ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠥᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠭᠤᠤᠯᠳᠠᠯᠭ᠎ᠠ ᠲᠠᠢ ᠠᠵᠢᠯ ᠤᠳ ᠢ ᠠᠬᠢᠭᠤᠯᠬᠤ ᠲᠧᠯᠸᠢᠰ ᠤᠲᠠᠰᠤᠲᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/7/1
      6 ᠳ᠋ᠤᠭᠠᠷ ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠠᠩ ᠱᠣᠤ ᠴᠦᠨ ᠲᠧᠯᠸᠢᠰ ᠤᠲᠠᠰᠤᠲᠤ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠭᠤᠤᠯᠳᠠᠯᠭ᠎ᠠ ᠲᠠᠢ ᠠᠵᠢᠯ ᠤᠳ ᠢ ᠰᠤᠳᠤᠯᠤᠨ ᠪᠠᠶᠢᠷᠢᠯᠠᠭᠤᠯᠵᠠᠢ᠃      ᠬᠤᠷᠠᠯ ᠳᠤ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠶᠡᠷᠦᠩᠬᠡᠢ ᠱᠦᠵᠢ ᠰᠢ ᠶᠢᠨ ᠫᠢᠩ ᠤᠨ ︽ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠢ ᠶᠢ ᠲᠣᠭᠲᠠᠪᠤᠷᠢᠵᠢᠭᠤᠯᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠲᠤᠬᠠᠢ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠵᠢᠯ ᠤᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠠᠲᠤᠳᠬᠠᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠳᠤᠪᠤᠶᠢᠮ᠎ᠠ ᠠᠰᠠᠭᠤᠳᠠᠯ ᠤᠳ ᠢ ᠬᠦᠴᠦᠯᠡᠨ ᠰᠢᠢᠳᠪᠦᠷᠢᠯᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠰᠠᠶᠢᠨ ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ ᠬᠡᠷ ᠪᠠᠶᠢᠰᠢᠩ ᠬᠥᠷᠥᠩᠭᠡ ᠶᠢᠨ ᠲᠣᠬᠢᠷᠠᠭᠤᠯᠤᠯᠲᠠ ᠡᠵᠡᠮᠳᠡᠯ ᠤᠨ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠪᠠᠲᠤᠯᠠᠵᠤ᠂ ᠬᠤᠲᠠ ᠶᠢᠨ ᠪᠠᠶᠢᠳᠠᠯ ᠳᠤ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠬᠦᠭᠵᠢᠯᠲᠡ ᠶᠢ ᠠᠬᠢᠭᠤᠯᠬᠤ ᠬᠡᠷᠡᠭᠲᠡᠢ᠃ ᠥᠪᠡᠷᠲᠡᠭᠡᠨ ᠪᠠᠶᠢᠭᠤᠯᠤᠭᠰᠠᠨ ᠬᠡᠷ ᠪᠠᠶᠢᠰᠢᠩ ᠪᠠ ᠬᠤᠲᠠ ᠪᠠᠯᠭᠠᠰᠤᠨ ᠤ ᠰᠢᠲᠠᠮᠠᠬᠠᠶ ᠬᠡᠶ ᠶᠢᠨ ᠠᠮᠤᠷ ᠲᠦᠪᠰᠢᠨ ᠤ ᠴᠡᠭᠴᠡᠯᠡᠨ ᠵᠠᠰᠠᠯᠲᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠬᠦᠨᠳᠦ ᠣᠨᠴᠠ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠶ᠃ ᠬᠤᠲᠠ ᠪᠠᠯᠭᠠᠰᠤᠨ ᠤ ᠳᠤᠯᠠᠭᠠᠯᠠᠭ᠎ᠠ ᠬᠠᠩᠭᠠᠬᠤ ᠪᠠᠲᠤᠯᠠᠭ᠎ᠠ ᠶᠢᠨ ᠠᠵᠢᠯ ᠢ ᠴᠢᠩᠭᠠᠳᠬᠠᠨ᠂ ᠣᠯᠠᠨ ᠲᠦᠮᠡᠨ ᠤ ᠬᠠᠯᠠᠭᠤᠨ ᠳᠤᠯᠠᠭᠠᠬᠠᠨ ᠡᠪᠦᠯᠵᠢᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠪᠠᠷᠢᠯᠭ᠎ᠠ ᠶᠢᠨ ᠦᠢᠯᠡᠰ ᠤᠨ ᠬᠥᠭᠵᠢᠯᠲᠡ ᠶᠢᠨ ᠠᠷᠭ᠎ᠠ ᠬᠡᠯᠪᠡᠷᠢ ᠶᠢ ᠬᠦᠴᠦᠯᠡᠨ ᠬᠤᠪᠢᠷᠠᠭᠤᠯᠵᠤ᠂ ᠬᠤᠳᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠵᠣᠬᠢᠰᠲᠠᠢ ᠪᠠᠷ ᠤᠷᠢᠳᠴᠢᠯᠠᠨ ᠲᠥᠯᠥᠪᠵᠢᠭᠦᠯᠵᠦ᠂ ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ