ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2022 ᠣᠨ ᠤ 18 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/7/1
      6 ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠡᠷᠭᠢᠯᠡᠵᠡᠶ᠃       ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠬᠤᠷᠢᠨ ᠵᠢᠷᠭᠤᠳᠤᠭᠠᠷ ᠤᠳᠠᠭ᠎ᠠ ᠶᠢᠨ ᠬᠤᠷᠠᠯ ᠳᠡᠭᠡᠷᠡᠬᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠶ ᠱᠦᠵᠢ ᠶᠢᠨ ᠳ᠋ᠠᠶᠢᠲ᠋ᠠ ᠶᠢᠨ ᠰᠠᠭᠤᠷᠢ ᠲᠦᠷᠢᠮ ᠢ ᠪᠠᠶᠢᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠦᠨᠡᠯᠡᠬᠦ ᠠᠵᠢᠯ ᠢ ᠰᠠᠶᠢᠲᠤᠷ ᠬᠢᠬᠦ᠂ ᠲᠣᠭᠠᠴᠠᠭ᠎ᠠ ᠬᠢᠬᠦ ᠲᠠᠪᠴᠠᠩ ᠤᠨ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠵᠡᠷᠭᠡ ᠶᠢᠨ ᠳᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠲᠥᠪ ᠤᠨ ᠥᠭᠡᠷᠡᠴᠢᠯᠡᠯᠲᠡ ᠶᠢᠨ ᠳᠤᠬᠠᠢ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠤᠶᠢᠯᠠᠭᠠᠨ ᠡᠵᠡᠮᠰᠢᠵᠦ᠂ ᠮᠠᠨ ᠤ ᠣᠷᠣᠨ ᠤ ᠪᠤᠳᠠᠳᠤ ᠪᠠᠶᠢᠳᠠᠯ ᠠᠴᠠ ᠡᠭᠦᠰᠴᠦ ᠪᠦᠲᠦᠭᠡᠯᠴᠢ ᠴᠢᠨᠠᠷᠲᠠᠶ ᠪᠠᠷ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃ ᠨᠢᠭᠡ ᠪᠦᠯᠦᠭ ᠲᠦᠷᠢᠮ ᠤᠨ ᠴᠢᠨᠠᠷᠲᠠᠶ᠂ ᠰᠠᠭᠤᠷᠢ ᠴᠢᠨᠠᠷᠲᠠᠶ᠂ ᠵᠢᠷᠤᠮᠵᠢᠯ ᠤᠨ ᠴᠢᠨᠠᠷᠲᠠᠶ ᠦᠷ᠎ᠡ ᠪᠦᠲᠦᠭᠡᠯ ᠭᠠᠷᠭᠠᠵᠤ᠂ ᠲᠣᠭᠠᠴᠢᠯᠠᠭᠰᠠᠨ ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ ᠶᠢᠨ ︽ᠨᠢᠷᠤᠭᠤ ᠲᠤᠯᠭᠠᠭᠤᠷᠢ︾ ᠶᠢ ᠪᠠᠶᠢᠭᠤᠯᠵᠤ᠂ ᠲᠣᠭᠠᠴᠢᠯᠠᠭᠰᠠᠨ ᠠᠵᠤ ᠠᠬᠤᠶ ᠶᠢᠨ ᠬᠥᠭᠵᠢᠯᠲᠡ ᠶᠢ ᠲᠦᠷᠭᠡᠳᠭᠡᠨ ᠠᠬᠢᠭᠤᠯᠬᠤ ᠬᠡᠷᠡᠭᠲᠡᠶ᠃︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠪᠠᠷ ᠭᠠᠷᠳᠠᠴᠠ ᠪᠣᠯᠭᠠᠵᠤ᠂ ᠴᠢᠳᠠᠪᠤᠷᠢᠲᠠᠨ ᠢ ᠦᠨᠡᠯᠡᠬᠦ ᠰᠢᠨᠵᠢᠯᠡᠬᠦ ᠤᠬᠠᠭᠠᠨᠴᠢ ᠰᠢᠰᠲ᠋ᠧᠮ ᠢ ᠲᠦᠷᠭᠡᠳᠭᠡᠨ ᠪᠠᠶᠢᠭᠤᠯᠵᠤ᠂ ᠨᠡᠩ ᠶᠡᠭᠡ ᠬᠦᠴᠦ ᠣᠷᠣᠭᠤᠯᠵᠤ ᠪᠠᠶᠢᠭᠠᠳ ᠮᠠᠨ ᠤ ᠣᠷᠣᠨ ᠤ ᠥᠨᠳᠥᠷ ᠬᠡᠪ ᠪᠣᠯᠪᠠᠰᠤᠷᠠᠯ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢ ᠴᠤᠬᠴᠠᠯᠠᠬᠤ ᠬᠡᠷᠡᠭᠲᠡᠢ᠃ ᠲᠣᠭᠠᠴᠠᠭ᠎ᠠ ᠬᠢᠬᠦ ᠲᠠᠪᠴᠠᠩ ᠤᠨ ᠠᠵᠤ ᠠᠬᠤᠶᠢᠯᠠᠯ ᠤᠨ ᠪᠥᠬᠦ ᠬᠡᠯᠬᠢᠶ᠎ᠠ ᠪᠥᠬᠦ ᠬᠦᠷᠢᠶ᠎ᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠮᠥᠩᠭᠦᠨ ᠭᠦᠶᠯᠭᠡᠭᠡᠨ ᠤ ᠦᠢᠯᠡᠴᠢᠯᠡᠭᠡ ᠬᠡᠪ ᠤᠨ ᠵᠠᠮ ᠳᠤ ᠤᠷᠤᠵᠤ᠂ ᠪᠣᠳᠠᠲᠤ ᠴᠣᠭᠴᠠ ᠳᠤ ᠦᠶᠯᠡᠴᠢᠯᠡᠬᠦ ᠶᠢ ᠠᠬᠢᠭᠤᠯᠬᠤ ᠬᠡᠷᠡᠭᠳᠡᠢ ᠭᠡᠵᠦ ᠴᠢᠬᠤᠯᠠᠴᠢᠯᠠᠪᠠ᠃       ᠬᠤᠷᠠᠯ ᠠᠴᠠ ᠡᠨᠧᠷᠭᠢ ᠶᠢᠨ ᠬᠤᠷᠣᠭᠳᠠᠯ ᠤᠨ ᠲᠠᠭᠠᠭᠠᠴᠠ ᠪᠣᠯᠤᠨ ᠶᠡᠷᠦᠩᠬᠡᠢ ᠬᠡᠮᠵᠢᠶᠡᠨ ᠤ ᠬᠤᠣᠰ ᠡᠵᠡᠮᠳᠡᠯ ᠢ ᠳᠡᠬᠦᠯᠳᠡᠷᠵᠢᠬᠦᠯᠬᠦ ᠲᠦᠷᠦ ᠶᠢᠨ ᠪᠤᠳᠤᠯᠭ᠎ᠠ ᠶᠢ ᠰᠤᠳᠤᠯᠵᠤ᠂ ᠭᠦᠢᠴᠡᠳᠭᠡᠯ ᠲᠤᠭ᠎ᠠ ᠶᠢ ᠴᠢᠩᠭ᠎ᠠ ᠡᠵᠡᠮᠳᠡᠵᠦ᠂ ᠲᠦᠷᠦᠯ ᠵᠦᠢᠯ ᠤᠨ ᠡᠨᠧᠷᠭᠢ ᠶᠢᠨ ᠬᠤᠷᠣᠭᠳᠠᠯ ᠤᠨ ᠲᠠᠭᠠᠭᠠᠴᠠ ᠶᠢᠨ ᠪᠠᠷᠢᠮᠵᠢᠶ᠎ᠡ ᠬᠡᠮᠵᠢᠭᠳᠡᠯ ᠢᠶᠠᠷ ᠠᠷᠠᠯᠵᠢᠶᠠᠴᠢᠨ ᠤᠷᠢᠵᠤ ᠪᠡᠯᠡ ᠮᠦᠩᠬᠦ ᠳᠠᠳᠠᠵᠥ ᠣᠷᠣᠭᠤᠯᠬᠤ ᠵᠢᠴᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠠᠲᠠᠭᠤ ᠬᠢᠵᠠᠭᠠᠷᠯᠠᠯ ᠪᠣᠯᠭᠠᠵᠤ᠂ ᠰᠢᠨ᠎ᠡ ᠪᠠᠷ ᠥᠭᠡᠷᠡᠴᠢᠯᠡᠨ ᠪᠠᠶᠢᠭᠤᠯᠬᠤ ᠥᠷᠭᠡᠳᠭᠡᠨ ᠪᠠᠶᠢᠭᠤᠯᠬᠤ ᠲᠦᠷᠦᠯ ᠵᠦᠢᠯ ᠢ ᠤᠷᠤᠭᠤᠯᠬᠤ ᠶᠢ ᠵᠥᠪᠰᠢᠶᠡᠷᠡᠬᠦ ᠪᠠᠷᠢᠮᠵᠢᠶ᠎ᠠ ᠶᠢ ᠰᠠᠶᠢᠲᠤᠷ ᠰᠠᠬᠢᠵᠤ᠂ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢ ᠬᠡᠷᠡᠭᠵᠢᠭᠦᠯᠬᠦ᠂ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠪᠡᠶᠡᠯᠡᠭᠦᠯᠬᠦ ᠶᠢ ᠭᠡᠳᠡᠷᠬᠦ ᠰᠢᠬᠠᠮᠳᠠᠭᠤᠯᠵᠤ᠂ ᠪᠦᠬᠦ ᠠᠷᠠᠳ ᠢᠶᠠᠷ ᠢᠶᠠᠨ ᠡᠨᠧᠷᠭᠢ ᠠᠷᠪᠢᠯᠠᠬᠤ ᠳᠤ ᠤᠷᠤᠯᠴᠠᠬᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠳᠤ ᠬᠤᠪᠢ ᠨᠡᠮᠡᠷᠢ ᠦᠵᠡᠬᠦᠯᠬᠦ ᠢᠳᠡᠪᠬᠢᠵᠢᠯ ᠰᠠᠨᠠᠭᠠᠴᠢᠯᠠᠭᠠᠲᠤ ᠴᠢᠨᠠᠷ ᠢ ᠳᠡᠭᠡᠭᠰᠢᠯᠡᠭᠦᠯᠬᠦ ᠶᠢ ᠬᠦᠳᠦᠯᠦᠨ ᠵᠢᠯᠣᠭᠤᠳᠴᠤ᠂ ᠡᠬᠢ ᠪᠠᠶᠠᠯᠢᠬ ᠢ ᠠᠷᠪᠢᠯᠠᠬᠤ ᠮᠠᠶ᠋ᠢᠬ ᠤᠨ᠂ ᠣᠷᠴᠢᠨ ᠲᠣᠭᠤᠷᠢᠨ ᠳᠤ ᠡᠶ᠎ᠡ ᠵᠤᠬᠢᠴᠠᠩᠭᠤᠢ ᠮᠠᠶ᠋ᠢᠬ ᠤᠨ ᠨᠡᠶᠢᠭᠡᠮ ᠢ ᠢᠳᠡᠪᠬᠢᠲᠡᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ