7 ᠳ᠋ᠤᠭᠠᠷ ᠰᠠᠷ᠎ᠠ ᠶᠢᠨ 13 ᠤ ᠡᠳᠦᠷ ᠤᠨ 0 ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ | ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 1 ︵ᠪᠠᠶᠠᠨᠨᠠᠭᠤᠷ ᠬᠤᠲᠠ ᠳᠤ︶ ᠨᠡᠮᠡᠭᠳᠡᠪᠡ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ 1 | ᠡᠪᠡᠳᠴᠢᠨ ᠤ ᠵᠢᠱᠢᠶ᠎ᠡ ︵ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ | ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠨ︶ ᠢᠯᠠᠷᠢᠰᠢᠵᠤ ᠡᠮᠨᠡᠯᠭᠡ ᠠᠴᠠ ᠭᠠᠷᠪᠠ᠃ | 7 ᠳ᠋ᠤᠭᠠᠷ ᠰᠠᠷ᠎ᠠ ᠶᠢᠨ 13 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠳᠣ ᠲᠤᠬᠠᠢ ᠶᠢᠨ ᠭᠠᠵᠠᠷ ᠤᠨ | ᠲᠣᠳᠣᠯᠠᠭᠰᠠᠨ ᠡᠪᠡᠳᠴᠢᠨ ᠤ ᠵᠢᠱᠢᠶ᠎ᠡ 30 ︵ᠴᠥᠮ ᠪᠠᠶᠠᠨᠨᠠᠭᠤᠷ ᠬᠤᠲᠠ ᠳᠤ︶ ᠪᠣᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ | ᠬᠠᠯᠳᠠᠪᠤᠷᠢᠯᠠᠭᠳᠠᠭᠴᠢ 2 ︵ᠴᠥᠮ ᠪᠠᠶᠠᠨᠨᠠᠭᠤᠷ ᠬᠤᠲᠠ ᠳᠤ︶ ᠪᠣᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 17 | ︵ᠴᠥᠮ ᠬᠥᠬᠡᠬᠤᠲᠠ ᠳᠤ︶ ᠪᠣᠢ᠃ ᠪᠥᠬᠦᠨ ᠢ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ | ᠲᠣᠭᠲᠠᠭᠰᠠᠨ ᠲᠠᠯᠠᠪᠤᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃ |