ᠢᠯᠢ ᠶᠢᠨ ᠣᠳᠣ ᠦᠶ᠎ᠡ ᠶᠢᠨ ᠣᠶᠤᠨᠴᠢ ᠡᠷᠡᠭᠦᠯ ᠮᠡᠨᠳᠦ ᠶᠢᠨ ᠬᠥᠨᠳᠡᠢ ᠶᠢᠨ ᠪᠥᠬᠦ ᠪᠥᠮᠪᠥᠷᠴᠡᠭ ᠤᠨ ᠣᠶᠣᠨᠲᠤ ᠦᠢᠯᠡᠳᠬᠡᠯ ᠤᠨ ᠠᠵᠤ ᠦᠢᠯᠡᠰ ᠤᠨ ᠬᠦᠷᠢᠶᠡᠯᠡᠩ ᠠᠰᠢᠭᠯᠠᠯᠲᠠ ᠳᠤ ᠣᠷᠣᠪᠠ  ᠸᠠᠩ ᠯᠢ ᠰᠢᠶᠠ ᠣᠷᠣᠯᠴᠠᠵᠠᠢ
ᠨᠡᠶᠢᠲᠡᠯᠡᠭᠰᠡᠨ ᠴᠠᠭ᠄
2022/7/13
      7 ᠰᠠᠷ᠎ᠠ ᠶᠢᠨ 12 ᠤᠨ ᠡᠳᠦᠷ  ᠂ᠢᠯᠢ ᠶᠢᠨ ᠣᠳᠣ ᠦᠶ᠎ᠡ ᠶᠢᠨ ᠣᠶᠤᠨᠴᠢ ᠡᠷᠡᠭᠦᠯ ᠮᠡᠨᠳᠦ ᠶᠢᠨ ᠬᠥᠨᠳᠡᠢ ᠶᠢᠨ ᠪᠥᠬᠦ ᠪᠥᠮᠪᠥᠷᠴᠡᠭ ᠤᠨ ᠣᠶᠣᠨᠲᠤ ᠦᠢᠯᠡᠳᠬᠡᠯ ᠤᠨ ᠠᠵᠤ ᠦᠢᠯᠡᠰ ᠤᠨ ᠬᠦᠷᠢᠶᠡᠯᠡᠩ ᠠᠰᠢᠭᠯᠠᠯᠲᠠ ᠳᠤ ᠣᠷᠣᠪᠠ᠃

2.jpg

1.jpg

 

      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠠᠰᠢᠭᠯᠠᠯᠲᠠ ᠳᠤ

ᠣᠷᠣᠬᠤ ᠶᠣᠰᠣᠯᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶᠠᠨ ᠤ

ᠱᠦᠵᠢ ᠪᠣᠣ ᠭᠠᠩ ᠪᠠᠶᠠᠷ ᠤᠨ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠠᠩ ᠱᠣᠣ ᠴᠦᠨ ᠣᠷᠣᠯᠴᠠᠵᠠᠢ᠃

      ᠢᠯᠢ ᠶᠢᠨ ᠡᠷᠡᠭᠦᠯ ᠮᠡᠨᠳᠦ ᠶᠢᠨ ᠬᠥᠨᠳᠡᠢ ᠶᠢᠨ ᠪᠥᠬᠦ ᠪᠥᠮᠪᠥᠷᠴᠡᠭ ᠤᠨ ᠣᠶᠣᠨᠲᠤ ᠦᠢᠯᠡᠳᠬᠡᠯ ᠤᠨ ᠠᠵᠤ ᠦᠢᠯᠡᠰ ᠤᠨ ᠬᠦᠷᠢᠶᠡᠯᠡᠩ ᠨᠢ ᠪᠥᠬᠦ

ᠪᠥᠮᠪᠥᠷᠴᠡᠭ ᠤᠨ ᠲᠡᠷᠢᠭᠦᠨ ᠤ ᠣᠶᠣᠨᠲᠤ ᠲᠥᠬᠦᠭᠡᠷᠦᠮᠵᠢ ᠶᠢ ᠣᠷᠣᠭᠤᠯᠤᠨ ᠠᠪᠴᠢᠷᠠᠵᠤ᠂ ᠡᠳ᠋ ᠪᠠᠷᠠᠭᠠᠨ ᠤ ᠰᠦᠯᠵᠢᠶ᠎ᠡ᠂ ᠵᠣᠬᠢᠶᠠᠮᠠᠯ ᠣᠶᠣᠨ ᠴᠢᠳᠠᠪᠤᠷᠢ ᠵᠡᠷᠭᠡ

ᠲᠡᠷᠢᠭᠦᠨ ᠤ ᠮᠡᠷᠭᠡᠵᠢᠯ ᠢ ᠭᠦᠢᠴᠡᠳ ᠬᠡᠷᠡᠭᠯᠡᠨ᠂ ᠪᠥᠬᠦ ᠪᠥᠮᠪᠥᠷᠴᠡᠭ ᠤᠨ ᠳᠠᠩ ᠴᠣᠭᠴᠠ ᠶᠢᠨ ᠬᠡᠪᠴᠢᠶ᠎ᠡ ᠪᠠᠷ ᠬᠠᠮᠤᠭ ᠤᠨ ᠶᠡᠭᠡ᠂ ᠮᠡᠷᠭᠡᠵᠢᠯ ᠢᠶᠠᠷ ᠬᠠᠮᠤᠭ ᠤᠨ

ᠲᠡᠷᠢᠭᠦᠨ ᠤ᠂ ᠠᠦ᠋ᠲ᠋ᠣᠴᠢᠯᠠᠭᠰᠠᠨ ᠵᠢᠴᠢ ᠲᠣᠭᠠᠴᠢᠯᠠᠭᠰᠠᠨ ᠬᠡᠮᠵᠢᠶ᠎ᠡ ᠪᠠᠷ ᠬᠠᠮᠤᠭ ᠤᠨ ᠥᠨᠳᠥᠷ ᠰᠢᠩᠭᠡᠨ ᠲᠥᠯᠥᠪᠲᠦ ᠰᠦ᠂ ᠨᠢᠯᠬ᠎ᠠ ᠬᠡᠦᠬᠡᠳ ᠲᠤ

ᠲᠣᠬᠢᠷᠠᠭᠤᠯᠤᠭᠰᠠᠨ ᠰᠦᠨ ᠲᠠᠯᠬ᠎ᠠ ᠪᠠ ᠪᠢᠰᠢᠯᠠᠭ ᠢ ᠣᠶᠣᠨᠲᠤ ᠪᠠᠷ ᠦᠢᠯᠡᠳᠬᠦ ᠳᠠᠭᠤᠷᠢᠶᠠᠯ ᠦᠵᠡᠭᠦᠯᠬᠦ ᠰᠠᠭᠤᠷᠢᠨ ᠢ ᠪᠠᠶᠢᠭᠤᠯᠪᠠ᠃ ᠠᠵᠤ ᠦᠢᠯᠡᠰ ᠤᠨ ᠬᠦᠷᠢᠶᠡᠯᠡᠩ

ᠤᠷᠤᠭᠰᠢᠲᠠᠢ ᠠᠰᠢᠭᠯᠠᠯᠲᠠ ᠳᠤ ᠣᠷᠣᠭᠰᠠᠨ ᠨᠢ ᠥᠪᠡᠷᠲᠡᠭᠡᠨ ᠵᠠᠰᠠᠬᠤ ᠣᠷᠣᠨ ᠤ ︽ᠰᠢᠷᠬᠡᠭ ᠡᠪᠡᠰᠦ ᠠᠴᠠ ᠴᠣᠮᠣ ᠰᠦ ᠬᠦᠷᠲᠡᠯᠡᠬᠢ︾ ᠰᠦ ᠶᠢᠨ ᠦᠢᠯᠡᠰ ᠤᠨ

ᠪᠥᠬᠦ ᠬᠡᠯᠬᠢᠶᠡᠨ ᠤ ᠬᠥᠭᠵᠢᠯᠲᠡ ᠶᠢᠨ ᠪᠠᠶᠢᠷᠢᠰᠢᠯ ᠰᠢᠨ᠎ᠡ ᠠᠬᠢᠴᠠ ᠲᠠᠢ ᠪᠣᠯᠣᠭᠰᠠᠨ ᠢ ᠬᠠᠷᠠᠭᠤᠯᠵᠤ ᠪᠠᠶᠢᠨ᠎ᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ