ᠪᠦᠬᠦ ᠣᠷᠣᠨ ᠤ ᠭᠤᠷᠪᠠᠳᠤᠭᠠᠷ ᠤᠳᠠᠭᠠᠨ ᠤ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2022/7/12
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ          ᠥᠪᠥᠷ ᠵᠠᠰᠠᠭ ᠲᠠᠷᠬᠠᠭᠠᠭᠰᠠᠨ ︹2022︺11 ᠳ᠋ᠦ᠋ᠭᠡᠷ ᠲᠣᠭᠠᠲᠤ      ᠪᠦᠬᠦ ᠣᠷᠣᠨ ᠤ ᠭᠤᠷᠪᠠᠳᠤᠭᠠᠷ ᠤᠳᠠᠭᠠᠨ ᠤ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ      ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠬᠤᠯᠪᠣᠭᠳᠠᠯ ᠪᠦᠬᠦᠢ ᠠᠵᠢᠯ ᠦᠢᠯᠡᠰ ᠤᠨ ᠨᠢᠭᠡᠴᠢ ᠳᠤ᠄      ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠥᠬᠦᠶ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ︽ᠭᠤᠷᠪᠠᠳᠤᠭᠠᠷ ᠤᠳᠠᠭᠠᠨ ᠤ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ ᠲᠠᠷᠬᠠᠭᠠᠭᠰᠠᠨ ︹ 2022︺ 4 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠪᠥᠬᠦ ᠣᠷᠣᠨ ᠤ ᠬᠥᠷᠥᠰᠥ ᠰᠢᠷᠣᠶ ᠶᠢᠨ ᠡᠬᠢ ᠪᠠᠶᠠᠯᠢᠭ ᠤᠨ ᠪᠠᠶᠢᠳᠠᠯ ᠪᠠ ᠬᠥᠷᠥᠰᠥ ᠰᠢᠷᠣᠶ ᠶᠢᠨ ᠶᠠᠰᠤ ᠴᠢᠨᠠᠷ ᠤᠨ ᠬᠤᠪᠢᠷᠠᠯᠲᠠ ᠶᠢᠨ ᠬᠠᠨᠳᠤᠰᠢ ᠵᠡᠷᠭᠡ ᠪᠠᠶᠢᠳᠠᠯ ᠢ ᠪᠥᠬᠦ ᠲᠠᠯ᠎ᠠ ᠪᠠᠷ ᠡᠵᠡᠮᠰᠢᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ 2022 ᠣᠨ ᠠᠴᠠ ᠡᠬᠢᠯᠡᠨ ᠪᠥᠬᠦ ᠣᠷᠣᠨ ᠤ ᠭᠤᠷᠪᠠᠳᠤᠭᠠᠷ ᠤᠳᠠᠭᠠᠨ ᠤ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ ᠥᠷᠨᠢᠭᠦᠯᠬᠦ ᠪᠠᠷ ᠲᠣᠭᠲᠠᠪᠠ᠃ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠄      ᠨᠢᠭᠡ᠂ ᠨᠡᠶᠢᠳᠡᠮ ᠪᠠᠶᠢᠴᠠᠭᠠᠯᠲᠠ ᠶᠢᠨ ᠶᠡᠷᠦᠩᠬᠡᠶ ᠱᠠᠭᠠᠷᠳᠠᠯᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠬᠤᠷᠢᠶᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠪᠦᠬᠦ ᠲᠠᠯᠠᠲᠤ ᠴᠢᠨᠠᠷ᠂ ᠰᠢᠨᠵᠢᠯᠡᠬᠦ ᠤᠬᠠᠭᠠᠨᠴᠢ ᠴᠢᠨᠠᠷ᠂ ᠲᠤᠰᠬᠠᠶ ᠮᠡᠷᠭᠡᠵᠢᠯ ᠤᠨ ᠴᠢᠨᠠᠷ ᠤᠨ ᠵᠠᠷᠴᠢᠮ ᠢ ᠵᠢᠷᠤᠮᠯᠠᠨ᠂ ᠨᠢᠭᠡᠨᠲᠡ ᠣᠯᠤᠭᠰᠠᠨ ᠦᠷ᠎ᠡ ᠪᠦᠲᠦᠭᠡᠯ ᠲᠠᠢ ᠪᠠᠨ ᠵᠣᠯᠭᠠᠭᠤᠯᠵᠤ᠂ ︽ᠨᠢᠭᠡᠳᠦᠯᠲᠡᠶ ᠤᠳᠤᠷᠢᠳᠬᠤ᠂ ᠰᠠᠯᠠᠭ᠎ᠠ ᠮᠥᠴᠢᠷ ᠤᠳ ᠬᠠᠮᠵᠢᠯᠴᠠᠬᠤ᠂ ᠱᠠᠲᠤ ᠬᠤᠪᠢᠶᠠᠨ ᠬᠠᠷᠢᠭᠤᠴᠠᠬᠤ᠂ ᠡᠯ᠎ᠡ ᠲᠠᠯ᠎ᠠ ᠶᠢᠨ ᠬᠢᠨ ᠣᠷᠣᠯᠴᠠᠬᠤ︾ ᠱᠠᠭᠠᠷᠳᠠᠯᠭ᠎ᠠ ᠶᠣᠰᠤᠭᠠᠷ᠂ ᠮᠠᠨ ᠤ ᠣᠷᠣᠨ ᠤ ᠬᠥᠷᠥᠰᠥ ᠰᠢᠷᠣᠶ ᠶᠢᠨ ᠲᠥᠷᠥᠯ ᠵᠦᠢᠯ ᠵᠢᠴᠢ ᠲᠠᠷᠬᠠᠯᠲᠠ ᠶᠢᠨ ᠵᠢᠮ᠎ᠡ ᠶᠣᠰᠣ᠂ ᠬᠦᠷᠦᠰᠦ ᠰᠢᠷᠤᠢ ᠶᠢᠨ ᠡᠬᠢ ᠪᠠᠶᠠᠯᠢᠭ ᠤᠨ ᠣᠳᠣᠬᠢ ᠪᠠᠶᠢᠳᠠᠯ ᠵᠢᠴᠢ ᠬᠤᠪᠢᠷᠠᠯᠲᠠ ᠶᠢᠨ ᠬᠠᠨᠳᠤᠰᠢ ᠶᠢ ᠪᠦᠬᠦ ᠲᠠᠯ᠎ᠠ ᠪᠠᠷ ᠪᠠᠶᠢᠴᠠᠭᠠᠨ ᠲᠣᠳᠣᠯᠠᠵᠤ᠂ ᠬᠦᠷᠦᠰᠦ ᠰᠢᠷᠤᠢ ᠶᠢᠨ ᠶᠠᠰᠤ ᠴᠢᠨᠠᠷ᠂ ᠰᠢᠨᠵᠢ ᠪᠠᠶᠢᠳᠠᠯ ᠪᠠ ᠠᠰᠢᠭᠯᠠᠭᠰᠠᠨ ᠪᠠᠶᠢᠳᠠᠯ ᠵᠡᠷᠭᠡ ᠶᠢ ᠦᠨᠡᠨ ᠪᠦᠭᠡᠳ ᠣᠨᠣᠪᠴᠢᠲᠠᠶ ᠡᠵᠡᠮᠰᠢᠵᠦ᠂ ᠬᠥᠷᠥᠰᠥ ᠰᠢᠷᠣᠶ ᠶᠢᠨ ᠡᠬᠢ ᠪᠠᠶᠠᠯᠢᠭ ᠢ ᠬᠠᠮᠠᠭᠠᠯᠠᠬᠤ ᠪᠠ ᠠᠰᠢᠭᠯᠠᠬᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠲᠠᠷᠢᠶᠠᠯᠠᠬᠤ ᠭᠠᠵᠠᠷ ᠤᠨ ᠤᠯᠠᠭᠠᠨ ᠱᠤᠭᠤᠮ ᠢ ᠰᠠᠬᠢᠬᠤ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠳᠤ ᠪᠠᠲᠤ ᠪᠠᠬᠢ ᠰᠠᠭᠤᠷᠢ ᠲᠠᠯᠪᠢᠵᠤ᠂ ᠲᠠᠷᠢᠶᠠᠯᠠᠩ ᠮᠠᠯ ᠠᠵᠤ ᠠᠬᠤᠶ ᠪᠠ ᠲᠠᠷᠢᠶᠠᠯᠠᠬᠤ ᠮᠠᠯᠵᠢᠬᠤ ᠣᠷᠣᠨ ᠤ ᠣᠳᠣᠬᠢᠴᠢᠯᠠᠯᠲᠠ ᠶᠢ ᠲᠦᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃      ᠬᠤᠶᠠᠷ᠂ ᠨᠡᠶᠢᠳᠡᠮ ᠪᠠᠶᠢᠴᠠᠭᠠᠬᠤ ᠵᠦᠢᠯ ᠬᠢᠭᠡᠳ ᠠᠭᠤᠯᠭ᠎ᠠ      ᠨᠡᠶᠢᠳᠡᠮ ᠪᠠᠶᠢᠴᠠᠭᠠᠯᠲᠠ ᠳᠤ ᠨᠡᠶᠢᠳᠡᠮ ᠪᠠᠶᠢᠴᠠᠭᠠᠬᠤ ᠵᠦᠢᠯ ᠪᠣᠯ ᠪᠦᠬᠦ ᠣᠷᠣᠨ ᠤ ᠲᠠᠷᠢᠶᠠᠯᠠᠬᠤ ᠭᠠᠵᠠᠷ᠂ ᠴᠡᠴᠡᠷᠯᠢᠭ ᠤᠨ ᠭᠠᠵᠠᠷ᠂ ᠣᠶᠢᠲᠤ ᠭᠠᠵᠠᠷ᠂ ᠡᠪᠡᠰᠦᠲᠦ ᠭᠠᠵᠠᠷ ᠵᠡᠷᠭᠡ ᠲᠠᠷᠢᠶᠠᠯᠠᠩ ᠳᠤ ᠬᠡᠷᠡᠭᠯᠡᠬᠦ ᠭᠠᠵᠠᠷ ᠪᠠ ᠠᠰᠢᠭᠯᠠᠭᠠᠳᠤᠶ ᠬᠡᠰᠡᠭ ᠭᠠᠵᠠᠷ ᠤᠨ ᠬᠥᠷᠥᠰᠥ ᠰᠢᠷᠣᠶ ᠪᠣᠯᠤᠨ᠎ᠠ᠃ ᠡᠭᠦᠨ ᠳᠤ᠂ ᠣᠶᠢᠲᠤ ᠭᠠᠵᠠᠷ᠂ ᠡᠪᠡᠰᠦᠳᠦ ᠭᠠᠵᠠᠷ ᠲᠤ ᠪᠣᠯ ᠢᠳᠡᠭᠡᠨ ᠤ ᠦᠢᠯᠡᠳᠪᠦᠷᠢᠯᠡᠯ ᠯᠦᠭᠡ ᠬᠠᠮᠢᠶᠠᠳᠤᠭᠰᠠᠨ ᠭᠠᠵᠠᠷ ᠰᠢᠷᠣᠶ ᠶᠢ ᠭᠤᠣᠯᠳᠠᠯᠭ᠎ᠠ ᠲᠠᠢ ᠪᠠᠶᠢᠴᠠᠭᠠᠵᠤ᠂ ᠠᠰᠢᠭᠯᠠᠭᠠᠳᠤᠶ ᠭᠠᠵᠠᠷ ᠲᠤ ᠪᠣᠯ ᠬᠠᠭᠠᠯᠪᠤᠷᠢᠯᠠᠵᠤ ᠪᠣᠯᠬᠤ ᠲᠠᠷᠢᠶᠠᠨ ᠭᠠᠵᠠᠷ ᠤᠨ ᠡᠬᠢ ᠪᠠᠶᠠᠯᠢᠭ ᠯᠦᠭᠡ ᠬᠠᠮᠢᠶᠠᠳᠤᠭᠰᠠᠨ ᠭᠠᠵᠠᠷ ᠰᠢᠷᠣᠶ᠂ ᠵᠢᠱᠢᠶᠡᠯᠡᠪᠡᠯ ᠬᠤᠵᠢᠷᠯᠢᠭ ᠭᠠᠵᠠᠷ ᠵᠡᠷᠭᠡ ᠶᠢ ᠭᠤᠣᠯᠳᠠᠯᠭ᠎ᠠ ᠲᠠᠢ ᠪᠠᠶᠢᠴᠠᠭᠠᠨ᠎ᠠ᠃      ᠨᠡᠶᠢᠳᠡᠮ ᠪᠠᠶᠢᠴᠠᠭᠠᠯᠲᠠ ᠶᠢᠨ ᠠᠭᠤᠯᠭ᠎ᠠ ᠳᠤ ᠳᠥᠷᠪᠡᠨ ᠲᠠᠯ᠎ᠠ ᠪᠠᠭᠲᠠᠨ᠎ᠠ᠄ ᠨᠢᠭᠡ ᠳᠤ ᠬᠥᠷᠥᠰᠥ ᠰᠢᠷᠣᠶ ᠶᠢᠨ ᠰᠢᠨᠵᠢ ᠪᠠᠶᠢᠳᠠᠯ ᠤᠨ ᠨᠡᠶᠢᠳᠡᠮ ᠪᠠᠶᠢᠴᠠᠭᠠᠯᠲᠠ ᠪᠣᠯᠤᠨ᠎ᠠ᠂ ᠡᠭᠦᠨ ᠳᠤ ᠬᠡᠭᠡᠷ᠎ᠡ ᠭᠠᠳᠠᠨᠠᠬᠢ ᠬᠥᠷᠥᠰᠥ ᠰᠢᠷᠣᠶ ᠶᠢᠨ ᠥᠩᠭᠡᠨ ᠳᠠᠪᠬᠤᠷᠭ᠎ᠠ ᠶᠢᠨ ᠦᠯᠢᠭᠡᠷ ᠶᠠᠩᠵᠤ ᠶᠢ ᠴᠤᠭᠯᠠᠭᠤᠯᠬᠤ ᠪᠠ ᠬᠥᠷᠥᠰᠥ ᠰᠢᠷᠣᠶ ᠶᠢᠨ ᠹᠢᠽᠢᠺ ᠬᠢᠮᠢ ᠶᠢᠨ ᠬᠤᠪᠢᠷᠠᠯᠲᠠ ᠭᠠᠷᠤᠭᠰᠠᠨ ᠰᠢᠨᠵᠢ ᠪᠠᠶᠢᠳᠠᠯ᠂ ᠠᠮᠢᠳᠤ ᠪᠣᠳᠠᠰ ᠤᠨ ᠰᠢᠨᠵᠢ ᠪᠠᠶᠢᠳᠠᠯ ᠤᠨ ᠭᠦᠢᠴᠡᠳᠭᠡᠯ ᠲᠤᠭ᠎ᠠ ᠶᠢ ᠵᠠᠳᠠᠯᠵᠤ ᠰᠢᠨᠵᠢᠯᠡᠨ ᠰᠢᠯᠭᠠᠬᠤ ᠵᠡᠷᠭᠡ ᠪᠠᠭᠲᠠᠨ᠎ᠠ︔ ᠬᠤᠶᠠᠷ ᠲᠤ ᠬᠥᠷᠥᠰᠥ ᠰᠢᠷᠣᠶ ᠶᠢᠨ ᠲᠥᠷᠥᠯ ᠬᠡᠯᠪᠡᠷᠢ ᠶᠢᠨ ᠨᠡᠶᠢᠳᠡᠮ ᠪᠠᠶᠢᠴᠠᠭᠠᠯᠲᠠ ᠪᠣᠯᠣᠨ᠎ᠠ᠂ ᠡᠭᠦᠨ ᠳᠤ ᠭᠤᠤᠯ ᠪᠣᠯᠬᠤ ᠬᠥᠷᠥᠰᠥ ᠰᠢᠷᠣᠶ ᠶᠢᠨ ᠲᠥᠷᠥᠯ ᠵᠦᠢᠯ ᠤᠨ ᠣᠭᠲᠣᠯᠤᠭᠠᠰᠤ ᠶᠢ ᠠᠵᠢᠭᠯᠠᠨ ᠰᠢᠨᠵᠢᠬᠦ᠂ ᠥᠯᠢᠭᠡᠷ ᠠᠪᠴᠤ ᠰᠢᠨᠵᠢᠯᠡᠨ ᠰᠢᠯᠭᠠᠬᠤ ᠵᠡᠷᠭᠡ ᠶᠢ ᠪᠠᠭᠲᠠᠭᠠᠵᠤ᠂ ᠬᠥᠷᠥᠰᠥ ᠰᠢᠷᠣᠶ ᠶᠢᠨ ᠲᠥᠷᠥᠯ ᠵᠦᠢᠯ ᠢ ᠨᠥᠬᠦᠪᠥᠷᠢᠯᠡᠨ ᠲᠡᠭᠦᠯᠳᠡᠷᠵᠢᠭᠦᠯᠦᠨ᠎ᠡ︔ ᠭᠤᠷᠪᠠ ᠳᠤ ᠬᠥᠷᠥᠰᠥ ᠰᠢᠷᠣᠶ ᠶᠢᠨ ᠲᠣᠭᠤᠷᠢᠨ ᠤ ᠨᠥᠬᠦᠴᠡᠯ ᠪᠣᠯᠣᠮᠵᠢ ᠶᠢᠨ ᠨᠡᠶᠢᠳᠡᠮ ᠪᠠᠶᠢᠴᠠᠭᠠᠯᠲᠠ ᠪᠣᠯᠣᠨ᠎ᠠ᠂ ᠡᠭᠦᠨ ᠳᠤ ᠭᠠᠵᠠᠷ ᠤᠨ ᠪᠠᠶᠢᠴᠠ ᠭᠠᠵᠠᠷ ᠤᠨ ᠭᠠᠳᠠᠷᠭᠤ ᠶᠢᠨ ᠪᠠᠶᠢᠳᠠᠯ᠂ ᠤᠷᠭᠤᠮᠠᠯ ᠤᠨ ᠬᠤᠴᠢᠯᠭ᠎ᠠ ᠶᠢᠨ ᠲᠥᠷᠥᠯ ᠬᠡᠯᠪᠡᠷᠢ᠂ ᠠᠭᠤᠷ ᠠᠮᠢᠰᠬᠤᠯ᠂ ᠤᠰᠤᠨ ᠤ ᠭᠠᠵᠠᠷ ᠰᠢᠨᠵᠢᠯᠡᠭᠡ ᠵᠡᠷᠭᠡ ᠪᠠᠭᠲᠠᠨ᠎ᠠ︔ ᠳᠥᠷᠪᠡ ᠳᠤ ᠭᠠᠵᠠᠷ ᠰᠢᠷᠤᠢ ᠶᠢᠨ ᠠᠰᠢᠭᠯᠠᠯᠲᠠ ᠶᠢᠨ ᠪᠠᠶᠢᠳᠠᠯ ᠤᠨ ᠨᠡᠶᠢᠳᠡᠮ ᠪᠠᠶᠢᠴᠠᠭᠠᠯᠲᠠ ᠪᠣᠯᠣᠨ᠎ᠠ᠂ ᠡᠭᠦᠨ ᠳᠤ ᠰᠠᠭᠤᠷᠢ ᠪᠡᠯᠡᠳᠬᠡᠮᠵᠢ ᠶᠢᠨ ᠨᠥᠬᠦᠴᠡᠯ᠂ ᠲᠠᠷᠢᠮᠠᠯ ᠲᠠᠷᠢᠬᠤ ᠳᠦᠷᠢᠮ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠬᠢᠷᠢ ᠬᠡᠮᠵᠢᠶ᠎ᠡ ᠵᠡᠷᠭᠡ ᠪᠠᠭᠲᠠᠨ᠎ᠠ᠃      ᠭᠤᠷᠪᠠ᠂ ᠨᠡᠶᠢᠳᠡᠮ ᠪᠠᠶᠢᠴᠠᠭᠠᠬᠤ ᠴᠠᠭ ᠤᠨ ᠲᠣᠬᠢᠷᠠᠭᠤᠯᠤᠯᠲᠠ      2022 ᠣᠨ ᠳᠤ᠂ ᠪᠥᠬᠦ ᠣᠷᠣᠨ ᠤ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠬᠡᠷᠡᠭᠵᠢᠭᠦᠯᠬᠦ ᠲᠥᠰᠦᠯ᠂ ᠣᠨ ᠤ ᠲᠤᠷᠰᠢᠯᠲᠠ ᠶᠢᠨ ᠴᠡᠭ ᠤᠨ ᠲᠥᠰᠦᠯ ᠪᠠ ᠬᠤᠵᠢᠷᠯᠢᠭ ᠭᠠᠵᠠᠷ ᠤᠨ ᠨᠡᠶᠢᠳᠡᠮ ᠪᠠᠶᠢᠴᠠᠭᠠᠯᠲᠠ ᠶᠢᠨ ᠲᠥᠰᠦᠯ ᠢ ᠲᠣᠭᠲᠠᠭᠠᠨ᠎ᠠ︔ ᠬᠥᠯᠥᠨ ᠪᠤᠶᠢᠷ ᠬᠤᠲᠠ ᠶᠢᠨ ᠵᠠᠯᠠᠨ ᠠᠶᠢᠯ ᠬᠤᠲᠠ᠂ ᠲᠦᠩᠯᠢᠶᠣᠤ ᠬᠤᠲᠠ ᠶᠢᠨ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ᠂ ᠤᠯᠠᠭᠠᠨᠬᠠᠳᠠ ᠬᠤᠲᠠ ᠶᠢᠨ ᠪᠠᠭᠠᠷᠢᠨ ᠪᠠᠷᠠᠭᠤᠨ ᠬᠤᠰᠢᠭᠤ᠂ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ ᠪᠠᠶᠠᠨᠨᠠᠭᠤᠷ ᠬᠤᠲᠠ ᠶᠢᠨ ᠦᠶᠤᠸᠠᠨ ᠰᠢᠶᠠᠨ ᠢ ᠵᠣᠬᠢᠶᠠᠨ ᠪᠠᠶᠢᠭᠤᠯᠵᠤ ᠪᠠᠶᠢᠭᠠᠳ ᠲᠤᠷᠰᠢᠯᠲᠠ ᠶᠢᠨ ᠴᠡᠭ ᠤᠨ ᠨᠡᠶᠢᠳᠡᠮ ᠪᠠᠶᠢᠴᠠᠭᠠᠯᠲᠠ ᠶᠢᠨ ᠡᠭᠦᠷᠭᠡ ᠶᠢ ᠪᠡᠶᠡᠯᠡᠭᠦᠯᠦᠨ᠎ᠡ︔ ᠪᠦᠬᠦ ᠣᠷᠣᠨ ᠤ ᠬᠤᠵᠢᠷᠯᠢᠭ ᠭᠠᠵᠠᠷ ᠤᠨ ᠨᠡᠶᠢᠳᠡᠮ ᠪᠠᠶᠢᠴᠠᠭᠠᠯᠲᠠ ᠶᠢ ᠡᠬᠢᠯᠡᠭᠦᠯᠬᠦ ᠶᠢᠨ ᠬᠠᠮᠲᠤ ᠪᠡᠶᠡᠯᠡᠭᠦᠯᠦᠨ᠎ᠡ᠃      2023 - 2024 ᠣᠨ ᠪᠣᠯᠲᠠᠯ᠎ᠠ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠪᠥᠬᠦ ᠲᠠᠯ᠎ᠠ ᠪᠠᠷ ᠦᠷᠨᠢᠭᠦᠯᠵᠦ᠂ ᠣᠯᠠᠨ ᠳᠡᠰ ᠳᠠᠪᠬᠤᠷᠭ᠎ᠠ ᠶᠢᠨ ᠮᠡᠷᠭᠡᠵᠢᠯ ᠤᠨ ᠳᠠᠳᠤᠯᠭ᠎ᠠ ᠪᠣᠯᠪᠠᠰᠤᠷᠠᠭᠤᠯᠤᠯ ᠤᠨ ᠵᠢᠯᠣᠭᠤᠳᠣᠯᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠡᠭᠡᠷ᠎ᠡ ᠶᠢᠨ ᠠᠵᠢᠯ ᠤᠨ ᠪᠠᠶᠢᠴᠠᠭᠠᠯᠲᠠ ᠬᠢᠵᠦ ᠥᠯᠢᠭᠡᠷ ᠠᠪᠬᠤ ᠪᠠ ᠦᠷᠦᠭᠡᠨ ᠤ ᠠᠵᠢᠯ ᠤᠨ ᠬᠡᠮᠵᠢᠨ ᠲᠣᠷᠰᠢᠵᠤ ᠰᠢᠨᠵᠢᠯᠡᠨ ᠰᠢᠯᠭᠠᠬᠤ ᠠᠵᠢᠯ ᠢ ᠪᠡᠶᠡᠯᠡᠭᠦᠯᠦᠨ᠂ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠳ᠋ᠠᠶᠢᠲ᠋ᠠ ᠬᠥᠮᠥᠷᠭᠡ ᠬᠢᠭᠡᠳ ᠥᠯᠢᠭᠡᠷ ᠬᠡᠪ ᠤᠨ ᠬᠥᠮᠥᠷᠭᠡ ᠶᠢᠨ ᠪᠠᠶᠢᠭᠤᠯᠤᠯᠲᠠ ᠶᠢ ᠥᠷᠨᠢᠭᠦᠯᠵᠦ᠂ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠭᠡᠯ ᠢ ᠪᠣᠶ ᠪᠣᠯᠭᠠᠨ᠎ᠠ᠃ ᠬᠡᠭᠡᠷ᠎ᠡ ᠶᠢᠨ ᠠᠵᠢᠯ ᠤᠨ ᠪᠠᠶᠢᠴᠠᠭᠠᠯᠲᠠ ᠬᠢᠵᠦ ᠥᠯᠢᠭᠡᠷ ᠠᠪᠬᠤ᠂ ᠦᠷᠦᠭᠡᠨ ᠤ ᠠᠵᠢᠯ ᠤᠨ ᠬᠡᠮᠵᠢᠨ ᠲᠤᠷᠰᠢᠵᠤ ᠰᠢᠨᠵᠢᠯᠡᠨ ᠰᠢᠯᠭᠠᠬᠤ ᠴᠠᠭ ᠢ 2024 ᠣᠨ ᠤ 11 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ ᠬᠢᠵᠠᠭᠠᠷᠯᠠᠨ᠎ᠠ᠃      2025 ᠣᠨ ᠤ ᠳᠡᠭᠡᠷ᠎ᠡ ᠬᠠᠭᠠᠰ ᠵᠢᠯ ᠳᠤ᠂ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠢ ᠡᠮᠬᠢᠯᠡᠬᠦ᠂ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ᠂ ᠪᠢᠴᠢᠵᠦ ᠣᠷᠣᠭᠤᠯᠬᠤ ᠵᠡᠷᠭᠡ ᠠᠵᠢᠯ ᠢ ᠪᠡᠶᠡᠯᠡᠭᠦᠯᠵᠦ᠂ ᠭᠤᠷᠪᠠᠳᠤᠭᠠᠷ ᠤᠳᠠᠭᠠᠨ ᠤ ᠪᠥᠬᠦ ᠣᠷᠣᠨ ᠤ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠦᠨᠳᠦᠰᠦᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠨ ᠪᠦᠷᠢᠯᠳᠦᠭᠦᠯᠦᠨ᠎ᠡ︔ ᠳᠣᠣᠷ᠎ᠠ ᠬᠠᠭᠠᠰ ᠵᠢᠯ ᠳᠤ᠂ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠢ ᠰᠢᠯᠭᠠᠨ ᠬᠤᠷᠢᠶᠠᠬᠤ᠂ ᠬᠤᠷᠢᠶᠠᠩᠭᠤᠶᠢᠯᠠᠵᠤ ᠲᠤᠰᠢᠶᠠᠬᠤ ᠪᠠ ᠳ᠋ᠦᠩᠨᠡᠬᠦ ᠶᠢ ᠪᠡᠶᠡᠯᠡᠭᠦᠯᠵᠦ᠂ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠳ᠋ᠠᠶᠢᠲ᠋ᠠ ᠬᠥᠮᠥᠷᠭᠡ ᠬᠢᠭᠡᠳ ᠦᠯᠢᠭᠡᠷ ᠬᠡᠪ ᠤᠨ ᠬᠥᠮᠥᠷᠭᠡ ᠶᠢ ᠪᠠᠶᠢᠭᠤᠯᠤᠨ᠂ ᠪᠦᠬᠦ ᠣᠷᠣᠨ ᠤ ᠲᠠᠷᠢᠶᠠᠯᠠᠬᠤ ᠭᠠᠵᠠᠷ ᠤᠨ ᠶᠠᠰᠤ ᠴᠢᠨᠠᠷ ᠤᠨ ᠮᠡᠳᠡᠭᠦᠯᠦᠯᠲᠡ ᠪᠠ ᠪᠦᠬᠦ ᠣᠷᠣᠨ ᠤ ᠬᠥᠷᠥᠰᠥ ᠰᠢᠷᠣᠶ ᠶᠢᠨ ᠠᠰᠢᠭᠯᠠᠯᠲᠠ ᠶᠢᠨ ᠵᠣᠬᠢᠴᠠᠬᠤ ᠴᠢᠨᠠᠷ ᠢ ᠦᠨᠡᠯᠡᠭᠰᠡᠨ ᠮᠡᠳᠡᠭᠦᠯᠦᠯᠲᠡ ᠶᠢ ᠪᠣᠢ ᠪᠣᠯᠭᠠᠨ᠎ᠠ᠃      ᠳᠥᠷᠪᠡ᠂ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ ᠬᠡᠷᠡᠭᠵᠢᠭᠦᠯᠬᠦ      ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠪᠣᠯ ᠤᠯᠤᠰ ᠤᠨ ᠪᠠᠶᠢᠳᠠᠯ ᠪᠠ ᠤᠯᠤᠰ ᠤᠨ ᠬᠦᠴᠦᠨ ᠤ ᠲᠣᠬᠠᠢ ᠨᠢᠭᠡᠨ ᠴᠢᠬᠤᠯᠠ ᠪᠠᠶᠢᠴᠠᠭᠠᠯᠲᠠ ᠪᠣᠯᠬᠤ ᠪᠥᠭᠡᠳ ᠬᠤᠯᠪᠣᠭᠳᠠᠬᠤ ᠬᠡᠪᠴᠢᠶ᠎ᠡ ᠨᠢ ᠥᠷᠭᠡᠨ᠂ ᠣᠷᠣᠯᠴᠠᠬᠤ ᠰᠠᠯᠠᠭ᠎ᠠ ᠮᠥᠴᠢᠷ ᠨᠢ ᠣᠯᠠᠨ᠂ ᠠᠵᠢᠯ ᠤᠨ ᠡᠭᠦᠷᠭᠡ ᠨᠢ ᠬᠦᠨᠳᠦ᠂ ᠮᠡᠷᠭᠡᠵᠢᠯ ᠤᠨ ᠱᠠᠭᠠᠷᠳᠠᠯᠭ᠎ᠠ ᠨᠢ ᠥᠨᠳᠥᠷ ᠪᠠᠶᠢᠬᠤ ᠠᠵᠢᠯ ᠪᠣᠯᠬᠤᠷ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ︵ᠳᠣᠷᠣᠭᠰᠢ ᠤᠳᠤᠷᠢᠳᠬᠤ ᠳᠤᠭᠤᠶᠢᠯᠠᠩ ᠭᠡᠵᠦ ᠲᠣᠪᠴᠢᠯᠠᠨ᠎ᠠ︶ ᠢ ᠪᠠᠶᠢᠭᠤᠯᠵᠤ᠂ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠬᠤ ᠪᠠ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠬᠠᠷᠢᠭᠤᠴᠠᠭᠤᠯᠤᠨ᠎ᠠ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠲᠣᠬᠢᠷᠠᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠪᠣᠳᠠᠲᠠᠶ ᠵᠣᠬᠢᠶᠠᠨ ᠪᠠᠶᠢᠭᠤᠯᠵᠤ ᠬᠡᠷᠡᠭᠵᠢᠭᠦᠯᠬᠦ ᠪᠠ ᠵᠣᠬᠢᠴᠠᠭᠤᠯᠬᠤ ᠶᠢ ᠬᠠᠷᠢᠭᠤᠴᠠᠭᠤᠯᠤᠨ᠎ᠠ᠃ ᠠᠯᠪᠠᠨ ᠭᠡᠷ ᠤᠨ ᠳᠣᠣᠷ᠎ᠠ ᠶᠡᠷᠦᠩᠬᠡᠶᠢᠯᠡᠨ ᠵᠣᠬᠢᠴᠠᠭᠤᠯᠬᠤ ᠳᠤᠭᠤᠶᠢᠯᠠᠩ᠂ ᠨᠡᠶᠢᠳᠡᠮ ᠪᠠᠶᠢᠴᠠᠭᠠᠯᠲᠠ ᠶᠢᠨ ᠮᠡᠷᠭᠡᠵᠢᠯ ᠤᠨ ᠳᠤᠭᠤᠶᠢᠯᠠᠩ᠂ ᠲᠤᠰᠬᠠᠶ ᠮᠡᠷᠭᠡᠵᠢᠯᠲᠡᠨ ᠤ ᠵᠦᠪᠯᠡᠯᠭᠡ ᠥᠭᠬᠦ ᠳᠤᠭᠤᠶᠢᠯᠠᠩ ᠭᠠᠷᠭᠠᠨ᠎ᠠ᠂ ᠡᠭᠦᠨ ᠳᠤ᠂ ᠶᠡᠷᠦᠩᠬᠡᠶᠢᠯᠡᠨ ᠵᠣᠬᠢᠴᠠᠭᠤᠯᠬᠤ ᠳᠤᠭᠤᠶᠢᠯᠠᠩ ᠨᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠠᠵᠢᠯ ᠤᠨ ᠭᠠᠵᠠᠷ ᠠᠯᠪᠠᠨ ᠭᠡᠷ ᠵᠢᠴᠢ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠢ ᠳᠡᠯᠭᠡᠷᠡᠭᠦᠯᠬᠦ ᠲᠥᠪ᠂ ᠲᠠᠷᠢᠶᠠᠯᠠᠬᠤ ᠭᠠᠵᠠᠷ ᠤᠨ ᠶᠠᠰᠤ ᠴᠢᠨᠠᠷ ᠢ ᠬᠢᠨᠠᠨ ᠰᠢᠨᠵᠢᠵᠦ ᠬᠠᠮᠠᠭᠠᠯᠠᠬᠤ ᠲᠥᠪ ᠤᠨ ᠭᠤᠣᠯ ᠪᠣᠯᠬᠤ ᠬᠠᠷᠢᠭᠤᠴᠠᠯᠭᠠᠲᠠᠨ ᠢᠶᠠᠷ ᠪᠦᠷᠢᠯᠳᠦᠵᠦ᠂ ᠠᠵᠢᠯ ᠢᠶᠠᠨ ᠨᠢᠭᠡᠳᠦᠯᠲᠡᠶ ᠲᠥᠯᠥᠪᠯᠡᠬᠦ᠂ ᠠᠵᠢᠯᠲᠠᠨ ᠢ ᠵᠢᠯᠤᠭᠤᠳᠤᠨ ᠲᠣᠬᠢᠷᠠᠭᠤᠯᠬᠤ᠂ ᠵᠣᠬᠢᠶᠠᠨ ᠪᠠᠶᠢᠭᠤᠯᠵᠤ ᠵᠣᠬᠢᠴᠠᠭᠤᠯᠬᠤ᠂ ᠪᠡᠯᠡ ᠮᠥᠩᠭᠦ ᠴᠤᠭᠯᠠᠭᠤᠯᠬᠤ ᠵᠡᠷᠭᠡ ᠠᠵᠢᠯ ᠢ ᠬᠠᠷᠢᠭᠤᠴᠠᠨ᠎ᠠ︔ ᠨᠡᠶᠢᠳᠡᠮ ᠪᠠᠶᠢᠴᠠᠭᠠᠯᠲᠠ ᠶᠢᠨ ᠮᠡᠷᠭᠡᠵᠢᠯ ᠤᠨ ᠳᠤᠭᠤᠶᠢᠯᠠᠩ ᠨᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠵᠡᠷᠭᠡ ᠰᠠᠯᠠᠭ᠎ᠠ ᠮᠥᠴᠢᠷ᠂ ᠨᠢᠭᠡᠴᠢ ᠶᠢᠨ ᠬᠠᠮᠢᠶ᠎ᠠ ᠪᠥᠬᠦᠶ ᠮᠡᠷᠭᠡᠵᠢᠯ ᠤᠨ ᠠᠵᠢᠯᠲᠠᠨ ᠢᠶᠠᠷ ᠪᠦᠷᠢᠯᠳᠦᠵᠦ᠂ ᠠᠵᠢᠯ ᠤᠨ ᠬᠤᠪᠢᠶᠠᠷᠢᠯᠠᠯ ᠢᠶᠠᠨ ᠤᠯᠠᠮ ᠨᠢᠭᠡ ᠠᠯᠬᠤᠮ ᠨᠠᠷᠢᠯᠢᠭᠵᠢᠭᠤᠯᠤᠨ᠂ ᠪᠥᠬᠦ ᠣᠷᠣᠨ ᠤ ᠣᠶ ᠰᠢᠭᠤᠶ ᠨᠤᠲᠤᠭ ᠪᠡᠯᠴᠢᠭᠡᠷ᠂ ᠲᠠᠷᠢᠶᠠᠯᠠᠬᠤ ᠭᠠᠵᠠᠷ ︵ᠴᠡᠴᠡᠷᠯᠢᠭ ᠤᠨ ᠭᠠᠵᠠᠷ ᠪᠠᠭᠲᠠᠨ᠎ᠠ︶ ᠤᠨ ᠬᠥᠷᠥᠰᠥ ᠰᠢᠷᠣᠶ᠂ ᠠᠰᠢᠭᠯᠠᠭᠠᠳᠤᠶ ᠭᠠᠵᠠᠷ ︵ᠭᠤᠣᠯ ᠪᠣᠯᠬᠤ ᠬᠤᠵᠢᠷᠯᠢᠭ ᠭᠠᠵᠠᠷ︶ ᠤᠨ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠪᠣᠳᠠᠲᠠᠶ ᠬᠡᠷᠡᠭᠵᠢᠭᠦᠯᠬᠦ ᠠᠵᠢᠯ ᠢ ᠲᠣᠰ ᠲᠣᠰ ᠬᠠᠷᠢᠭᠤᠴᠠᠨ᠎ᠠ︔ ᠲᠤᠰᠬᠠᠶ ᠮᠡᠷᠭᠡᠵᠢᠯᠲᠡᠨ ᠤ ᠵᠦᠪᠯᠡᠯᠭᠡ ᠥᠭᠬᠦ ᠳᠤᠭᠤᠶᠢᠯᠠᠩ ᠨᠢ ᠦᠢᠯᠡᠳᠦᠯᠭᠡ ᠶᠢᠨ ᠲᠤᠷᠰᠢᠯᠭ᠎ᠠ ᠪᠠᠷ ᠪᠠᠶᠠᠯᠢᠭ ᠪᠠᠶᠢᠬᠤ ᠪᠠ ᠬᠠᠮᠢᠶ᠎ᠠ ᠪᠦᠬᠦᠢ ᠲᠤᠰᠬᠠᠶ ᠮᠡᠷᠭᠡᠵᠢᠯ ᠤᠨ ᠮᠡᠳᠡᠯᠭᠡ ᠲᠠᠢ ᠲᠤᠰᠬᠠᠶ ᠮᠡᠷᠭᠡᠵᠢᠯᠲᠡᠨ ᠢᠶᠠᠷ ᠪᠦᠷᠢᠯᠳᠦᠵᠦ᠂ ᠬᠠᠮᠢᠶ᠎ᠠ ᠪᠦᠬᠦᠢ ᠲᠥᠰᠦᠯ ᠢ ᠬᠢᠨᠠᠨ ᠪᠠᠶᠢᠴᠠᠭᠠᠬᠤ᠂ ᠠᠵᠢᠯ ᠤᠨ ᠳᠤᠮᠳᠠᠬᠢ ᠬᠦᠴᠢᠷ ᠠᠰᠠᠭᠤᠳᠠᠯ ᠢ ᠰᠢᠢᠳᠪᠦᠷᠢᠯᠡᠬᠦ᠂ ᠮᠡᠷᠭᠡᠵᠢᠯ ᠤᠨ ᠪᠣᠯᠪᠠᠰᠤᠷᠠᠭᠤᠯᠤᠯ ᠬᠢᠬᠦ᠂ ᠲᠤᠬᠠᠶ ᠶᠢᠨ ᠭᠠᠵᠠᠷ ᠲᠤ ᠨᠢ ᠵᠢᠯᠣᠭᠤᠳᠬᠤ ᠵᠡᠷᠭᠡ ᠠᠵᠢᠯ ᠢ ᠬᠠᠷᠢᠭᠤᠴᠠᠨ᠎ᠠ᠃ ᠠᠯᠪᠠᠨ ᠭᠡᠷ ᠤᠨ ᠡᠯ᠎ᠡ ᠠᠵᠢᠯᠯᠠᠬᠤ ᠳᠤᠭᠤᠶᠢᠯᠠᠩ ᠨᠢ ᠲᠤᠰ ᠲᠤᠰ ᠤᠨ ᠡᠭᠦᠷᠭᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ᠂ ᠬᠦᠴᠦ ᠪᠠᠨ ᠬᠠᠮᠲᠤᠳᠬᠠᠨ ᠬᠠᠮᠵᠢᠯᠴᠠᠵᠤ᠂ ᠨᠢᠭᠲᠠ ᠬᠠᠮᠲᠤᠷᠠᠯᠴᠠᠨ᠂ ᠨᠡᠶᠢᠳᠡᠮ ᠪᠠᠶᠢᠴᠠᠭᠠᠯᠲᠠ ᠶᠢᠨ ᠡᠭᠦᠷᠭᠡ ᠪᠠᠨ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃      ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠪᠣᠯ ᠲᠤᠰ ᠭᠠᠵᠠᠷ ᠣᠷᠣᠨ ᠤ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠬᠠᠷᠢᠭᠤᠴᠠᠵᠤ ᠠᠵᠢᠯᠯᠠᠬᠤ ᠭᠤᠣᠯ ᠴᠣᠭᠴᠠ ᠪᠣᠯᠬᠤᠷ᠂ ᠬᠠᠷᠠᠭᠠᠯᠵᠠᠭᠰᠠᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠵᠢᠴᠢ ᠠᠯᠪᠠᠨ ᠭᠡᠷ ᠲᠣᠬᠢᠷᠠᠭᠤᠯᠬᠤ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠂ ᠰᠢᠰᠲ᠋ᠧᠮ ᠲᠠᠢ ᠪᠠᠷ ᠠᠷᠭ᠎ᠠ ᠰᠦᠪᠡᠭᠴᠢᠯᠡᠵᠦ᠂ ᠨᠢᠭᠡᠳᠦᠯᠲᠡᠶ ᠲᠥᠯᠥᠪᠯᠡᠨ ᠠᠬᠢᠭᠤᠯᠬᠤ ᠬᠡᠷᠡᠭᠲᠡᠶ᠃      ᠲᠠᠪᠤ᠂ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠤᠨ ᠪᠠᠲᠤᠯᠠᠭ᠎ᠠ      ᠲᠤᠰ ᠤᠳᠠᠭᠠᠨ ᠤ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠢ ᠲᠥᠪ ᠤᠨ ᠡᠳ᠋ ᠤᠨ ᠵᠠᠰᠠᠭ ᠪᠠ ᠣᠷᠣᠨ ᠨᠤᠲᠤᠭ ᠤᠨ ᠡᠳ᠋ ᠤᠨ ᠵᠠᠰᠠᠭ ᠨᠢ ᠡᠭᠦᠷᠭᠡᠯᠡᠭᠰᠡᠨ ᠠᠵᠢᠯ ᠤᠨ ᠡᠭᠦᠷᠭᠡ ᠶᠢᠨ ᠢᠶᠠᠨ ᠶᠣᠰᠣᠭᠠᠷ ᠬᠤᠪᠢᠳᠠᠨ ᠡᠭᠦᠷᠭᠡᠯᠡᠨ᠎ᠡ᠃ ᠣᠷᠣᠨ ᠨᠤᠲᠤᠭ ᠤᠨ ᠡᠳ᠋ ᠤᠨ ᠵᠠᠰᠠᠭ ᠨᠢ ᠲᠤᠰ ᠣᠷᠣᠨ ᠪᠦᠰᠡ ᠶᠢᠨ ᠢᠶᠠᠨ ᠬᠡᠭᠡᠷ᠎ᠡ ᠶᠢᠨ ᠠᠵᠢᠯ ᠤᠨ ᠪᠠᠶᠢᠴᠠᠭᠠᠯᠲᠠ ᠬᠢᠵᠦ ᠦᠯᠢᠭᠡᠷ ᠠᠪᠬᠤ᠂ ᠦᠷᠦᠭᠡᠨ ᠤ ᠠᠵᠢᠯ ᠤᠨ ᠬᠡᠮᠵᠢᠨ ᠲᠤᠷᠰᠢᠵᠤ ᠰᠢᠨᠵᠢᠯᠡᠨ ᠰᠢᠯᠭᠠᠬᠤ᠂ ᠮᠡᠷᠭᠡᠵᠢᠯ ᠤᠨ ᠪᠣᠯᠪᠠᠰᠤᠷᠠᠭᠤᠯᠤᠯ ᠬᠢᠬᠦ᠂ ᠲᠤᠰᠬᠠᠶ ᠮᠡᠷᠭᠡᠵᠢᠯᠲᠡᠨ ᠵᠢᠯᠣᠭᠤᠳᠴᠤ ᠦᠢᠯᠡᠴᠢᠯᠡᠬᠦ᠂ ᠲᠤᠭ᠎ᠠ ᠪᠠᠷᠢᠮᠲᠠ ᠶᠢᠨ ᠵᠠᠳᠠᠯᠤᠯᠲᠠ ᠬᠢᠬᠦ᠂ ᠦᠷ᠎ᠡ ᠪᠦᠲᠦᠭᠡᠯ ᠢ ᠬᠤᠷᠢᠶᠠᠩᠭᠤᠶᠢᠯᠠᠬᠤ ᠪᠠ ᠳ᠋ᠠᠶᠢᠲ᠋ᠠ ᠬᠥᠮᠥᠷᠭᠡ ᠦᠯᠢᠭᠡᠷ ᠬᠡᠪ ᠤᠨ ᠬᠥᠮᠥᠷᠭᠡ ᠶᠢᠨ ᠪᠠᠶᠢᠭᠤᠯᠤᠯᠲᠠ ᠵᠡᠷᠭᠡ ᠶᠢ ᠬᠠᠷᠢᠭᠤᠴᠠᠨ᠎ᠠ᠃ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠠᠵᠢᠯ ᠤᠨ ᠠᠬᠢᠴᠠ ᠶᠢᠨ ᠲᠣᠬᠢᠷᠠᠭᠤᠯᠤᠯᠲᠠ ᠪᠠᠨ ᠦᠨᠳᠦᠰᠦᠯᠡᠨ᠂ ᠵᠠᠷᠤᠳᠠᠯ ᠢ ᠵᠣᠬᠢᠴᠠᠩᠭᠤᠢ ᠣᠨ ᠤ ᠲᠥᠰᠦᠪ ᠲᠤ ᠪᠠᠨ ᠣᠷᠣᠭᠤᠯᠤᠨ ᠪᠠᠲᠤᠯᠠᠬᠤ ᠶᠢᠨ ᠬᠠᠮᠲᠤ᠂ ᠬᠢᠨᠠᠯᠲᠠ ᠲᠠᠯᠪᠢᠵᠤ ᠬᠢᠨᠠᠨ ᠪᠣᠳᠣᠬᠤ ᠪᠠᠨ ᠴᠢᠩᠭᠠᠳᠬᠠᠬᠤ ᠬᠡᠷᠡᠭᠲᠡᠶ᠃ ᠡᠯ᠎ᠡ ᠭᠠᠵᠠᠷ ᠣᠷᠣᠨ ᠨᠢ ᠲᠤᠭᠲᠠᠭᠠᠯ ᠶᠣᠰᠤᠭᠠᠷ ᠣᠳᠣᠬᠠᠨ ᠤ ᠪᠡᠯᠡ ᠮᠥᠩᠭᠦ ᠶᠢ ᠨᠢᠭᠡᠳᠦᠯᠲᠡᠢ ᠲᠦᠯᠦᠪᠯᠡᠬᠦ ᠠᠷᠭ᠎ᠠ ᠵᠠᠮ ᠢᠶᠠᠷ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠬᠠᠮᠢᠶ᠎ᠠ ᠪᠦᠬᠦᠢ ᠠᠵᠢᠯ ᠢ ᠳᠡᠮᠵᠢᠵᠦ ᠪᠣᠯᠤᠨ᠎ᠠ᠃      ᠵᠢᠷᠭᠤᠭ᠎ᠠ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠱᠠᠭᠠᠷᠳᠠᠯᠭ᠎ᠠ      ᠡᠯ᠎ᠡ ᠭᠠᠵᠠᠷ ᠣᠷᠣᠨ ᠨᠢ ᠲᠤᠰᠬᠠᠶ ᠮᠡᠷᠭᠡᠵᠢᠯᠲᠡᠨ ᠤ ᠮᠡᠷᠭᠡᠵᠢᠯ ᠤᠨ ᠵᠢᠯᠣᠭᠤᠳᠣᠯᠭ᠎ᠠ᠂ ᠲᠤᠰᠬᠠᠶ ᠮᠡᠷᠭᠡᠵᠢᠯ ᠤᠨ ᠠᠵᠢᠯᠲᠠᠨ ᠤ ᠲᠣᠬᠢᠷᠠᠭᠤᠯᠤᠯᠲᠠ᠂ ᠨᠡᠶᠢᠳᠡᠮ ᠪᠠᠶᠢᠴᠠᠭᠠᠯᠲᠠ ᠶᠢᠨ ᠡᠩᠨᠡᠭᠡ ᠶᠢᠨ ᠪᠣᠯᠪᠠᠰᠤᠷᠠᠭᠤᠯᠤᠯ ᠢᠶᠠᠨ ᠴᠢᠩᠭᠠᠳᠬᠠᠵᠤ᠂ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠲᠤᠰᠬᠠᠶᠢᠵᠢᠭᠰᠠᠨ᠂ ᠪᠠᠷᠢᠮᠵᠢᠶᠠᠵᠢᠭᠰᠠᠨ ᠪᠠ ᠵᠢᠷᠤᠮᠵᠢᠭᠰᠠᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠶᠠᠰᠤ ᠴᠢᠨᠠᠷ ᠤᠨ ᠡᠵᠡᠮᠳᠡᠯ ᠢᠶᠠᠨ ᠴᠢᠩᠭᠠᠷᠠᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠲᠣᠭᠲᠠᠯᠴᠠᠭ᠎ᠠ ᠪᠠ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠮᠦᠷᠳᠡᠨ ᠤᠬᠤᠴᠢᠯᠠᠬᠤ ᠲᠣᠭᠲᠠᠴᠠ ᠶᠢ ᠪᠠᠶᠢᠭᠤᠯᠵᠤ᠂ ᠱᠠᠲᠤ ᠱᠠᠲᠤ ᠪᠠᠷ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ᠃ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠵᠢᠴᠢ ᠠᠵᠢᠯᠲᠠᠳ ᠡᠷᠬᠡᠪᠰᠢ ᠱᠠᠭᠠᠷᠳᠠᠯᠭ᠎ᠠ ᠶᠣᠰᠣᠭᠠᠷ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠪᠠᠨ ᠮᠡᠳᠡᠭᠦᠯᠦᠨ ᠬᠦᠷᠭᠡᠵᠦ᠂ ᠲᠤᠭ᠎ᠠ ᠪᠠᠷᠢᠮᠲᠠ ᠶᠢᠨ ᠦᠨᠡᠨ ᠪᠣᠳᠠᠲᠠᠶ᠂ ᠣᠨᠣᠪᠴᠢᠲᠠᠶ᠂ ᠪᠦᠷᠢᠨ ᠪᠦᠲᠦᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠶᠠᠮᠠᠷᠪᠠ ᠭᠠᠵᠠᠷ ᠣᠷᠣᠨ᠂ ᠰᠠᠯᠠᠭ᠎ᠠ ᠮᠥᠴᠢᠷ᠂ ᠨᠢᠭᠡᠴᠢ ᠪᠠ ᠬᠤᠪᠢ ᠬᠥᠮᠦᠨ ᠴᠥᠮ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠬᠤᠳᠠᠯ ᠢᠶᠠᠷ ᠮᠡᠳᠡᠭᠦᠯᠬᠦ᠂ ᠮᠡᠳᠡᠭᠦᠯᠬᠦ ᠦᠭᠡᠢ ᠨᠢᠭᠤᠬᠤ᠂ ᠮᠡᠳᠡᠭᠦᠯᠬᠦ ᠶᠢ ᠲᠡᠪᠴᠢᠬᠦ ᠪᠠ ᠤᠳᠠᠭᠠᠰᠢᠷᠠᠭᠤᠯᠤᠨ ᠮᠡᠳᠡᠭᠦᠯᠵᠦ ᠪᠣᠯᠬᠤ ᠦᠭᠡᠶ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠬᠠᠭᠤᠷᠮᠠᠭᠯᠠᠨ ᠵᠣᠬᠢᠶᠠᠬᠤ ᠪᠠ ᠥᠭᠡᠷᠡᠲᠦᠭᠦᠯᠵᠦ ᠪᠣᠯᠬᠤ ᠦᠭᠡᠶ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠪᠦᠬᠦ ᠤᠯᠤᠰ ᠤᠨ ᠨᠢᠭᠡᠳᠦᠯᠲᠡᠶ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠲᠠᠪᠴᠠᠩ ᠵᠡᠷᠭᠡ ᠣᠳᠣᠬᠢᠴᠢᠯᠠᠭᠰᠠᠨ ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠠᠰᠢᠭᠯᠠᠨ᠂ ᠮᠡᠳᠡᠭᠡ ᠵᠠᠩᠬᠢᠴᠢᠯᠠᠭᠰᠠᠨ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠰᠢᠨᠵᠢᠯᠡᠬᠦ ᠤᠬᠠᠭᠠᠨᠴᠢ᠂ ᠵᠢᠷᠤᠮᠵᠢᠭᠤᠨ᠂ ᠥᠨᠳᠥᠷ ᠦᠷ᠎ᠡ ᠪᠦᠲᠦᠮᠵᠢᠲᠡᠶ ᠪᠠᠷ ᠠᠬᠢᠭᠤᠯᠬᠤ ᠬᠡᠷᠡᠭᠲᠡᠶ᠃ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ᠂ ᠲᠧᠯᠸᠢᠰ᠂ ᠢᠨᠲ᠋ᠧᠷ ᠰᠦᠯᠵᠢᠶ᠎ᠡ ᠵᠡᠷᠭᠡ ᠵᠠᠭᠤᠴᠢᠯᠠᠭᠤᠷ ᠢ ᠰᠠᠶᠢᠲᠤᠷ ᠠᠰᠢᠭᠯᠠᠨ᠂ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠴᠢᠬᠤᠯᠠ ᠠᠴᠢ ᠬᠤᠯᠪᠣᠭᠳᠠᠯ ᠪᠠ ᠱᠠᠭᠠᠷᠳᠠᠯᠭ᠎ᠠ ᠶᠢ ᠥᠷᠭᠡᠨ ᠢᠶᠠᠷ ᠤᠬᠠᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠶ ᠥᠷᠨᠢᠬᠦ ᠳᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃      ᠳᠠᠭᠠᠯᠳᠤᠭᠤᠯᠤᠯ᠄ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠬᠦᠮᠦᠰ ᠤᠨ ᠨᠡᠷᠡᠰ                             2022 ᠣᠨ ᠤ 3 ᠳ᠋ᠤᠭᠠᠷ ᠰᠠᠷ᠎ᠠ ᠶᠢᠨ 19 ᠤ ᠡᠳᠦᠷ      ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ᠳᠠᠭᠠᠯᠳᠤᠭᠤᠯᠤᠯ      ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠬᠦᠮᠦᠰ ᠤᠨ ᠨᠡᠷᠡᠰᠳᠤᠭᠤᠶᠢᠯᠠᠩ ᠤᠨ ᠳᠠᠷᠤᠭ᠎ᠠ᠄ ᠯᠢ ᠪᠢᠩ ᠷᠦᠩ   ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢᠳᠡᠳ᠋ ᠳᠤᠭᠤᠶᠢᠯᠠᠩ ᠤᠨ ᠳᠠᠷᠤᠭ᠎ᠠ᠄ ᠮᠥ ᠶᠤᠸᠠᠨ   ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠠᠷᠤᠭ᠎ᠠ      ᠵᠣᠣ ᠳ᠋ᠠ ᠶᠦᠩ   ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠳᠠᠷᠤᠭ᠎ᠠ      ᠯᠢ ᠺᠦᠸᠧ   ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢᠪᠦᠷᠢᠯᠳᠦᠬᠦᠨ ᠭᠡᠰᠢᠭᠦᠳ᠄ ᠯᠢᠦ ᠸᠧᠨ ᠢᠦᠢ   ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ      ᠵᠣᠣ ᠪᠢᠩ   ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ      ᠸᠠᠩ ᠲᠤᠤ   ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠳᠡᠳ᠋ ᠳᠠᠷᠤᠭ᠎ᠠ      ᠵᠣᠣ ᠱᠢ ᠳ᠋ᠧ   ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠤᠨ ᠳᠡᠳ᠋ ᠳᠠᠷᠤᠭ᠎ᠠ      ᠵᠣᠣ ᠴᠠᠩ ᠴᠢᠩ   ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠳᠡᠳ᠋ ᠳᠠᠷᠤᠭ᠎ᠠ      ᠡᠩᠬᠡᠲᠦ᠋ᠪᠰᠢᠨ   ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ      ᠡᠤ ᠵᠥᠩ ᠶᠠᠨ   ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ      ᠲᠢᠶᠠᠨ ᠰᠢᠨ ᠷᠦ   ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠳᠡᠳ᠋ ᠳᠠᠷᠤᠭ᠎ᠠ      ᠲᠢᠶᠧ ᠨᠢᠦ   ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶᠠᠨ ᠤ ᠳᠡᠳ᠋ ᠳᠠᠷᠤᠭ᠎ᠠ      ᠯᠦ ᠵᠠᠨ ᠶᠤᠸᠠᠨ   ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠳᠠᠷᠤᠭ᠎ᠠ      ᠲᠠᠨ᠎ᠠ   ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠳᠡᠳ᠋ ᠵᠠᠬᠢᠷᠤᠯ      ᠬᠣ᠋ ᠶᠢᠦ ᠯᠢᠨ   ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠡᠷᠬᠢᠯᠡᠭᠴᠢ      ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠲᠣᠬᠢᠷᠠᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠡᠩᠬᠡᠲᠦ᠋ᠪᠰᠢᠨ ᠬᠠᠪᠰᠤᠷᠭᠠᠨ ᠬᠠᠷᠢᠭᠤᠴᠠᠨ᠎ᠠ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ      2022 ᠣᠨ ᠤ 3 ᠳ᠋ᠤᠭᠠᠷ ᠰᠠᠷ᠎ᠠ ᠶᠢᠨ 22 ᠤᠨ ᠡᠳᠦᠷ ᠳᠠᠷᠤᠮᠠᠯᠯᠠᠨ ᠲᠠᠷᠬᠠᠭᠠᠪᠠ 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ