ᠮᠠᠨ ᠤ ᠣᠷᠣᠨ ᠤ 7 ᠳ᠋ᠤᠭᠠᠷ ᠰᠠᠷ᠎ᠠ ᠶᠢᠨ 14 ᠤ ᠡᠳᠦᠷ ᠤᠨ 24 ᠴᠠᠭ ᠪᠣᠯᠲᠠᠯᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/7/15

      7 ᠳ᠋ᠤᠭᠠᠷ ᠰᠠᠷ᠎ᠠ ᠶᠢᠨ 14 ᠤ ᠡᠳᠦᠷ ᠤᠨ 0 ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 1 ︵ᠪᠠᠶᠠᠨᠨᠠᠭᠤᠷ ᠬᠤᠲᠠ ᠳᠤ︶᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 3 ︵ᠴᠥᠮ ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠨ︶᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 4 ︵ᠴᠥᠮ ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠨ︶ ᠨᠡᠮᠡᠭᠳᠡᠪᠡ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ 2 ᠡᠪᠡᠳᠴᠢᠨ ᠤ ᠵᠢᠱᠢᠶ᠎ᠡ ︵ᠴᠥᠮ ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠨ︶ ᠢᠯᠠᠷᠢᠰᠢᠵᠤ ᠡᠮᠨᠡᠯᠭᠡ ᠠᠴᠠ ᠭᠠᠷᠪᠠ᠃

      7 ᠳ᠋ᠤᠭᠠᠷ ᠰᠠᠷ᠎ᠠ ᠶᠢᠨ 14 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠳᠣ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 31 ︵ᠴᠥᠮ ᠪᠠᠶᠠᠨᠨᠠᠭᠤᠷ ᠬᠤᠲᠠ ᠳᠤ︶᠂ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 2 ︵ᠴᠥᠮ ᠪᠠᠶᠠᠨᠨᠠᠭᠤᠷ ᠬᠤᠲᠠ ᠳᠤ︶᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 18 ︵ᠴᠥᠮ ᠬᠥᠬᠡᠬᠤᠲᠠ ᠳᠤ︶᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 4 ︵ᠴᠥᠮ ᠬᠥᠬᠡᠬᠤᠲᠠ ᠳᠤ︶ ᠪᠣᠢ᠃ ᠪᠥᠬᠦᠨ ᠢ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠲᠠᠯᠠᠪᠤᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ