥᠮᠦᠵᠢᠯ ᠢ ᠭᠦᠨᠵᠡᠭᠡᠶ ᠥᠷᠨᠢᠭᠦᠯᠵᠦ᠂ ᠰᠠᠶᠢᠨ ᠰᠠᠶᠢᠬᠠᠨ ᠦᠵᠡᠯ ᠰᠠᠨᠠᠭ᠎ᠠ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ︽ᠬᠤᠶᠠᠷ ᠬᠠᠯᠬᠠᠪᠴᠢ︾ ᠂ ︽ᠬᠤᠶᠠᠷ ᠰᠠᠭᠤᠷᠢᠨ︾ ᠂ ︽ᠨᠢᠭᠡ ᠪᠠᠬᠢᠯᠡᠯᠲᠡ︾ ᠶᠢ ᠦᠷᠭᠦᠯᠵᠢᠯᠡᠨ ᠬᠦᠴᠦᠯᠡᠨ ᠪᠠᠶᠢᠭᠤᠯᠵᠤ᠂ ᠪᠣᠳᠠᠲᠠᠶ ᠲᠥᠰᠦᠯ ᠢ ᠲᠣᠰ ᠲᠣᠰ ᠰᠤᠳᠤᠯᠤᠨ ᠲᠣᠭᠲᠠᠭᠠᠵᠤ᠂ ᠡᠭᠦᠷᠭᠡ ᠠᠷᠭ᠎ᠠ ᠬᠡᠮᠵᠢᠶ᠎ᠡ ᠶᠢ ᠤᠯᠠᠮ ᠴᠢᠨᠠᠬᠰᠢᠳᠠ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠤᠯᠤᠰ ᠤᠨ ᠳᠡᠮᠵᠢᠯᠭᠡ ᠶᠢ ᠢᠳᠡᠪᠬᠢᠲᠡᠶ ᠣᠯᠵᠤ᠂ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠶ᠃ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠲᠣᠭᠲᠠᠭᠤᠨ ᠪᠠᠶᠢᠯᠭᠠᠵᠥ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠠᠷᠠᠯᠵᠢᠶᠠᠴᠢᠨ ᠤᠷᠢᠵᠤ ᠪᠡᠯᠡ ᠮᠦᠩᠬᠦ ᠳᠠᠳᠠᠵᠥ ᠣᠷᠣᠭᠤᠯᠬᠤ ᠶᠢ ᠶᠡᠭᠡ ᠪᠠᠷ ᠠᠳᠬᠤᠵᠤ᠂ ᠬᠡᠷᠡᠭᠯᠡᠭᠡ ᠶᠢ ᠦᠷᠭᠦᠯᠵᠢᠯᠡᠨ ᠰᠡᠷᠭᠦᠭᠡᠬᠦ ᠶᠢ ᠠᠬᠢᠭᠤᠯᠵᠤ᠂ ᠨᠡᠭᠦᠷᠡᠰᠦ ᠴᠠᠬᠢᠯᠭᠠᠨ ᠤ ᠬᠠᠩᠭᠠᠯᠭ᠎ᠠ ᠶᠢ ᠪᠠᠲᠤᠯᠠᠬᠤ ᠪᠠ ᠠᠮᠤ ᠪᠤᠳᠠᠭᠠᠨ ᠤ ᠦᠢᠯᠡᠳᠪᠦᠷᠢᠯᠡᠯ ᠢ ᠰᠠᠶᠢᠲᠤᠷ ᠠᠳᠬᠤᠵᠤ᠂ ᠰᠢᠨ᠎ᠡ ᠡᠨᠧᠷᠭᠢ ᠶᠢᠨ ᠪᠦᠳᠦᠭᠡᠨ ᠪᠠᠶᠢᠭᠤᠯᠤᠯᠲᠠ ᠶᠢᠨ ᠠᠯᠬᠤᠭ᠎ᠠ ᠶᠢ ᠲᠦᠷᠭᠡᠳᠭᠡᠵᠦ᠂ ᠬᠢᠯᠢ ᠶᠢᠨ ᠪᠣᠭᠤᠮᠲᠠ ᠶᠢᠨ ᠪᠣᠭᠤᠮᠲᠠ ᠥᠩᠭᠡᠷᠡᠬᠦ ᠶᠢ ᠪᠠᠲᠤᠯᠠᠬᠤ ᠠᠵᠢᠯ ᠢ ᠰᠠᠶᠢᠲᠤᠷ ᠬᠢᠵᠦ᠂ ᠠᠵᠤ ᠠᠬᠤᠢ ᠶᠢᠨ ᠲᠣᠭᠲᠠᠭᠤᠨ ᠨᠡᠮᠡᠭᠳᠡᠯ ᠪᠣᠯᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠵᠠᠰᠠᠯᠲᠠ ᠶᠢᠨ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ ᠠᠷᠪᠢᠯᠠᠨ ᠭᠠᠮᠨᠠᠬᠤ ᠤᠬᠠᠮᠰᠠᠷ ᠢᠶᠠᠨ ᠴᠢᠩᠭᠠᠳᠬᠠᠵᠤ᠂ ᠬᠥᠮᠦᠨ ᠤ ᠬᠦᠴᠦᠨ᠂ ᠡᠨᠧᠷᠭᠢ᠂ ᠡᠳ᠋ ᠤᠨ ᠵᠠᠰᠠᠭ ᠤᠨ ᠵᠠᠷᠤᠯᠭ᠎ᠠ ᠵᠡᠷᠭᠡ ᠡᠯ᠎ᠡ ᠲᠠᠯ᠎ᠠ ᠶᠢᠨ ᠠᠷᠪᠢᠯᠠᠨ ᠭᠠᠮᠨᠠᠬᠤ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠡᠬᠢ ᠪᠠᠶᠠᠯᠢᠭ ᠢ ᠡᠷᠴᠢᠮᠵᠢᠭᠦᠯᠦᠨ ᠠᠷᠪᠢᠯᠠᠨ ᠠᠰᠢᠭᠯᠠᠬᠤ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠪᠡᠯᠡ ᠣᠷᠣᠭᠤᠯᠤᠯᠲᠠ ᠶᠢᠨ ᠨᠠᠵᠠᠭᠠᠢ ᠲᠠᠯ᠎ᠠ ᠶᠢᠨ ᠨᠠᠷᠢᠨ ᠳᠠᠩᠰᠠ ᠶᠢ ᠪᠠᠶᠢᠭᠤᠯᠵᠤ᠂ ᠪᠦᠷᠢᠯᠭᠡᠨ ᠰᠦᠢᠳᠭᠡᠬᠦ ᠶᠠᠪᠤᠳᠠᠯ ᠢ ᠦᠴᠦᠬᠡᠨ ᠴᠤ ᠬᠢᠵᠦ ᠪᠣᠯᠬᠤ ᠦᠭᠡᠢ᠂ ᠲᠦᠷᠢ ᠲᠥᠷᠬᠦ ᠶᠢᠨ ᠢᠨᠵᠧᠨᠧᠷᠢᠩ᠂ ᠨᠢᠭᠤᠷ ᠲᠠᠯ᠎ᠠ ᠶᠢᠨ ᠵᠦᠢᠯᠡᠰ ᠢ ᠡᠬᠢᠯᠡᠭᠦᠯᠬᠦ ᠶᠢ ᠴᠥᠮ ᠴᠠᠭᠠᠵᠠᠯᠠᠬᠤ ᠬᠡᠷᠡᠭᠲᠡᠢ᠃ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠵᠢᠯ ᠢ ᠪᠣᠳᠠᠲᠠᠢ ᠠᠳᠬᠤᠵᠤ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠭᠠᠮᠰᠢᠭ ᠠᠴᠠ ᠠᠪᠤᠷᠠᠬᠤ ᠠᠵᠢᠯ᠂ ᠡᠪᠦᠯ ᠤᠨ ᠳᠤᠯᠠᠭᠠᠯᠠᠭ᠎ᠠ ᠶᠢᠨ ᠠᠵᠢᠯ ᠢ ᠴᠢᠬᠤᠯᠠᠴᠢᠯᠠᠨ ᠰᠠᠶᠢᠲᠤᠷ ᠬᠢᠵᠦ᠂ ᠠᠷᠠᠳ ᠤᠯᠠᠨ ᠢ ᠳᠠᠭᠠᠷᠠᠭᠤᠯᠵᠤ᠂ ᠵᠣᠪᠠᠯᠠᠩ ᠠᠮᠰᠠᠭᠤᠯᠵᠥ ᠪᠣᠯᠬᠤ ᠦᠭᠡᠢ᠃ ᠲᠣᠭᠲᠠᠭᠤᠨ ᠢ ᠪᠠᠲᠤᠯᠠᠬᠤ᠂ ᠠᠮᠤᠷ ᠲᠦᠪᠰᠢᠨ ᠢ ᠬᠠᠮᠠᠭᠠᠯᠠᠬᠤ᠂ ᠡᠶ᠎ᠡ ᠵᠣᠬᠢᠴᠠᠩᠭᠤᠢ ᠶᠢ ᠠᠬᠢᠭᠤᠯᠬᠤ ᠠᠵᠢᠯ ᠢ ᠰᠠᠶᠢᠲᠤᠷ ᠠᠳᠬᠤᠵᠤ᠂ ᠡᠯ᠎ᠡ ᠬᠦᠷᠢᠶᠡᠨ ᠤ ᠠᠶᠤᠯ ᠲᠦᠭᠰᠢᠭᠦᠷᠢ ᠭᠡᠮ ᠰᠣᠭᠤᠭ ᠢ ᠪᠦᠲᠦᠮᠵᠢᠲᠡᠢ ᠰᠡᠷᠭᠡᠶᠢᠯᠡᠨ ᠠᠷᠢᠯᠭᠠᠬᠤ ᠬᠡᠷᠡᠭᠲᠡᠢ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠵᠦ᠂ ᠴᠥᠬᠦᠷᠡᠰᠢ ᠦᠭᠡᠢ ᠪᠠᠷ ︽ᠲᠦᠷᠪᠡᠨ ᠰᠤᠷᠲᠠᠯ︾ ᠢ  ᠵᠠᠯᠠᠷᠠᠭᠤᠯᠵᠤ᠂ ᠤᠪᠤᠷ ᠰᠤᠷᠲᠠᠯ ᠢᠶᠠᠨ ᠬᠤᠪᠢᠷᠠᠭᠤᠯᠵᠤ᠂ ᠰᠢᠨ᠎ᠡ ᠰᠤᠷᠲᠠᠯ ᠢ ᠪᠤᠢ ᠪᠣᠯᠭᠠᠵᠤ᠂ ᠡᠯ᠎ᠡ ᠬᠦᠷᠢᠶᠡᠨ ᠤ ᠢᠯᠵᠡᠷᠡᠯ ᠢ ᠡᠰᠡᠷᠭᠦᠴᠡᠬᠦ ᠲᠡᠮᠡᠴᠡᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠢ ᠭᠦᠨᠵᠡᠭᠡᠶᠢᠷᠡᠭᠦᠯᠦᠨ ᠠᠬᠢᠭᠤᠯᠬᠤ ᠬᠡᠷᠡᠭᠲᠡᠢ᠃ ᠰᠢᠯᠢᠳᠡᠭ ᠵᠢᠱᠢᠶᠡᠴᠢ ᠺᠠᠳ᠋ᠷ ᠢ ᠶᠡᠭᠡ ᠪᠠᠷ ᠮᠠᠭᠲᠠᠨ ᠰᠠᠶᠢᠰᠢᠶᠠᠵᠤ᠂ ᠵᠣᠷᠢᠭᠲᠠᠢ ᠪᠠᠷ ᠰᠣᠩᠭᠤᠨ ᠬᠡᠷᠡᠭᠯᠡᠵᠦ᠂ ᠦᠨᠡᠨ ᠪᠤᠳᠠᠳᠠᠢ ᠤᠴᠢᠷ ᠶᠠᠪᠤᠳᠠᠯ ᠠᠴᠠ ᠨᠢ ᠭᠠᠷᠳᠠᠨ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠠᠯᠳᠠᠭ᠎ᠠ ᠪᠤᠷᠤᠭᠤ ᠶᠢ ᠵᠠᠯᠠᠷᠠᠭᠤᠯᠬᠤ ᠲᠣᠭᠲᠠᠴᠠ ᠶᠢ ᠨᠠᠶᠢᠳᠠᠪᠤᠷᠢᠵᠢᠭᠤᠯᠵᠤ᠂ ᠥᠷᠭᠡᠨ ᠤᠯᠠᠨ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ᠂ ᠠᠵᠢᠯ ᠬᠢᠵᠦ ᠦᠢᠯᠡᠰ ᠴᠤᠬᠴᠠᠯᠠᠬᠤ ᠵᠤᠷᠢᠭ ᠢ ᠨᠢ ᠬᠦᠪᠴᠢᠯᠡᠵᠥ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠵᠤ᠂ ᠰᠢᠨ᠎ᠡ ᠠᠮᠵᠢᠯᠲᠠ ᠪᠦᠲᠦᠮᠵᠢ ᠭᠠᠷᠭᠠᠬᠤ ᠪᠠᠷ ᠴᠢᠷᠮᠠᠶᠢᠬᠤ ᠥᠳᠭᠡᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠬᠡᠪᠡ᠃

      ᠰᠦᠨ ᠱᠤᠤ ᠴᠧᠩ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠳᠤ ᠪᠣᠳᠠᠲᠤ ᠠᠵᠢᠯᠯᠠᠭ᠎ᠠ ᠪᠠᠷ ᠢᠶᠠᠨ ᠬᠠᠷᠢᠭᠤᠯᠲᠠ ᠬᠢᠵᠦ᠂ ᠪᠣᠳᠠᠲᠤ ᠠᠮᠵᠢᠯᠲᠠ ᠪᠠᠷ ᠢᠶᠠᠨ ᠰᠢᠯᠭᠠᠯᠲᠠ ᠶᠢᠨ ᠬᠠᠭᠤᠳᠠᠰᠤ ᠪᠠᠨ ᠲᠤᠰᠢᠶᠠᠬᠤ ᠬᠡᠷᠡᠭᠲᠡᠢ᠃ ᠪᠦᠬᠦ ᠣᠷᠣᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢᠯᠠᠩᠭᠤᠶ᠎ᠠ ᠡᠯ᠎ᠡ ᠱᠠᠲᠤᠨ ᠤ ᠤᠳᠤᠷᠢᠳᠬᠤ ᠺᠠᠳ᠋ᠷ ᠳᠠᠩᠰᠠ ᠮᠡᠳᠡᠭᠦᠯᠬᠦ ᠤᠬᠠᠮᠰᠠᠷ᠂ ᠰᠢᠯᠭᠠᠯᠲᠠ ᠶᠢᠨ ᠬᠠᠭᠤᠳᠠᠰᠤ ᠲᠤᠰᠢᠶᠠᠬᠤ ᠤᠬᠠᠮᠰᠠᠷ᠂ ᠦᠷ᠎ᠡ ᠪᠦᠲᠦᠭᠡᠯ ᠤᠨ ᠤᠬᠠᠮᠰᠠᠷ ᠢᠶᠠᠨ ᠴᠢᠩᠭᠠᠳᠬᠠᠵᠤ᠂ ᠬᠡᠯᠡᠪᠡᠯ ᠳᠠᠷᠤᠢ ᠬᠢᠵᠦ᠂ ᠬᠡᠯᠡᠭᠰᠡᠨ ᠳᠠᠷᠤᠢ ᠳᠠᠭᠠᠨ ᠬᠢᠵᠦ᠂ ᠬᠢᠪᠡᠯ ᠰᠠᠶᠢᠲᠤᠷ ᠪᠡᠶᠡᠯᠡᠬᠦᠯᠵᠥ᠂ ᠨᠢᠳᠤᠨ ᠡᠮᠤᠨ᠎ᠡ ᠳᠤᠯᠭᠠᠷᠠᠭᠠᠳ ᠢᠷᠡᠬᠦ ᠶᠠᠪᠤᠳᠠᠯ ᠳᠤ ᠰᠢᠯᠲᠠᠭ ᠡᠷᠢᠬᠦ ᠦᠭᠡᠢ ᠪᠠᠷ ᠢᠯᠡᠭᠦᠬᠡᠨ ᠠᠷᠭ᠎ᠠ ᠪᠤᠳᠤᠵᠤ᠂ ︽ᠬᠢᠵᠦ ᠳᠡᠶᠢᠯᠬᠦ ᠦᠭᠡᠢ︾ ᠬᠡᠵᠥ ᠳᠤᠲᠠᠭᠤ ᠶᠠᠷᠢᠵᠤ᠂  ︽ᠶᠠᠭᠠᠬᠢᠵᠤ ᠬᠢᠬᠦ︾ ᠶᠢ ᠢᠯᠡᠭᠦᠬᠡᠨ ᠪᠣᠳᠣᠯᠬᠢᠯᠠᠵᠤ᠂ ᠡᠷᠡᠰ ᠰᠢᠭᠤᠷᠬᠠᠢ ᠠᠵᠢᠯᠯᠠᠵᠥ᠂ ᠬᠤᠷᠳᠤᠨ ᠮᠤᠷᠢᠨ ᠳᠤ ᠲᠠᠰᠢᠭᠤᠷ ᠨᠡᠮᠡᠬᠦ ᠰᠠᠶᠢᠨ ᠰᠤᠷᠲᠠᠯ ᠢᠶᠠᠷ ᠠᠵᠢᠯ ᠬᠢᠵᠦ ᠦᠢᠯᠡᠰ ᠴᠤᠬᠴᠠᠯᠠᠬᠤ ᠬᠤᠷᠳᠤᠴᠠ ᠶᠢ ᠲᠦᠷᠭᠡᠳᠭᠡᠵᠦ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠨᠠᠮ ᠤᠨ ᠭᠡᠰᠢᠭᠦᠨ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠰᠠᠶᠢᠨ ᠲᠦᠷᠢ ᠲᠥᠷᠬᠦ ᠶᠢ ᠱᠤᠭᠤᠬᠤ ᠬᠡᠷᠡᠭᠲᠡᠢ ᠬᠡᠪᠡ᠃

      ᠶᠡᠭᠡ ᠬᠤᠷᠠᠯ ᠰᠦᠷ ᠵᠢᠪᠬᠤᠯᠠᠩᠲᠤ ︽ᠢᠨᠲ᠋ᠧᠷᠨᠠᠼᠢᠣᠨᠠᠯ ᠤᠨ ᠳᠠᠭᠤᠤ︾ ᠶᠢᠨ ᠠᠶᠠᠰ ᠳᠤᠮᠳᠠ ᠠᠮᠵᠢᠯᠲᠠ ᠲᠠᠢ ᠲᠡᠭᠦᠰᠪᠡ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ