ᠪᠥᠬᠦ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/7/14
      ᠰᠦᠨ ᠱᠤᠤ ᠴᠧᠩ  ᠸᠠᠩ ᠯᠢ ᠰᠢᠶᠠ ᠶᠠᠷᠢᠶ᠎ᠠ ᠲᠠᠯᠪᠢᠵᠤ  ᠯᠢ ᠰᠢᠤ ᠯᠢᠩ ᠣᠷᠣᠯᠴᠠᠵᠠᠢ      7 ᠰᠠᠷ᠎ᠠ ᠶᠢᠨ 12 ᠠᠴᠠ 13 ᠤ ᠡᠳᠦᠷ ᠪᠣᠯᠲᠠᠯ᠎ᠠ᠂ ᠪᠥᠬᠦ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠶᠠᠷᠢᠯᠴᠠᠬᠤ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃

1.jpg

2.jpg

3.jpg

 

      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠶᠠᠷᠢᠶ᠎ᠠ ᠲᠠᠯᠪᠢᠵᠤ᠂

ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠯᠢ ᠰᠢᠤ ᠯᠢᠩ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂

ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠬᠤᠷᠠᠯ ᠳᠤ

ᠣᠷᠣᠯᠴᠠᠵᠠᠢ᠃

      ᠬᠤᠷᠠᠯ ᠳᠡᠭᠡᠷ᠎ᠡ᠂ ᠡᠯ᠎ᠡ ᠠᠶᠢᠮᠠᠭ ᠬᠤᠲᠠ ᠪᠣᠯᠤᠨ ᠮᠠᠨᠵᠤᠤᠷ ᠬᠤᠲᠠ᠂ ᠡᠷᠢᠶᠡᠨ ᠬᠤᠲᠠ ᠶᠢᠨ ᠨᠠᠮ ᠵᠠᠰᠠᠭ ᠤᠨ ᠭᠤᠤᠯ ᠬᠠᠷᠢᠭᠤᠴᠠᠯᠭᠠᠲᠠᠨ ᠨᠥᠬᠦᠳ᠂

ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠦᠭᠡ ᠬᠡᠯᠡᠵᠡᠶ᠃ ᠰᠦᠨ ᠱᠤᠤ ᠴᠧᠩ ᠪᠠᠶᠢᠨ

ᠳᠠᠬᠢᠨ ᠠᠰᠠᠭᠤᠨ ᠯᠠᠪᠯᠠᠵᠤ᠂ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠠᠷᠭ᠎ᠠ ᠬᠡᠯᠪᠡᠷᠢ ᠶᠢ ᠰᠢᠯᠢᠳᠡᠭᠵᠢᠬᠦᠯᠬᠦ᠂ ᠰᠢᠨ᠎ᠡ ᠡᠨᠧᠷᠭᠢ ᠶᠢᠨ ᠲᠥᠷᠥᠯ ᠵᠦᠶᠯ ᠤᠨ ᠪᠥᠲᠥᠭᠡᠨ

ᠪᠠᠶᠢᠭᠤᠯᠤᠯᠲᠠ᠂ ᠭᠠᠵᠠᠷ ᠰᠢᠷᠣᠶ ᠶᠢ ᠡᠵᠡᠩᠨᠡᠬᠦ᠂ ᠴᠢᠳᠠᠪᠤᠷᠢᠲᠠᠨ ᠢ ᠤᠷᠤᠭᠤᠯᠤᠨ ᠠᠪᠴᠢᠷᠠᠵᠤ ᠬᠦᠮᠦᠵᠢᠬᠦᠯᠬᠦ᠂ ᠲᠠᠷᠢᠶᠠᠯᠠᠩ ᠤᠨ ᠤᠰᠤ ᠬᠡᠷᠡᠭᠯᠡᠬᠦ ᠲᠣᠭᠲᠠᠴᠠ ᠶᠢ

ᠬᠤᠪᠢᠷᠠᠭᠤᠯᠬᠤ᠂ ᠣᠯᠠᠨ ᠨᠡᠶᠢᠲᠡ ᠶᠢᠨ ᠦᠶᠯᠡᠴᠢᠯᠡᠭᠡ ᠶᠢ ᠴᠢᠩᠭᠠᠳᠬᠠᠬᠤ ᠵᠡᠷᠭᠡ ᠵᠠᠷᠢᠮ ᠪᠣᠳᠠᠲᠠᠶ ᠠᠰᠠᠭᠤᠳᠠᠯ ᠤᠨ ᠲᠤᠬᠠᠶ ᠣᠯᠠᠨ ᠲᠠᠢ ᠰᠠᠨᠠᠯ ᠢᠶᠠᠨ ᠰᠣᠯᠢᠯᠴᠠᠪᠠ᠃

ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠬᠤᠪᠢᠳᠠᠨ ᠬᠠᠮᠢᠶᠠᠷᠴᠤ ᠪᠠᠶᠢᠭ᠎ᠠ ᠠᠵᠢᠯ ᠲᠠᠢ ᠪᠠᠨ ᠤᠶᠠᠯᠳᠤᠭᠤᠯᠤᠨ ᠦᠨᠡᠯᠡᠯᠲᠡ

ᠬᠢᠵᠦ᠂ ᠡᠯ᠎ᠡ ᠭᠠᠵᠠᠷ ᠣᠷᠣᠨ ᠤ ᠳᠤᠷᠠᠳᠤᠭᠰᠠᠨ ᠰᠠᠨᠠᠯ ᠰᠠᠨᠠᠭᠤᠯᠭ᠎ᠠ ᠳᠤ ᠬᠠᠷᠢᠭᠤ ᠥᠭᠪᠡ᠃

      ᠰᠦᠨ ᠱᠤᠤ ᠴᠧᠩ ᠶᠠᠷᠢᠶᠠᠨ ᠳᠠᠭᠠᠨ ᠡᠯ᠎ᠡ ᠠᠶᠢᠮᠠᠭ ᠬᠤᠳᠠ ᠪᠣᠯᠤᠨ ᠦᠪᠡᠷᠳᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ

ᠮᠥᠴᠢᠷ ᠤᠨ ᠠᠵᠢᠯ ᠢ ᠨᠤᠲᠠᠯᠠᠪᠠ᠃ ᠲᠡᠷᠡ᠂ ᠵᠢᠯ ᠤᠨ ᠡᠬᠢᠨ ᠠᠴᠠ ᠨᠠᠭᠠᠰᠢ ᠪᠥᠬᠦ ᠣᠷᠣᠨ ᠤ ᠠᠵᠤ ᠠᠬᠤᠶ ᠶᠢᠨ ᠡᠷᠭᠢᠯᠲᠡ ᠶᠡᠷᠦᠩᠬᠡᠶ ᠳᠡᠭᠡᠨ ᠲᠣᠭᠲᠠᠭᠤᠨ ᠪᠠᠶᠢᠵᠤ᠂

ᠲᠣᠭᠲᠠᠭᠤᠨ ᠤ ᠳᠤᠮᠳᠠ ᠤᠷᠤᠭᠰᠢᠯᠠᠨ ᠳᠡᠪᠰᠢᠵᠦ᠂ ᠠᠮᠵᠢᠯᠲᠠ ᠪᠦᠲᠦᠮᠵᠢ ᠬᠢᠯᠪᠠᠷ ᠪᠤᠰᠤ ᠪᠠᠷ ᠢᠷᠡᠭᠰᠡᠨ ᠶᠤᠮ᠃ ᠢᠲᠡᠭᠡᠯ ᠵᠣᠷᠢᠭ ᠢᠶᠠᠨ ᠪᠠᠲᠤᠳᠬᠠᠨ᠂ ᠡᠷᠴᠢ

ᠬᠦᠴᠦᠨ ᠢᠶᠠᠨ ᠭᠦᠶᠴᠡᠳ ᠪᠠᠳᠠᠷᠠᠭᠤᠯᠵᠤ᠂ ᠡᠯ᠎ᠡ ᠵᠦᠶᠯ ᠤᠨ ᠪᠣᠳᠠᠲᠤ ᠠᠰᠢᠭᠲᠠᠶ ᠬᠦᠴᠦᠨ ᠵᠦᠶᠯ ᠢ ᠰᠠᠶᠢᠲᠤᠷ ᠠᠳᠬᠤᠨ ᠰᠠᠶᠢᠲᠤᠷ ᠬᠡᠷᠡᠭᠯᠡᠵᠦ᠂ ᠴᠢᠩᠭ᠎ᠠ ᠠᠳᠬᠤᠨ

ᠳᠦᠷᠬᠡᠨ ᠬᠢᠵᠥ ᠪᠠᠶᠢᠭᠠᠳ ᠡᠯ᠎ᠡ ᠵᠦᠶᠯ ᠤᠨ ᠠᠵᠢᠯ ᠢ ᠠᠬᠢᠭᠤᠯᠵᠤ᠂ ᠪᠥᠬᠦ ᠵᠢᠯ ᠤᠨ ᠬᠠᠷᠠᠯᠲᠠ ᠡᠭᠦᠷᠭᠡ ᠪᠠᠨ ᠴᠢᠷᠮᠠᠶᠢᠨ ᠪᠡᠶᠡᠯᠡᠭᠦᠯᠬᠦ ᠬᠡᠷᠡᠭᠲᠡᠶ᠃ ᠡᠭᠦᠨ ᠤ ᠬᠠᠮᠲᠤ᠂

ᠠᠵᠢᠯ ᠤᠨ ᠳᠤᠮᠳᠠᠬᠢ ᠵᠥᠷᠢᠶ᠎ᠡ ᠪᠠ ᠬᠦᠷᠦᠯᠴᠡᠬᠦ ᠦᠭᠡᠢ ᠲᠠᠯ᠎ᠠ ᠳᠤ ᠵᠥᠪ ᠢᠶᠠᠷ ᠬᠠᠨᠳᠤᠵᠤ᠂ ᠠᠵᠤ ᠠᠬᠤᠢ ᠶᠢ ᠠᠳᠬᠤᠬᠤ᠂ ᠬᠥᠭᠵᠢᠯᠲᠡ ᠶᠢ ᠡᠷᠢᠯᠬᠢᠯᠡᠬᠦ ᠤᠬᠠᠮᠰᠠᠷ᠂

ᠦᠵᠡᠯᠲᠡ᠂ ᠴᠢᠳᠠᠪᠤᠷᠢ᠂ ᠰᠤᠷᠲᠠᠯ ᠤᠨ ᠲᠠᠯ᠎ᠠ ᠪᠠᠷ ᠣᠷᠣᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠠᠵᠢᠯ ᠬᠢᠬᠦ ᠳᠡᠭᠡᠨ ᠬᠠᠰᠢ ᠶᠠᠰᠢ

ᠬᠠᠨᠳᠤᠵᠤ ᠪᠣᠯᠬᠤ ᠦᠭᠡᠢ᠂ ᠦᠵᠡᠯ ᠰᠠᠨᠠᠭ᠎ᠠ ᠪᠠᠨ ᠴᠢᠯᠥᠭᠡᠯᠡᠨ᠂ ᠵᠣᠷᠢᠭᠲᠠᠢ ᠠᠵᠢᠯᠯᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ ᠢᠳᠡᠪᠬᠢᠲᠡᠢ

ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠲᠦᠷᠦ ᠶᠢᠨ ᠪᠤᠳᠤᠯᠭ᠎ᠠ ᠳᠤᠮᠳᠠ ᠠᠴᠠ ᠠᠷᠭ᠎ᠠ ᠵᠠᠮ ᠡᠷᠢᠬᠦ᠂ ᠪᠡᠯᠡ ᠮᠥᠩᠭᠦ ᠲᠦᠷᠦᠯ ᠵᠦᠢᠯ ᠡᠷᠢᠬᠦ ᠳᠡᠭᠡᠨ ᠴᠢᠳᠠᠮᠠᠭᠠᠢ

ᠪᠠᠶᠢᠵᠤ᠂ ᠠᠷᠭ᠎ᠠ ᠪᠦᠬᠦᠨ ᠢ ᠰᠦᠪᠡᠭᠴᠢᠯᠡᠵᠥ ᠪᠠᠶᠢᠭᠠᠳ ᠠᠵᠤ ᠠᠬᠤᠢ ᠶᠢᠨ ᠠᠵᠢᠯ ᠢ ᠭᠦᠨᠵᠡᠭᠡᠶᠢᠷᠡᠭᠦᠯᠦᠨ ᠰᠠᠶᠢᠲᠤᠷ ᠬᠢᠬᠦ ᠬᠡᠷᠡᠭᠲᠡᠢ ᠬᠡᠪᠡ᠃

      ᠰᠦᠨ ᠱᠤᠤ ᠴᠧᠩ ᠳᠣᠣᠷ᠎ᠠ ᠬᠠᠭᠠᠰ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠲᠤᠬᠠᠢ ᠶᠢᠰᠦᠨ ᠲᠠᠯ᠎ᠠ ᠪᠠᠷ ᠱᠠᠭᠠᠷᠳᠠᠯᠭ᠎ᠠ ᠳᠤᠷᠠᠳᠴᠠᠢ᠃

ᠨᠢᠭᠡ ᠳᠤ᠂ ᠠᠵᠤ ᠠᠬᠤᠢ ᠶᠢᠨ ᠵᠢᠮ᠎ᠡ ᠶᠣᠰᠣ ᠶᠢ ᠲᠠᠭᠠᠨ ᠳᠤᠲᠠᠭᠤᠳᠠᠯ ᠢ ᠨᠥᠬᠦᠪᠥᠷᠢᠯᠡᠬᠦ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠠᠷᠠᠯᠵᠢᠶᠠᠴᠢᠨ ᠤᠷᠢᠵᠤ ᠪᠡᠯᠡ

ᠮᠦᠩᠬᠦ ᠣᠷᠣᠭᠤᠯᠬᠤ ᠶᠢ ᠶᠡᠭᠡ ᠪᠠᠷ ᠠᠳᠬᠤᠵᠤ᠂ ᠤᠯᠤᠰ ᠤᠨ ᠲᠥᠷᠥᠯ ᠵᠦᠢᠯ ᠪᠣᠯᠤᠨ ᠪᠡᠯᠡ ᠮᠥᠩᠭᠦᠨ ᠤ ᠳᠡᠮᠵᠢᠯᠭᠡ ᠶᠢ ᠢᠳᠡᠪᠬᠢᠲᠡᠶ ᠪᠥᠭᠡᠳ

ᠰᠠᠨᠠᠭᠠᠴᠢᠯᠠᠭ᠎ᠠ ᠠᠴᠠ ᠪᠠᠨ ᠭᠤᠶᠤᠴᠢᠯᠡᠨ ᠣᠯᠵᠤ᠂ ᠡᠯ᠎ᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠬᠤ ᠬᠡᠷᠡᠭᠳᠡᠢ᠃ ᠡᠯ᠎ᠡ ᠰᠠᠯᠠᠭ᠎ᠠ

ᠮᠥᠴᠢᠷ ᠤᠨ ᠬᠢᠨᠠᠨ ᠵᠥᠪᠰᠢᠶᠡᠷᠡᠵᠦ ᠭᠠᠷᠳᠠᠮ ᠭᠦᠢᠴᠡᠳᠭᠡᠬᠦ ᠳᠤ ᠬᠤᠯᠪᠣᠭᠳᠠᠬᠤ ᠵᠦᠢᠯ ᠤᠳ ᠢ ᠴᠢᠳᠠᠬᠤ ᠶᠢᠨ ᠴᠢᠨᠡᠭᠡ ᠪᠠᠷ ᠲᠦᠷᠭᠡᠨ ᠬᠦᠢᠴᠡᠳᠭᠡᠵᠤ᠂ ᠡᠯ᠎ᠡ ᠠᠶᠢᠮᠠᠭ

ᠬᠤᠲᠠ ᠶᠢᠨ ᠬᠢᠨ ᠲᠥᠷᠥ ᠶᠢᠨ ᠪᠣᠳᠣᠯᠭ᠎ᠠ ᠶᠢ ᠳᠤᠳᠤᠷᠬᠠᠢ ᠣᠶᠢᠯᠠᠭᠠᠵᠤ᠂ ᠮᠡᠳᠡᠭᠦᠯᠬᠦ ᠵᠦᠢᠯ ᠤᠨ ᠶᠠᠰᠤ ᠴᠢᠨᠠᠷ ᠢᠶᠠᠨ ᠳᠡᠭᠡᠭᠰᠢᠯᠡᠭᠦᠯᠬᠦ ᠬᠡᠷᠡᠭᠲᠡᠶ᠃ ᠣᠯᠠᠨ ᠶᠠᠩᠵᠤ

ᠬᠡᠯᠪᠡᠷᠢ ᠶᠢᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠬᠡᠷᠡᠭᠯᠡᠭᠡ ᠶᠢᠨ ᠳᠠᠯᠳᠠ ᠬᠦᠴᠦᠨ ᠢ ᠲᠦᠷᠭᠡᠪᠴᠢᠯᠡᠨ ᠪᠠᠳᠠᠷᠠᠭᠤᠯᠵᠤ᠂

ᠬᠥᠮᠦᠰ ᠢ ᠬᠥᠭᠵᠢᠭᠡᠨ ᠲᠠᠢ ᠪᠣᠯᠭᠠᠵᠤ᠂ ᠬᠤᠳᠠᠯᠳᠤᠭ᠎ᠠ ᠶᠢ ᠬᠥᠭᠵᠢᠶᠡᠨ ᠲᠠᠢ ᠪᠣᠯᠭᠠᠬᠤ ᠬᠡᠷᠡᠭᠳᠡᠢ᠃ ᠬᠢᠯᠢ ᠶᠢᠨ ᠪᠣᠭᠤᠮᠲᠠ ᠪᠠᠷ ᠨᠡᠪᠲᠡᠷᠡᠭᠦ ᠶᠢ ᠪᠠᠳᠤᠯᠠᠬᠤ ᠠᠵᠢᠯ ᠢ

ᠯᠠᠪᠳᠠᠭᠤᠨ ᠪᠠᠲᠤᠲᠠᠢ ᠰᠠᠶᠢᠲᠤᠷ ᠬᠢᠵᠦ᠂ ᠡᠯ᠎ᠡ ᠬᠢᠯᠢ ᠶᠢᠨ ᠪᠣᠭᠤᠮᠲᠠ ᠶᠢ ᠨᠡᠭᠡᠭᠡᠬᠦ ᠶᠣᠰᠣᠲᠠᠢ ᠶᠢ ᠨᠢ ᠪᠦᠬᠦᠨ ᠢ ᠨᠡᠭᠡᠭᠡᠬᠦ ᠶᠢ ᠠᠬᠢᠭᠤᠯᠵᠤ᠂ ᠠᠷᠭ᠎ᠠ ᠪᠦᠬᠦᠨ ᠢ

ᠰᠦᠪᠡᠭᠴᠢᠯᠡᠵᠥ ᠪᠠᠶᠢᠭᠠᠳ ᠳᠣᠲᠣᠭᠠᠳᠤ ᠭᠠᠳᠠᠭᠠᠳᠤ ᠠᠷᠠᠯᠵᠢᠶ᠎ᠠ ᠶᠢ ᠴᠥᠮ ᠰᠠᠶᠢᠲᠤᠷ ᠬᠢᠬᠦ ᠬᠡᠷᠡᠭᠲᠡᠢ᠃ ᠬᠤᠶᠠᠷ ᠲᠤ᠂ ᠶᠡᠷᠦᠩᠬᠡᠢ ᠱᠦᠵᠢ ᠰᠢ ᠶᠢᠨ ᠫᠢᠩ ᠤᠨ ᠮᠠᠨ ᠤ

ᠣᠷᠣᠨ ᠳᠤ ᠣᠯᠭᠤᠭᠰᠠᠨ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢ

ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠠᠢ ᠠᠵᠢᠯ ᠤᠨ ᠲᠥᠰᠦᠯ ᠢ ᠱᠠᠯᠠᠪᠳᠠᠨ ᠲᠣᠭᠲᠠᠭᠠᠵᠤ ᠬᠡᠷᠡᠭᠵᠢᠭᠦᠯᠬᠦ ᠬᠡᠷᠡᠭᠲᠡᠢ᠃ ᠨᠠᠷᠢᠨ ᠲᠠᠩᠰᠠ ᠡᠬᠡ

ᠲᠠᠩᠰᠠ ᠶᠢ ᠦᠨᠡᠨ ᠪᠣᠳᠠᠲᠠᠶ ᠪᠠᠷ ᠵᠢᠭᠰᠠᠭᠠᠵᠤ᠂ ᠣᠨ ᠤ ᠬᠠᠷᠠᠯᠲᠠᠲᠤ ᠡᠭᠦᠷᠭᠡ ᠪᠠᠨ ᠲᠣᠳᠣᠷᠬᠠᠶᠢᠯᠠᠨ᠂ ᠱᠠᠯᠠᠪᠳᠠᠭᠤᠯᠤᠨ ᠪᠠᠶᠢᠴᠠᠭᠠᠵᠤ ᠬᠢᠨᠠᠨ ᠰᠢᠯᠭᠠᠬᠤ ᠶᠢ

ᠴᠢᠩᠭᠠᠳᠬᠠᠵᠤ᠂ ᠵᠢᠷᠤᠭ ᠲᠥᠰᠤᠪ ᠡᠯᠬᠦᠨ ᠠᠵᠢᠯᠯᠠᠵᠤ᠂ ᠵᠢᠷᠤᠭ ᠲᠥᠰᠤᠪ ᠶᠣᠰᠣᠭᠠᠷ ᠠᠵᠢᠯ ᠢᠶᠠᠨ ᠬᠥᠢᠴᠡᠳᠭᠡᠵᠤ᠂ ᠡᠯ᠎ᠡ ᠵᠦᠶᠯ ᠤᠨ ᠡᠭᠦᠷᠭᠡ ᠶᠢ ᠪᠦᠲᠦᠮᠵᠢᠲᠡᠶ

ᠪᠤᠳᠠᠳᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠳᠡᠢ᠃ ᠭᠤᠷᠪᠠ ᠳᠤ᠂ ᠲᠠᠪᠤᠨ ᠲᠠᠯ᠎ᠠ ᠶᠢᠨ ᠶᠡᠭᠡ ᠪᠠᠷ ᠪᠠᠶᠢᠳᠠᠯ ᠢ ᠤᠶᠢᠯᠠᠭᠠᠬᠤ ᠠᠵᠢᠯᠯᠠᠭ᠎ᠠ ᠶᠢ ᠭᠦᠨᠵᠡᠭᠡᠢ

ᠥᠷᠨᠢᠭᠦᠯᠬᠦ ᠬᠡᠷᠡᠭᠲᠡᠢ᠃ ᠡᠯ᠎ᠠ ᠲᠦᠷᠦᠯ ᠤᠨ ᠵᠥᠪᠰᠢᠶᠡᠷᠡᠭᠦᠯᠬᠦ ᠪᠠᠷ ᠪᠠᠶᠢᠭ᠎ᠠ ᠲᠦᠷᠦᠯ ᠵᠦᠢᠯ ᠢ ᠲᠣᠭᠲᠠᠭᠰᠠᠨ ᠬᠤᠭᠤᠴᠠᠭᠠᠨ ᠳᠣᠲᠣᠷ᠎ᠠ ᠴᠤᠬᠤᠯᠠᠪᠤᠷᠢᠯᠠᠨ

ᠬᠠᠷᠢᠭᠤᠯᠵᠤ᠂ ᠲᠤᠰ ᠱᠠᠲᠤᠨ ᠤ ᠠᠵᠢᠯ ᠶᠠᠪᠤᠳᠠᠯ ᠤᠨ ᠡᠷᠬᠡ ᠨᠢ ᠵᠥᠪᠰᠢᠶᠡᠷᠡᠵᠦ ᠳᠡᠶᠢᠯᠬᠦ ᠦᠭᠡᠢ ᠪᠠᠶᠢᠪᠠᠯ ᠴᠠᠭ ᠲᠤᠬᠠᠢ ᠳᠤᠨᠢ ᠳᠡᠭᠡᠭᠰᠢ ᠮᠡᠳᠡᠭᠦᠯᠵᠦ᠂ ᠢᠯᠡᠴᠢᠯᠡᠨ

ᠮᠡᠳᠡᠭᠦᠯᠬᠦ ᠤᠲᠠᠰᠤ ᠶᠢ ᠨᠡᠶᠢᠲᠡᠯᠡᠵᠦ᠂ ᠠᠵᠤ ᠠᠬᠤᠶᠢᠯᠠᠯ ᠤᠨ ᠬᠢᠨᠠᠯᠲᠠ ᠶᠢ ᠬᠦᠯᠢᠶᠡᠵᠤ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠬᠢᠨᠠᠨ ᠪᠤᠳᠤᠬᠤ ᠵᠡᠷᠭᠡ

ᠨᠢᠭᠡᠴᠢ ᠠᠴᠠ ᠮᠦᠷᠳᠡᠨ ᠬᠢᠨᠠᠯᠲᠠ ᠲᠠᠯᠪᠢᠬᠤ ᠬᠡᠷᠡᠭᠲᠡᠢ᠃ ᠵᠥᠪᠰᠢᠶᠡᠷᠡᠭᠰᠡᠨ ᠪᠠᠶᠢᠲᠠᠯ᠎ᠠ ᠬᠠᠩᠭᠠᠭᠰᠠᠨ ᠦᠭᠡᠶ᠂ ᠬᠠᠩᠭᠠᠭᠰᠠᠨ ᠪᠠᠶᠢᠲᠠᠯ᠎ᠠ ᠪᠠᠶᠢᠭᠤᠯᠤᠭᠰᠠᠨ ᠦᠭᠡᠶ ᠵᠡᠷᠭᠡ

ᠡᠯ᠎ᠡ ᠲᠥᠷᠥᠯ ᠤᠨ ᠰᠤᠯᠠ ᠪᠠᠶᠢᠭ᠎ᠠ ᠭᠠᠵᠠᠷ ᠰᠢᠷᠣᠶ ᠶᠢ ᠰᠢᠶᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠬᠤᠭᠤᠴᠠᠭ᠎ᠠ ᠨᠢ ᠲᠤᠯᠤᠭᠰᠠᠨ ᠪᠠᠶᠢᠲᠠᠯ᠎ᠠ ᠬᠡᠷᠡᠭᠯᠡᠭᠰᠡᠨ

ᠦᠭᠡᠶ ᠶᠢ ᠡᠷᠡᠰ ᠬᠤᠷᠢᠶᠠᠨ ᠠᠪᠬᠤ ᠬᠡᠷᠡᠭᠲᠡᠶ᠃ ᠣᠯᠠᠨ ᠨᠡᠶᠢᠲᠡ ᠶᠢᠨ ᠪᠡᠯᠡ ᠮᠥᠩᠭᠦ ᠳᠤ ᠬᠢᠨᠠᠨ ᠪᠣᠳᠣᠯᠲᠠ ᠶᠢᠨ ᠬᠢᠨᠠᠯᠲᠠ ᠲᠠᠯᠪᠢᠬᠤ ᠶᠢ ᠴᠢᠩᠭᠠᠳᠬᠠᠨ᠂ ᠬᠤᠷᠢᠶᠠᠨ

ᠠᠪᠴᠢᠷᠠᠬᠤ ᠶᠣᠰᠣᠲᠠᠢ ᠳᠠᠷᠤᠬᠳᠠᠮᠠᠯ ᠪᠡᠯᠡ ᠮᠥᠩᠭᠦ ᠶᠢ ᠡᠷᠡᠰ ᠬᠤᠷᠢᠶᠠᠨ ᠠᠪᠴᠤ᠂ ᠬᠤᠷᠢᠶᠠᠨ ᠠᠪᠤᠭᠰᠠᠨ ᠤ ᠳᠠᠷᠠᠭ᠎ᠠ ᠨᠢᠭᠡᠳᠦᠯᠲᠡᠢ ᠪᠠᠷ ᠲᠥᠰᠦᠪ ᠲᠤ ᠣᠷᠣᠭᠤᠯᠤᠨ᠂

ᠳᠠᠬᠢᠵᠤ ᠬᠤᠪᠢᠶᠠᠷᠢᠯᠠᠨ ᠬᠡᠷᠡᠭᠯᠡᠬᠦ ᠭᠡᠷᠡᠭᠳᠠᠢ᠃ ᠡᠯ᠎ᠡ ᠲᠥᠷᠥᠯ ᠤᠨ ︽ᠬᠠᠭᠠᠰ ᠪᠠᠷᠢᠬᠰᠠᠨ ᠪᠠᠷᠢᠯᠭ᠎ᠠ︾ ᠶᠢᠨ ᠢᠨᠵᠧᠨᠧᠷᠢᠩ ᠤᠨ ᠲᠥᠷᠥᠯ ᠢ ᠬᠤᠪᠢᠶᠠᠨ

ᠰᠢᠶᠳᠪᠦᠷᠢᠯᠡᠬᠦ ᠶᠢ ᠰᠠᠶᠢᠲᠤᠷ ᠠᠳᠬᠤᠵᠤ᠂ ᠠᠷᠠᠯᠵᠢᠶᠠᠴᠢᠨ ᠤᠷᠢᠵᠤ ᠪᠡᠯᠡ ᠮᠦᠡᠭᠭᠦ ᠣᠷᠣᠭᠤᠯᠬᠤ᠂ ᠬᠠᠮᠳᠤᠷᠠᠯᠴᠠᠵᠤ ᠨᠡᠭᠡᠭᠡᠨ ᠬᠥᠭᠵᠢᠭᠦᠯᠬᠦ᠂ ᠡᠳ᠋ ᠬᠥᠷᠥᠩᠭᠡ ᠶᠢ

ᠳᠠᠬᠢᠨ ᠨᠡᠶᠢᠳᠭᠡᠬᠦ᠂ ᠰᠢᠯᠵᠢᠭᠦᠯᠦᠨ ᠥᠭᠴᠦ ᠦᠨ᠎ᠡ ᠬᠠᠶᠠᠯᠴᠠᠭᠤᠯᠤᠨ ᠬᠤᠳᠠᠯᠳᠤᠬᠤ ᠵᠡᠷᠭᠡ ᠠᠷᠭ᠎ᠠ ᠭᠡᠯᠪᠡᠷᠢ ᠪᠠᠷ ᠳᠠᠮᠵᠢᠭᠤᠯᠤᠨ᠂ ︽ᠳᠠᠷᠤᠭᠠᠰᠤ︾ ᠶᠢ ᠡᠳ᠋

ᠪᠠᠶᠠᠯᠢᠭ ᠪᠣᠯᠭᠠᠨ ᠬᠤᠪᠢᠷᠠᠭᠤᠯᠬᠤ ᠭᠡᠷᠡᠭᠳᠠᠢ᠃ ᠬᠦᠷᠢᠶᠡᠯᠡᠩ ᠲᠣᠭᠤᠷᠢᠭ ᠢ ᠨᠡᠶᠢᠳᠭᠡᠬᠦ ᠠᠵᠢᠯ ᠢ ᠦᠷᠭᠦᠯᠵᠢᠯᠡᠨ ᠥᠷᠨᠢᠭᠦᠯᠵᠦ᠂ ᠡᠯ᠎ᠡ ᠲᠥᠷᠥᠯ ᠤᠨ ᠨᠡᠭᠡᠭᠡᠯᠳᠡ ᠶᠢᠨ

ᠣᠷᠣᠨ ᠤ ᠮᠣ᠋ ᠪᠦᠷᠢ ᠶᠢᠨ ᠳᠤᠮᠳᠠᠴᠢ ᠦᠢᠯᠡᠳᠬᠦᠨ ᠤ ᠥᠷᠳᠡᠭ ᠪᠣᠯᠤᠨ ᠭᠠᠶᠢᠯᠢ ᠲᠠᠲᠠᠪᠤᠷᠢ ᠶᠢᠨ ᠬᠢᠨᠠᠨ ᠰᠢᠯᠭᠠᠬᠤ ᠡᠷᠴᠢᠮ ᠢ ᠴᠢᠩᠭᠠᠷᠠᠭᠤᠯᠵᠤ᠂ ᠤᠳᠤ ᠪᠠᠶᠢᠭ᠎ᠠ

ᠬᠦᠷᠢᠶᠡᠯᠡᠩ ᠲᠣᠭᠤᠷᠢᠭ ᠤᠨ ᠲᠥᠷᠥᠯ ᠵᠦᠢᠯ ᠨᠢ ᠲᠤᠭ᠎ᠠ ᠬᠡᠮᠵᠢᠶ᠎ᠠ ᠠᠴᠠ ᠭᠡᠳᠤᠷᠡᠬᠦ ᠠᠴᠠ ᠡᠮᠦᠨ᠎ᠡ ᠬᠦᠷᠢᠶᠡᠯᠡᠩ ᠲᠣᠭᠤᠷᠢᠭ ᠢ ᠰᠢᠨ᠎ᠡ ᠪᠠᠷ ᠪᠠᠶᠢᠭᠤᠯᠵᠤ ᠥᠷᠭᠡᠳᠭᠡᠨ

ᠪᠠᠶᠢᠭᠤᠯᠵᠤ ᠪᠣᠯᠬᠤ ᠥᠭᠡᠢ᠃ ᠲᠦᠷᠪᠡ ᠳᠤ᠂ ᠠᠷᠪᠢᠯᠡᠨ ᠭᠠᠮᠨᠠᠬᠤ ᠶᠢ ᠡᠷᠡᠰ ᠦᠢᠯᠡᠳᠦᠯᠭᠡᠵᠢᠬᠦᠯᠵᠤ᠂ ᠪᠦᠷᠢᠯᠭᠡᠨ ᠰᠦᠢᠳᠭᠡᠬᠦ ᠶᠢ ᠡᠰᠡᠷᠭᠦᠴᠡᠬᠦ ᠬᠡᠷᠡᠭᠲᠡᠢ᠃

ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠨᠠᠵᠠᠭᠠᠶ ᠲᠠᠯ᠎ᠠ ᠶᠢᠨ ᠨᠠᠷᠢᠨ ᠲᠠᠩᠰᠠ ᠶᠢ ᠱᠠᠯᠠᠪᠳᠠᠭᠤᠯᠤᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠲᠣᠰ

ᠱᠠᠲᠤᠨ ᠠᠴᠠ ᠲᠦᠷᠦᠭᠦᠯᠡᠨ ᠠᠷᠪᠢᠴᠢ ᠭᠠᠮᠲᠠᠶ ᠠᠮᠢᠳᠤᠷᠠᠬᠤ ᠬᠡᠷᠡᠭᠲᠡᠶ᠃ ᠡᠨᠡ ᠵᠢᠯ ᠠᠴᠠ ᠡᠬᠢᠯᠡᠨ᠂ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ

ᠨᠡᠭᠡᠭᠡᠯᠲᠡ ᠬᠢᠬᠦ ᠵᠠᠭᠠᠭ ᠢ ᠴᠢᠩᠭ᠎ᠠ ᠲᠣᠭᠲᠠᠭᠠᠵᠤ᠂ ᠬᠤᠲᠠ ᠪᠠᠯᠭᠠᠰᠤᠨ ᠤ ᠨᠣᠭᠤᠭᠠᠷᠠᠭᠤᠯᠤᠯᠲᠠ ᠶᠢᠨ ᠲᠥᠰᠦᠪ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠬᠤᠲᠠ

ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠱᠠᠯᠢᠨ ᠪᠦᠷᠢᠯᠭᠡᠬᠦ ᠰᠤᠷᠲᠠᠯ ᠢ ᠡᠷᠡᠰ ᠬᠤᠪᠢᠷᠠᠭᠤᠯᠬᠤ ᠬᠡᠷᠡᠭᠲᠡᠶ᠃ ᠭᠠᠵᠠᠷ ᠰᠢᠷᠣᠶ ᠬᠡᠷᠡᠭᠯᠡᠬᠦ ᠤᠰᠤ ᠬᠡᠷᠡᠭᠯᠡᠬᠦ

ᠲᠣᠭᠲᠠᠴᠠ ᠶᠢᠨ ᠰᠢᠨ᠎ᠡ ᠶᠢ ᠡᠭᠦᠳᠴᠦ᠂ ᠢᠮᠠᠬᠤ ᠭᠠᠵᠠᠷ᠂ ᠳᠤᠰᠤᠯ ᠤᠰᠤ ᠪᠦᠷᠢ ᠶᠢ ᠠᠷᠪᠢᠯᠠᠵᠤ ᠰᠠᠶᠢᠲᠤᠷ ᠬᠡᠷᠡᠭᠯᠡᠬᠦ ᠭᠡᠷᠡᠭᠳᠠᠢ᠃ ᠲᠠᠪᠤ ᠳᠤ᠂ ᠰᠢᠨ᠎ᠡ ᠡᠨᠧᠷᠭᠢ ᠶᠢᠨ

ᠪᠦᠲᠦᠭᠡᠨ ᠪᠠᠶᠢᠭᠤᠯᠤᠯᠲᠠ ᠪᠠ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠰᠢᠨ᠎ᠡ ᠡᠨᠧᠷᠭᠢ ᠶᠢᠨ ᠪᠦᠳᠦᠭᠡᠨ

ᠪᠠᠶᠢᠭᠤᠯᠤᠯᠲᠠ ᠶᠢᠨ ᠲᠠᠯ᠎ᠠ ᠪᠠᠷ᠂ ᠬᠢᠵᠦ ᠳᠡᠶᠢᠯᠬᠦ ᠠᠵᠢᠯ ᠢᠶᠠᠨ ᠴᠢᠳᠠᠬᠤ ᠶᠢᠨ ᠬᠢᠷᠢ ᠪᠠᠷ ᠤᠷᠤᠭᠰᠢ ᠠᠬᠢᠭᠤᠯᠵᠤ᠂ ᠬᠢᠵᠦ ᠳᠡᠶᠢᠯᠬᠦ ᠲᠦᠷᠦᠯ ᠵᠦᠢᠯ ᠢ ᠱᠠᠯᠠᠪᠳᠠᠭᠤᠯᠤᠨ

ᠬᠢᠬᠦ ᠶᠢᠨ ᠬᠠᠮᠲᠤ ᠲᠣᠭᠲᠠᠯ ᠬᠦᠴᠦᠨ ᠢᠶᠠᠨ ᠪᠠᠲᠤᠯᠠᠵᠤ᠂ ︽ᠳᠤᠳᠠᠬᠰᠠᠨ ᠠᠴᠠ ᠪᠤᠯᠵᠤ ᠶᠠᠭᠤᠮ᠎ᠠ ᠪᠦᠬᠦᠨ ᠢ ᠠᠪᠴᠦ︾ ᠪᠣᠯᠬᠤ ᠦᠭᠡᠢ᠂ ︽ᠦᠪᠡᠷ ᠤᠨ ᠪᠡᠶ᠎ᠠ ᠳᠡᠭᠡᠨ

ᠠᠰᠢᠬᠳᠠᠢ ᠮᠠᠭᠠᠳᠯᠠᠯ ᠬᠢᠬᠦ ᠦᠭᠡᠢ︾ ᠪᠠᠶᠢᠵᠤ ᠪᠤᠯᠬᠤ ᠦᠭᠡᠢ᠂ ︽ᠨᠢᠳᠤᠨ ᠡᠮᠦᠨᠡᠬᠢ ᠠᠰᠢᠬ︾ ᠤᠨ ᠲᠥᠯᠥᠭᠡ ᠠᠯᠤᠰ ᠬᠡᠳᠦ ᠶᠢᠨ ᠠᠰᠢᠭ ᠲᠤᠰᠠ ᠪᠠᠨ ᠠᠯᠳᠠᠵᠤ

ᠪᠣᠯᠬᠤ ᠦᠭᠡᠢ᠃ ᠮᠠᠯ ᠠᠵᠤ ᠠᠬᠤᠶ ᠲᠠᠷᠢᠶᠠᠯᠠᠩ ᠤᠨ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠬᠤ ᠴᠢᠬᠤᠯᠠᠲᠠᠶ ᠪᠣᠯᠪᠠᠴᠤ ᠲᠤᠬᠳᠠᠬᠰᠡᠨ ᠶᠠᠪᠤᠳᠠᠯ ᠢᠶᠠᠨ ᠳᠠᠷᠤᠶᠢᠬᠠᠨ

ᠬᠢᠵᠦ᠂ ᠲᠤᠭ᠎ᠠ ᠬᠡᠮᠵᠢᠶ᠎ᠡ ᠶᠢ ᠥᠷᠭᠡᠳᠭᠡᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠤᠨᠠᠯᠲᠠ ᠶᠢ ᠨᠡᠮᠡᠭᠳᠡᠭᠦᠯᠬᠦ ᠲᠠᠯ᠎ᠠ ᠪᠠᠷ ᠲᠦᠷᠭᠡᠬᠡᠨ ᠦᠷ᠎ᠡ ᠪᠦᠲᠦᠮᠵᠢ ᠣᠯᠬᠤ

ᠬᠡᠷᠡᠭᠲᠡᠶ᠃ ᠵᠢᠷᠭᠤᠭ᠎ᠠ ᠳᠤ᠂ ᠡᠳ᠋ ᠤᠨ ᠵᠠᠰᠠᠭ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠬᠤ ᠬᠡᠷᠡᠭᠲᠡᠢ᠃ ︽ᠬᠡᠨ

ᠬᠢᠭᠰᠡᠨ ᠪᠤᠯ ᠲᠡᠷᠡ ᠬᠠᠷᠢᠭᠤᠴᠠᠯᠭ᠎ᠠ ᠡᠬᠦᠷᠭᠡᠯᠡᠬᠦ︾ ᠶᠢ ᠪᠠᠷᠢᠮᠲᠠᠯᠠᠵᠤ᠂ ︽ᠰᠢᠨ᠎ᠡ ᠨᠣᠶᠠᠨ ᠬᠠᠭᠤᠴᠢᠨ ᠲᠠᠩᠰᠠ ᠶᠢ ᠬᠠᠮᠢᠶᠠᠷᠬᠤ ᠥᠬᠡᠶ︾ ᠪᠠᠶᠢᠵᠤ ᠪᠣᠯᠬᠤ ᠥᠬᠡᠶ᠃

︽ᠡᠮᠦᠨ᠎ᠡ ᠡᠭᠦᠳᠡ ᠪᠠᠨ ᠨᠡᠭᠡᠭᠡᠬᠦ︾᠂ ︽ᠠᠷᠤ ᠡᠭᠦᠳᠡ ᠪᠠᠨ ᠲᠦᠭᠵᠢᠬᠦ︾ ᠶᠢ ᠬᠠᠮᠲᠤ ᠳᠤᠨᠢ ᠬᠢᠬᠦ ᠶᠢ ᠪᠠᠷᠢᠮᠲᠠᠯᠠᠨ᠂ ᠡᠯ᠎ᠡ ᠭᠠᠵᠠᠷ ᠤᠨ ᠬᠢᠨ ᠤ ᠥᠷᠢ ᠲᠠᠯᠪᠢᠬᠤ ᠶᠢ

ᠴᠢᠩᠭ᠎ᠠ ᠬᠢᠵᠠᠭᠠᠷᠯᠠᠬᠤ ᠬᠡᠷᠡᠭᠲᠡᠶ᠃ ᠳᠣᠯᠤᠭ᠎ᠠ ᠳᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠪᠠ ᠠᠮᠤᠷ ᠲᠦᠪᠰᠢᠨ ᠲᠣᠭᠲᠠᠭᠤᠨ ᠤ ᠠᠵᠢᠯ ᠢ ᠯᠠᠪᠳᠠᠭᠤᠨ ᠪᠠᠲᠤᠲᠠᠶ

ᠰᠠᠶᠢᠲᠤᠷ ᠬᠢᠬᠦ ᠬᠡᠷᠡᠭᠲᠡᠶ᠃ ᠠᠵᠢᠯ ᠣᠯᠭᠤᠯᠲᠠ ᠶᠢ ᠪᠠᠲᠤᠯᠠᠬᠤ ᠪᠠ ᠬᠤᠷᠢᠭ᠎ᠠ ᠱᠤᠭᠤᠮ ᠢ ᠪᠠᠲᠤᠯᠠᠬᠤ ᠬᠤᠶᠠᠷ ᠶᠡᠭᠡ ᠶᠠᠪᠤᠳᠠᠯ ᠢ ᠲᠤᠪᠤᠶᠢᠮ᠎ᠠ ᠰᠠᠶᠢᠲᠤᠷ ᠠᠳᠬᠤᠵᠤ᠂

ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠭᠡᠷᠡᠭᠳᠠᠢ᠃ ᠡᠯ᠎ᠡ ᠲᠥᠷᠥᠯ ᠤᠨ ᠠᠶᠤᠯ

ᠲᠦᠭᠰᠢᠭᠦᠷᠢ ᠶᠢᠨ ᠭᠡᠮ ᠰᠤᠭᠤᠭ ᠢ ᠵᠢᠭᠰᠠᠭᠠᠨ ᠪᠠᠶᠢᠴᠠᠭᠠᠵᠤ ᠠᠷᠢᠯᠭᠠᠬᠤ ᠡᠷᠴᠢᠮ ᠢᠶᠠᠨ ᠴᠢᠩᠭᠠᠷᠠᠭᠤᠯᠵᠤ᠂ ᠠᠶᠤᠯᠬᠦᠢ ᠦᠢᠯᠡᠳᠪᠦᠷᠢᠯᠠᠯ ᠪᠠ ᠭᠠᠮᠰᠢᠭ ᠢ ᠰᠡᠷᠭᠡᠶᠢᠯᠡᠨ

ᠭᠠᠮᠰᠢᠭ ᠢ ᠪᠠᠭᠠᠰᠬᠠᠬᠤ ᠠᠵᠢᠯ ᠢ ᠴᠢᠬᠤᠯᠠᠴᠢᠯᠠᠨ ᠰᠠᠶᠢᠲᠤᠷ ᠬᠢᠵᠦ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠬᠤ ᠬᠡᠷᠡᠭᠲᠡᠶ᠃ ᠨᠠᠢᠮᠠ ᠳᠤ᠂ ᠡᠯ᠎ᠡ

ᠲᠦᠷᠦᠯ ᠤᠨ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠠᠳᠬᠤᠬᠤ ᠬᠡᠷᠡᠭᠲᠡᠢ᠃ ᠲᠥᠪ ᠤᠨ ᠠᠮᠢ ᠠᠬᠤᠶ ᠣᠷᠴᠢᠨ

ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ᠂ ᠬᠢᠨᠠᠨ ᠪᠤᠳᠤᠯᠲᠠ ᠪᠠᠷ ᠪᠠᠶᠢᠴᠠᠭᠠᠨ ᠭᠠᠷᠭᠠᠭᠰᠠᠨ ᠠᠰᠠᠭᠤᠳᠠᠯ

ᠵᠡᠷᠭᠡ ᠡᠯ᠎ᠡ ᠲᠥᠷᠥᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠭᠦᠨᠵᠡᠭᠡᠶ ᠠᠬᠢᠭᠤᠯᠤᠨ ᠪᠣᠳᠠᠲᠠᠶᠢᠵᠢᠭᠤᠯᠵᠤ᠂ ᠠᠰᠠᠭᠤᠳᠠᠯ ᠢ ᠡᠷᠡᠰ

ᠲᠤᠶᠢᠯᠪᠤᠷᠢᠲᠠᠶ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ᠶᠢᠰᠦ ᠳᠤ᠂ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ

ᠬᠡᠷᠡᠭᠲᠡᠢ᠃ ᠱᠠᠩᠨᠠᠵᠤ ᠲᠣᠷᠭᠠᠬᠤ ᠳᠤ ᠲᠤᠭ ᠲᠡᠮᠳᠡᠭ ᠲᠣᠳᠣᠷᠬᠠᠢ ᠪᠠᠶᠢᠵᠤ᠂ ᠠᠯᠳᠠᠭ᠎ᠠ ᠪᠤᠷᠤᠭᠤ ᠶᠢ ᠠᠭᠤᠴᠢᠯᠠᠬᠤ ᠳᠤ ᠦᠨᠡᠨ ᠪᠣᠳᠠᠲᠠᠢ ᠪᠠᠶᠢᠵᠤ᠂ ᠬᠡᠯᠪᠡᠷᠢᠴᠢ

ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠵᠦ᠂ ᠥᠷᠭᠡᠨ ᠤᠯᠠᠨ ᠺᠠᠳ᠋ᠷ ᠢ ᠬᠦᠳᠦᠯᠥᠨ ᠳᠠᠭᠠᠭᠤᠯᠵᠤ ᠪᠠᠶᠢᠭᠠᠳ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂

ᠵᠣᠷᠢᠭᠲᠠᠢ ᠪᠠᠷ ᠵᠢᠳᠬᠦᠯ ᠴᠢᠷᠮᠠᠶᠢᠯᠭ᠎ᠠ ᠭᠠᠷᠭᠠᠵᠤ᠂ ᠥᠪᠥᠷ ᠮᠣᠩᠭᠤᠯ ᠤᠨ ᠺᠠᠳ᠋ᠷ ᠤᠨ ᠡᠩᠨᠡᠭᠡᠨ ᠤ ᠰᠠᠶᠢᠨ ᠲᠦᠷᠢ ᠲᠥᠷᠬᠦ ᠶᠢ ᠱᠤᠭᠤᠬᠤ ᠬᠡᠷᠡᠭᠲᠡᠢ᠃

      ᠰᠦᠨ ᠱᠤᠤ ᠴᠧᠩ᠂ ᠠᠵᠤ ᠠᠬᠤᠢ ᠶᠢᠨ ᠠᠵᠢᠯ ᠪᠣᠯ ᠨᠠᠮ ᠤᠨ ᠭᠤᠣᠯ ᠠᠵᠢᠯ ᠮᠥᠨ᠂ ᠡᠯ᠎ᠡ ᠱᠠᠲᠤᠨ ᠤ ᠨᠠᠮ ᠤᠨ ᠬᠤᠷᠢᠶᠠᠨ ᠤ ᠱᠦᠵᠢ ᠠᠵᠤ ᠠᠬᠤᠢ ᠶᠢ

ᠠᠳᠬᠤᠬᠤ ᠳᠤ ᠵᠠᠶᠢᠯᠠᠭᠤᠯᠵᠤ ᠪᠣᠯᠤᠰᠢ ᠦᠭᠡᠢ ᠬᠠᠷᠢᠭᠤᠴᠠᠯᠭ᠎ᠠ ᠲᠠᠢ᠂ ᠡᠷᠬᠡᠪᠰᠢ ᠪᠡᠶ᠎ᠡ ᠪᠠᠷ ᠢᠶᠠᠨ ᠠᠳᠬᠤᠵᠤ᠂ ᠪᠦᠬᠦ ᠬᠦᠴᠦᠨ ᠢᠶᠠᠷ ᠢᠶᠠᠨ ᠠᠳᠬᠤᠵᠤ᠂ ᠠᠵᠤ

ᠠᠬᠤᠢ ᠶᠢᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ︽ᠭᠠᠷ ᠰᠠᠵᠢᠬᠴᠢ︾ ᠪᠤᠯᠵᠥ ᠪᠣᠯᠬᠤ ᠦᠭᠡᠢ᠃ ᠬᠦᠴᠢᠷᠳᠡᠯ ᠪᠠ

ᠠᠰᠠᠭᠤᠳᠠᠯ ᠢ ᠴᠠᠭ ᠲᠤᠬᠠᠶ ᠳᠤᠨᠢ ᠳᠡᠭᠡᠳᠦ ᠱᠠᠲᠤᠨ ᠳᠤ ᠲᠤᠰᠬᠠᠵᠤ᠂ ᠳᠡᠭᠡᠳᠦ ᠳᠤᠤᠷᠠᠳᠤ ᠱᠠᠲᠤ ᠬᠤᠯᠪᠣᠭᠠᠯᠠᠨ ᠬᠥᠳᠡᠯᠦᠯᠴᠡᠵᠦ ᠪᠠᠶᠢᠭᠠᠳ ᠠᠷᠭ᠎ᠠ ᠪᠤᠳᠤᠵᠤ

ᠠᠰᠠᠭᠤᠳᠠᠯ ᠢ ᠰᠠᠶᠢᠲᠤᠷ ᠰᠢᠶᠳᠪᠦᠷᠢᠯᠡᠬᠦ ᠬᠡᠷᠡᠭᠲᠡᠶ ᠭᠡᠵᠦ ᠬᠡᠯᠡᠪᠡ᠃

      ᠸᠠᠩ ᠯᠢ ᠰᠢᠶᠠ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠨᠠᠮ ᠤᠨ ᠲᠥᠪ ᠬᠤᠷᠢᠶᠠᠨ ᠤ ︽ᠬᠢᠵᠢᠭ ᠤᠨ ᠪᠠᠶᠢᠳᠠᠯ ᠢ

ᠰᠡᠷᠭᠡᠶᠢᠯᠡᠬᠦ᠂ ᠠᠵᠤ ᠠᠬᠤᠶ ᠶᠢ ᠲᠣᠭᠲᠠᠭᠤᠨ ᠪᠠᠶᠢᠯᠭᠠᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠴᠢᠬᠤᠯᠠ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠤᠨ

ᠨᠠᠶᠢᠳᠠᠪᠤᠷᠢᠵᠢᠭᠤᠯᠵᠤ᠂ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠵᠤ᠂ ᠲᠣᠭᠲᠠᠭᠤᠨ ᠤ ᠳᠤᠮᠳᠠ ᠤᠷᠤᠭᠰᠢᠯᠠᠨ ᠳᠡᠪᠰᠢᠵᠦ᠂ ᠱᠠᠯᠠᠪᠳᠠᠨ ᠠᠳᠬᠤᠵᠤ

ᠲᠦᠷᠭᠡᠨ ᠰᠢᠶᠳᠪᠦᠷᠢᠯᠡᠵᠦ᠂ ᠰᠢᠷᠭᠠᠭᠤ ᠠᠵᠢᠯᠯᠠᠵᠤ ᠪᠣᠳᠠᠲᠠᠶ ᠠᠵᠢᠯᠯᠠᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ

ᠬᠤᠷᠠᠯᠳᠤᠬᠤ ᠶᠢ ᠤᠭᠲᠤᠬᠤ ᠬᠡᠷᠡᠭᠲᠡᠶ ᠭᠡᠵᠦ ᠬᠡᠯᠡᠪᠡ᠃

      ᠸᠠᠩ ᠯᠢ ᠰᠢᠶᠠ᠂ ᠬᠢᠵᠢᠭ ᠤᠨ ᠪᠠᠶᠢᠳᠠᠯ ᠢ ᠰᠡᠷᠭᠡᠶᠢᠯᠡᠬᠦ ᠳᠤ᠂ ᠡᠷᠬᠡᠪᠰᠢ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂

ᠳᠣᠲᠣᠭᠠᠳᠤ ᠳᠠᠭᠠᠨ ᠲᠠᠬᠢᠨ ᠡᠭᠦᠰᠬᠦ ᠶᠢ ᠰᠡᠷᠭᠡᠶᠢᠯᠡᠬᠦ︾ ᠶᠡᠷᠦᠩᠬᠡᠢ ᠠᠷᠭ᠎ᠠ ᠪᠤᠳᠤᠯᠭ᠎ᠠ ᠪᠣᠯᠤᠨ ︽ᠡᠪᠡᠳᠴᠢᠨ ᠤ ᠵᠢᠱᠢᠶ᠎ᠠ ᠶᠢ ᠳᠠᠷᠤᠢ ᠲᠦᠷᠭᠡᠨ ᠦᠭᠡᠢ ᠪᠤᠯᠭᠠᠬᠤ︾

ᠶᠡᠷᠦᠩᠬᠡᠢ ᠴᠢᠭᠯᠡᠯᠲᠡ ᠶᠢ ᠪᠠᠷᠢᠮᠲᠠᠯᠠᠵᠤ᠂ ᠪᠠᠴᠢᠮ ᠪᠠᠶᠢᠳᠠᠯ ᠢ ᠠᠷᠭᠠᠴᠠᠭᠠᠬᠤ ᠪᠠᠶᠢᠳᠠᠯ ᠪᠣᠯᠤᠨ ᠪᠠᠶᠢᠩᠭᠤᠵᠢᠬᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ

ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠬᠢᠯᠢ ᠶᠢᠨ ᠪᠣᠭᠤᠮᠲᠠ ᠶᠢᠨ ᠰᠠᠭᠠᠳ ᠦᠭᠡᠢ ᠨᠡᠪᠲᠡᠷᠡᠬᠦ ᠶᠢ ᠰᠠᠶᠢᠲᠤᠷ

ᠨᠢᠭᠡᠳᠦᠯᠲᠡᠢ ᠲᠥᠯᠥᠪᠵᠢᠭᠦᠯᠵᠦ᠂ ᠬᠢᠵᠢᠭ ᠤᠨ ᠪᠠᠶᠢᠳᠠᠯ ᠲᠠᠬᠢᠨ ᠳᠡᠯᠭᠡᠷᠡᠬᠦ ᠶᠢ ᠰᠡᠷᠭᠡᠶᠢᠯᠡᠬᠦ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠠᠵᠤ ᠠᠬᠤᠢ ᠶᠢ

ᠲᠣᠭᠲᠠᠪᠤᠷᠢᠵᠢᠭᠤᠯᠬᠤ ᠳᠤ᠂ ᠲᠦᠷᠦ ᠶᠢᠨ ᠪᠤᠳᠤᠯᠭ᠎ᠠ ᠳᠡᠭᠡᠷ᠎ᠡ ᠡᠷᠬᠡᠪᠰᠢ ᠦᠷ᠎ᠡ ᠪᠦᠲᠦᠮᠵᠢ ᠶᠢ ᠭᠦᠢᠴᠡᠳ ᠢᠯᠡᠷᠡᠭᠦᠯᠵᠦ᠂ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ

ᠬᠦᠴᠦᠨ᠂ ᠠᠵᠤ ᠠᠬᠤᠶᠢᠯᠠᠯ ᠤᠨ ᠡᠳ᠋ᠯᠡᠬᠦ ᠨᠤᠷᠮ᠎ᠠ ᠪᠣᠯᠤᠨ ᠠᠰᠢᠭ ᠬᠦᠷᠳᠡᠬᠦ ᠳᠥᠭᠦᠮ ᠳᠥᠲᠡ ᠶᠢᠨ ᠬᠡᠮᠵᠢᠶ᠎ᠡ ᠶᠢ ᠴᠢᠩᠭ᠎ᠠ ᠠᠩᠬᠠᠷᠴᠤ᠂ ᠠᠰᠠᠭᠤᠳᠠᠯ ᠳᠤ

ᠴᠢᠭᠯᠡᠭᠦᠯᠦᠨ ᠠᠰᠠᠭᠤᠳᠠᠯ ᠢ ᠰᠢᠢᠳᠪᠦᠷᠢᠯᠡᠵᠦ᠂ ᠰᠠᠶᠢᠨ ᠲᠦᠷᠦ ᠶᠢᠨ ᠪᠤᠳᠤᠯᠭ᠎ᠠ ᠪᠠᠷ ᠰᠠᠶᠢᠨ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠲᠥᠷᠥᠯ ᠵᠦᠶᠯ ᠢ ᠡᠷᠬᠡᠪᠰᠢ

ᠭᠦᠶᠴᠡᠳ ᠲᠤᠯᠭᠠᠭᠤᠷᠢᠯᠠᠭᠤᠯᠵᠤ᠂ ᠲᠤᠰᠬᠠᠶ ᠪᠠᠭ ᠢᠶᠠᠷ ᠲᠤᠰᠬᠠᠶ ᠲᠥᠯᠥᠪᠵᠢᠭᠦᠯᠵᠦ᠂ ᠡᠮᠦᠨᠡᠬᠢ ᠬᠤᠭᠤᠴᠠᠭᠠᠨ ᠤ ᠠᠵᠢᠯ ᠢ ᠭᠦᠶᠴᠡᠳ ᠪᠣᠳᠠᠲᠠᠶ ᠬᠢᠵᠦ᠂ ︽ᠨᠢᠭᠡ

ᠪᠦᠯᠦᠭ ᠨᠦᠭᠡᠴᠡᠯᠡᠪᠡᠯ᠂ ᠨᠢᠭᠡ ᠪᠦᠯᠦᠭ ᠢ ᠠᠵᠢᠯ ᠡᠬᠢᠯᠡᠭᠦᠯᠵᠦ᠂ ᠨᠢᠭᠡ ᠪᠦᠯᠦᠭ ᠢ ᠪᠥᠲᠥᠭᠡᠨ ᠪᠠᠶᠢᠭᠤᠯᠬᠤ᠂ ᠨᠢᠭᠡ ᠪᠦᠯᠦᠭ ᠢ ᠠᠰᠢᠭᠯᠠᠯᠲᠠ ᠳᠤ ᠣᠷᠣᠭᠤᠯᠬᠤ︾

ᠱᠠᠲᠤᠯᠢᠭ ᠭᠡᠯᠪᠡᠷᠢ ᠪᠠᠷ ᠠᠬᠢᠭᠤᠯᠬᠤ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠶ᠃ ᠠᠵᠤ ᠦᠢᠯᠡᠰ ᠢ ᠬᠥᠭᠵᠢᠬᠦᠯᠬᠦ ᠳᠡᠭᠡᠨ ᠡᠷᠬᠡᠪᠰᠢ ᠪᠦᠬᠦ ᠲᠠᠯ᠎ᠠ ᠪᠠᠷ ᠬᠦᠴᠦᠯᠡᠵᠦ᠂

ᠳᠡᠭᠡᠳᠦ ᠲᠡᠰᠵᠢᠭᠦᠯᠬᠦ᠂ ᠪᠣᠬᠢᠷᠲᠤᠯ ᠦᠭᠡᠢ᠂ ᠤᠶᠤᠨᠴᠢᠯᠠᠬᠰᠠᠨ ᠴᠢᠭᠯᠡᠯ ᠢ ᠲᠣᠭᠲᠠᠭᠠᠵᠤ᠂ ᠭᠤᠣᠯᠳᠠᠯᠭ᠎ᠠ ᠲᠠᠢ ᠠᠵᠤ ᠦᠢᠯᠡᠰ ᠤᠨ ᠪᠦᠯᠦᠭᠵᠢᠯ ᠪᠣᠯᠤᠨ ᠠᠵᠤ

ᠦᠢᠯᠡᠰ ᠤᠨ ᠬᠡᠯᠬᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠬᠦᠴᠦᠷᠬᠡᠭᠵᠢᠭᠦᠯᠬᠦ ᠠᠵᠢᠯ ᠢ

ᠯᠠᠪᠳᠠᠭᠤᠨ ᠪᠣᠳᠠᠲᠠᠢ ᠰᠠᠶᠢᠲᠤᠷ ᠬᠢᠵᠦ᠂ ᠤᠳᠠᠭᠠᠨ ᠳᠠᠭᠠᠭᠠᠮᠠᠭᠠᠢ ᠵᠢᠳᠬᠦᠨ ᠴᠢᠷᠮᠠᠶᠢᠵᠤ ᠪᠠᠶᠢᠭᠠᠳ ᠪᠦᠲᠦᠴᠡ ᠶᠢ ᠲᠤᠬᠢᠷᠠᠭᠤᠯᠵᠤ᠂ ᠬᠥᠳᠡᠯᠭᠡᠬᠦ ᠡᠨᠧᠷᠭᠢ ᠶᠢ

ᠬᠤᠪᠢᠷᠠᠭᠤᠯᠵᠤ᠂ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠠᠵᠤ ᠠᠬᠤᠶᠢᠯᠠᠯ ᠢ ᠡᠷᠬᠡᠪᠰᠢ ᠪᠦᠬᠦ ᠬᠦᠴᠦ ᠪᠠᠷ ᠢᠶᠠᠨ ᠪᠠᠲᠤᠯᠠᠵᠤ᠂ ᠤᠯᠤᠰ ᠤᠨ ᠥᠮᠴᠢᠯᠡᠯ ᠤᠨ

ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠦᠷ᠎ᠡ ᠪᠦᠲᠦᠮᠵᠢ ᠶᠢ ᠪᠣᠳᠠᠲᠠᠶᠢᠵᠢᠭᠤᠯᠵᠤ᠂ ᠭᠦᠨᠵᠡᠭᠡᠶᠢᠷᠡᠭᠦᠯᠵᠦ᠂ ᠠᠵᠤ

ᠠᠬᠤᠶᠢᠯᠠᠯ ᠢ ᠲᠤᠰᠠᠯᠠᠬᠤ᠂ ᠳᠠᠷᠤᠭᠠᠰᠤ ᠶᠢ ᠬᠥᠩᠭᠡᠷᠡᠭᠦᠯᠬᠦ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ ᠠᠬᠢᠭᠤᠯᠬᠤ ᠶᠢ ᠵᠡᠷᠭᠡ ᠪᠠᠷ

ᠴᠢᠬᠤᠯᠠᠴᠢᠯᠠᠬᠤ ᠶᠢ ᠪᠠᠷᠢᠮᠲᠠᠯᠠᠵᠤ᠂ ᠨᠡᠩ ᠤᠯᠠᠨ ᠠᠵᠤ ᠠᠬᠤᠶᠢᠯᠠᠯ ᠢ ᠬᠠᠪᠰᠤᠷᠤᠨ ᠲᠡᠳᠬᠦᠵᠦ᠂ ᠰᠠᠶᠢᠨ ᠪᠣᠯᠭᠠᠬᠤ ᠬᠡᠷᠡᠭᠲᠡᠢ᠃ ᠣᠷᠣᠨ ᠪᠦᠰᠡ ᠶᠢ ᠡᠷᠬᠡᠪᠰᠢ

ᠲᠡᠩᠴᠡᠭᠦᠷᠢᠲᠡᠶ ᠬᠥᠭᠵᠢᠭᠦᠯᠵᠦ᠂ ᠡᠯ᠎ᠡ ᠠᠶᠢᠮᠠᠭ ᠬᠤᠲᠠ ᠨᠤᠭᠤᠳ ᠴᠥᠮ ᠰᠤᠷᠬᠤ ᠭᠦᠶᠴᠡᠬᠦ ᠳᠠᠪᠠᠭ᠋ᠤ᠂ ᠲᠡᠷᠢᠭᠦᠯᠡᠬᠦ ᠪᠠᠷ ᠴᠢᠷᠮᠠᠶᠢᠬᠤ᠂ ᠲᠦᠷᠭᠡᠨ ᠬᠤᠷᠳᠤᠴᠠ ᠲᠠᠢ ᠶᠢ

 ᠨᠢ ᠪᠠᠲᠤᠯᠠᠬᠤ᠂ ᠤᠳᠠᠭᠠᠨ ᠪᠠᠶᠢᠭ᠎ᠠ ᠶᠢ ᠨᠢ ᠲᠦᠷᠭᠡᠯᠡᠬᠦᠯᠵᠤ᠂ ᠪᠦᠬᠦ ᠵᠢᠯ ᠤᠨ ᠬᠠᠷᠠᠯᠲᠠ ᠡᠭᠦᠷᠭᠡ ᠶᠢ ᠴᠢᠷᠮᠠᠶᠢᠨ ᠰᠠᠶᠢᠲᠤᠷ ᠪᠡᠶᠡᠯᠡᠭᠦᠯᠬᠦ ᠬᠡᠷᠡᠭᠲᠡᠶ᠃ ᠬᠦᠭᠵᠢᠯᠳᠠ ᠨᠢ

ᠠᠮᠤᠷ ᠲᠦᠪᠰᠢᠨ ᠪᠠᠶᠢᠵᠤ᠂ ᠡᠷᠬᠡᠪᠰᠢ ᠴᠤᠭ ᠵᠤᠯᠢ ᠪᠠᠳᠠᠷᠠᠩᠭᠤᠢ ᠪᠠᠷ ᠡᠯ᠎ᠡ ᠬᠦᠷᠢᠶᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠡᠷᠡᠭᠲᠡᠢ᠂ ᠢᠯᠠᠩᠭᠤᠶ᠎ᠠ

ᠠᠭᠤᠷᠬᠠᠢ ᠬᠢᠮᠢ ᠶᠢᠨ ᠠᠵᠤ ᠦᠢᠯᠡᠳᠪᠦᠷᠢ ᠪᠠ ᠬᠤᠳᠠ ᠶᠢᠨ ᠰᠢᠲᠠᠮᠠᠬᠠᠢ ᠬᠡᠢ ᠶᠢᠨ ᠬᠤᠭᠤᠯᠠᠢ᠂ ᠡᠵᠡᠩᠨᠡᠯᠲᠡ ᠶᠢᠨ ᠴᠢᠨᠠᠷᠲᠠᠢ ᠥᠪᠡᠰᠦᠪᠡᠨ ᠪᠠᠷᠢᠬᠰᠠᠨ ᠣᠷᠣᠨ

ᠰᠠᠭᠤᠴᠠ ᠵᠡᠷᠭᠡ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠨᠠᠷᠢᠨ ᠨᠢᠭᠲᠠ ᠵᠢᠭᠰᠠᠭᠠᠨ ᠪᠠᠶᠢᠴᠠᠭᠠᠵᠤ᠂ ᠲᠦᠷᠭᠡᠨ ᠮᠦᠷᠳᠡᠭᠡᠨ ᠦᠨᠳᠦᠰᠦᠨ ᠠᠴᠠ ᠨᠢ

ᠰᠢᠢᠳᠪᠦᠷᠢᠯᠡᠵᠦ᠂ ᠲᠥᠪᠯᠡᠷᠡᠭᠦᠯᠦᠨ ᠴᠡᠭᠴᠡᠯᠡᠨ ᠵᠠᠰᠠᠵᠤ᠂ ᠬᠦᠨᠳᠦ ᠣᠨᠴᠠ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠵᠦ᠂ ᠨᠡᠶᠢᠭᠡᠮ ᠤᠨ ᠡᠶ᠎ᠡ

ᠵᠣᠬᠢᠴᠠᠩᠭᠤᠢ ᠲᠣᠭᠲᠠᠭᠤᠨ ᠢ ᠪᠠᠲᠤᠯᠠᠬᠤ ᠬᠡᠷᠡᠭᠲᠡᠢ ᠭᠡᠵᠦ ᠬᠡᠯᠡᠪᠡ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ